Та "Internet explorer"-ийн сүүлийн хувилбар болох "Microsoft edge"-г ашиглана уу

Хэрэв "Microsoft edge"-г татах бол энд дарж татаж авна уу

ᠭᠤᠷᠪᠠᠳᠤᠭᠠᠷ ᠴᠠᠷᠯᠢᠽ ᠬᠠᠭᠠᠨ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠶᠡᠬᠡ ᠪᠷᠢᠲ᠋ᠠᠨᠢ᠂ ᠤᠮᠠᠷᠠᠳᠤ ᠢᠷᠸᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠤᠨ ᠬᠠᠭᠠᠨ᠂ ᠬᠠᠮᠲᠤ ᠢᠢᠨ ᠨᠥᠬᠥᠷᠯᠡᠯ ᠦᠨ ᠲᠡᠷᠢᠭᠦᠨ ᠴᠣᠭ ᠵᠢᠪᠬᠤᠯᠠᠩᠲᠤ ᠭᠤᠷᠪᠠᠳᠤᠭᠠᠷ ᠴᠠᠷᠯᠢᠽ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳᠥ ᠄ 《ᠲᠠᠨ ᠳᠤ ᠪᠣᠯᠤᠨ ᠲᠠᠨ ᠤ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠤᠨ ᠣᠨᠴᠠᠭᠠᠢ ᠡᠳᠦᠷ ᠦᠨ ᠪᠠᠶᠠᠷ ᠤᠨ ᠮᠡᠨᠳᠦ ᠢᠢ ᠭᠡᠷᠭᠡᠢ ᠪᠢᠳᠡ ᠬᠣᠶᠠᠷ ᠬᠦᠷᠭᠡᠵᠦ ᠪᠠᠢᠢᠭ᠎ᠠ ᠳᠠᠭᠠᠨ ᠪᠠᠶᠠᠷᠲᠠᠢ ᠪᠠᠢᠢᠨ᠎ᠠ᠃ ᠮᠠᠨ ᠤ ᠬᠣᠶᠠᠷ ᠤᠯᠤᠰ ᠡ᠊ᠩᠬᠡ ᠲᠠᠢᠢᠪᠤᠩ᠂ ᠬᠥᠭ᠍ᠵᠢᠯ ᠴᠡᠴᠡᠭᠯᠡᠯᠲᠡ᠂ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠵᠡᠷᠭᠡ ᠳᠡᠯᠡᠬᠡᠢ ᠢᠢᠨ ᠳᠠᠬᠢᠨ ᠳᠤ ᠲᠤᠯᠭᠠᠮᠳᠠᠵᠤ ᠪᠤᠢ ᠠᠰᠠᠭᠤᠳᠠᠯ ᠢᠶᠠᠷ ᠴᠢᠨᠠᠭᠰᠢᠳᠠ ᠦᠷᠭᠦᠯᠵᠢᠯᠡᠭᠦᠯᠦᠨ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃ ᠲᠠᠨ ᠳᠤ ᠡᠷᠡᠭᠦᠯ ᠡ᠊ᠩᠬᠡ᠂ ᠮᠣᠩ᠋ᠭᠣᠯ ᠤᠨ ᠠᠷᠠᠳ ᠲᠦᠮᠡᠨ ᠳᠥ ᠠᠵᠠ ᠵᠢᠷᠭᠠᠯ᠂ ᠬᠥᠭ᠍ᠵᠢᠯ ᠴᠡᠴᠡᠭᠯᠡᠯᠲᠡ ᠢᠢ ᠬᠦᠰᠡᠨ ᠢᠷᠦᠭᠡᠶ᠎ᠡ》 ᠭᠡᠵᠡᠢ᠃