Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩ᠋ᠭᠣᠰ ᠠᠷᠠᠳ ᠤᠯᠤᠰ ᠤᠨ ᠲᠥᠷᠥ ᠢᠢᠨ ᠵᠥᠪᠯᠡᠯ ᠦᠨ ᠳᠠᠷᠤᠭ᠎ᠠ ᠻᠢᠮ ᠵᠥᠨ ᠥᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩ᠋ᠭᠣᠰ ᠠᠷᠠᠳ ᠤᠯᠤᠰ ᠤᠨ ᠲᠥᠷᠥ ᠢᠢᠨ ᠵᠥᠪᠯᠡᠯ ᠦᠨ ᠳᠠᠷᠤᠭ᠎ᠠ ᠻᠢᠮ ᠵᠥᠨ ᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠮᠡᠨᠳᠦᠴᠢᠯᠡᠭᠡ ᠢᠷᠡᠭᠦᠯᠦᠯ᠎ᠡ᠃

ᠮᠡᠨᠳᠦᠴᠢᠯᠡᠭᠡᠨ ᠳᠥ᠄ 《ᠠᠷᠠᠳ ᠤᠨ ᠬᠤᠪᠢᠰᠬᠠᠯ ᠤᠨ 103 ᠵᠢᠯ ᠦᠨ ᠣᠢ ᠢᠢ ᠲᠣᠬᠢᠶᠠᠯᠳᠤᠭᠤᠯᠤᠨ ᠲᠠᠨ ᠳᠤ ᠪᠣᠯᠤᠨ ᠲᠠᠨ ᠤ ᠤᠯᠤᠰ ᠤᠨ ᠠᠷᠠᠳ ᠲᠦᠮᠡᠨ ᠳᠥ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃ ᠮᠠᠨ ᠤ ᠬᠣᠶᠠᠷ ᠤᠯᠤᠰ ᠬᠣᠭᠣᠷᠣᠨᠳᠣ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠢᠳᠡᠨ ᠦ ᠨᠡᠢᠢᠲᠡ ᠢᠢᠨ ᠡᠷᠬᠡ ᠠᠰᠢᠭ ᠲᠤ ᠨᠡᠢᠢᠴᠡᠵᠦ᠂ ᠪᠡᠬᠢᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ》 ᠭᠡᠵᠡᠢ᠃