ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠵᠤ᠂ ᠲᠤᠯᠭᠤᠷ ᠲᠥᠷᠥ ᠢᠢᠨ 2233 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠭᠰᠠᠨ ᠤ 818 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 113 ᠵᠢᠯ᠂ ᠠᠷᠠᠳ ᠤᠨ ᠬᠤᠪᠢᠰᠬᠠᠯ ᠤᠨ 103 ᠵᠢᠯ ᠦᠨ ᠣᠢ᠂ ᠤᠯᠤᠰ ᠤᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠢᠢᠨ ᠪᠠᠷᠢᠯᠳᠤᠭᠠᠨ ᠳᠤ ᠶᠢᠰᠦ ᠳᠠᠪᠠᠵᠤ ᠲᠦᠷᠦᠭᠦᠯᠡᠭᠰᠡᠨ ᠤᠪᠰ ᠠᠢᠢᠮᠠᠭ ᠤᠨ ᠬᠣᠪᠳᠣ ᠰᠤᠮᠤ ᠢᠢᠨ ᠬᠠᠷᠢᠶᠠᠲᠤ᠂ 《ᠰᠦᠯᠳᠡ》 ᠰᠫᠣᠷᠲ ᠬᠣᠷᠢᠶ᠎ᠠ᠂ 《ᠤᠪᠰ ᠨᠠᠭᠤᠷ》 ᠳᠡᠪᠵᠢᠶᠡᠨ ᠦ ᠪᠥᠬᠡ ᠨᠠᠮᠰᠠᠷᠠᠢᠢᠵᠠᠪ ᠤᠨ ᠪᠠᠲᠤᠰᠠᠭᠤᠷᠢ ᠳᠤ 《ᠤᠯᠤᠰ ᠤᠨ ᠳᠠᠷᠬᠠᠨ ᠠᠪᠤᠷᠭᠤ》 ᠴᠣᠯᠠ ᠣᠯᠭᠤᠯ᠎ᠠ᠃
ᠶᠡᠷᠦᠩᠬᠡᠢᠢᠯᠡᠭᠴᠢ ᠢᠢᠨ ᠵᠠᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠦᠪᠯᠡᠬᠦ ᠥ᠊᠂ ᠵᠣᠯᠪᠠᠶᠠᠷ ᠤᠩᠰᠢᠵᠤ ᠰᠣᠨᠣᠷᠳᠠᠭᠤᠯᠤᠨ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠳᠠᠷᠬᠠᠨ ᠠᠪᠤᠷᠭᠤ ᠴᠣᠯᠠ ᠢᠢᠨ ᠪᠠᠲᠤᠯᠠᠮᠵᠢ᠂ ᠱᠠᠩᠨᠠᠯ ᠭᠠᠷᠳᠠᠭᠤᠯᠵᠤ᠂ ᠡ᠊ᠩ᠋ᠭᠡᠷ ᠦᠨ ᠲᠡᠮᠳᠡᠭ ᠢ ᠨᠢ ᠵᠡᠭᠦᠵᠦ ᠥᠭ᠍ᠭᠥᠯ ᠡ᠃

ᠮᠥᠨ ᠨᠠᠢᠮᠠ ᠳᠠᠪᠠᠨ ᠦᠵᠦᠭᠦᠷᠯᠡᠭᠰᠡᠨ ᠰᠡᠯᠡᠩ᠋ᠭᠡ ᠠᠢᠢᠮᠠᠭ ᠤᠨ ᠴᠠᠭᠠᠨᠨᠠᠭᠤᠷ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠲᠠᠪᠤᠨ ᠬᠠᠨ》 ᠳᠡᠪᠵᠢᠶᠡᠨ ᠦ ᠪᠥᠬᠡ ᠪᠠᠶᠠᠷᠰᠠᠢᠢᠬᠠᠨ ᠤ ᠣᠷᠬᠣᠨᠪᠠᠶᠠᠷ ᠲᠤ ᠱᠠᠩᠨᠠᠯ ᠭᠠᠷᠳᠠᠭᠤᠯᠤᠯ᠎ᠠ᠃




