Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠶᠡᠷᠦᠩᠬᠡᠢᠢᠯᠡᠭᠴᠢ ᠪᠠᠶᠠᠷ ᠤᠨ ᠮᠡᠨᠳᠦᠴᠢᠯᠡᠭᠡ ᠢᠷᠡᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠤᠦ᠋ᠫᠠᠳᠢ ᠮᠥᠷᠮᠥ᠋ ᠮᠡᠨᠳᠦᠴᠢᠯᠡᠭᠡ ᠢᠷᠡᠭᠦᠯᠵᠡᠢ᠃

ᠮᠡᠨᠳᠦᠴᠢᠯᠡᠭᠡᠨ ᠳᠥ᠄ 《ᠡᠨᠡᠳᠬᠡᠭ᠌ ᠦᠨ ᠵᠠᠰᠠᠭ ᠤᠨ ᠭᠠᠵᠠᠷ᠂ ᠠᠷᠠᠳ ᠲᠦᠮᠡᠨ᠂ ᠥᠪᠡᠷ ᠦᠨ ᠨᠡᠷ᠎ᠡ ᠢᠢᠨ ᠡᠮᠦᠨ᠎ᠡ ᠡᠴᠡ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠪᠣᠯᠤᠨ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠲᠠᠨ ᠤ ᠨᠠᠢᠢᠷᠰᠠᠭ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠠᠯᠠᠭᠤᠨ ᠪᠠᠶᠠᠷ ᠬᠦᠷᠭᠡᠶ᠎ᠡ᠃ ᠮᠠᠨ ᠤ ᠬᠣᠶᠠᠷ ᠤᠯᠤᠰ ᠣᠶᠤᠨ ᠰᠠᠨᠠᠭᠠᠨ ᠤ ᠬᠥᠷᠰᠢ ᠪᠥᠭᠡᠳ ᠰᠲ᠋ᠷᠠᠲ᠋ᠧᠭᠢ ᠢᠢᠨ ᠲᠦᠩᠰᠢ ᠨᠤᠭᠦᠳ ᠪᠢᠯᠡ᠃ ᠪᠢᠳᠡ ᠰᠤᠶᠤᠯ ᠢᠷᠭᠡᠨᠰᠢᠯ᠂ ᠲᠡᠦᠬᠡ᠂ ᠣᠶᠤᠨ ᠰᠠᠨᠠᠭ᠎ᠠ᠂ ᠰᠤᠶᠤᠯ ᠤᠨ ᠬᠡᠯᠬᠢᠶ᠎ᠡ ᠬᠣᠯᠪᠣᠭ᠎ᠠ ᠲᠠᠢ ᠲᠡᠳᠦᠢ ᠦᠭᠡᠢ ᠠᠷᠠᠳᠴᠢᠯᠠᠯ᠂ ᠡᠷᠬᠡ ᠴᠢᠯᠦᠭᠡᠨ ᠦ ᠢᠵᠢᠯ ᠦᠨᠡᠲᠦ ᠵᠦᠢᠯᠡᠰ ᠲᠡᠢ᠃ ᠪᠤᠳ᠋ᠳ᠋ᠾᠠ ᠢᠢᠨ ᠱᠠᠰᠢᠨ ᠤ ᠨᠡᠢᠢᠲᠡᠯᠢᠭ ᠥᠪ ᠰᠤᠶᠤᠯ ᠨᠢ ᠪᠢᠳᠡᠨ ᠦ ᠬᠠᠷᠢᠯᠴᠠᠭ᠎ᠠ ᠢᠢ ᠤᠯᠠᠮ ᠪᠦᠷᠢ ᠪᠡᠬᠢᠵᠢᠭᠦᠯᠦᠨ ᠪᠠᠲᠤᠳᠬᠠᠬᠤ ᠭᠦᠭᠦᠷᠭᠡ ᠪᠣᠯᠳᠠᠭ ᠪᠢᠯᠡ᠃ ᠬᠠᠷᠢᠯᠴᠠᠭᠠᠨ ᠤ ᠴᠢᠬᠤᠯᠠ ᠲᠥᠰᠥᠯ ᠪᠣᠯᠬᠤ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠪᠠᠷᠢᠬᠤ ᠠᠵᠢᠯ ᠳᠤ ᠶᠡᠬᠡᠬᠡᠨ ᠠᠬᠢᠴᠠ ᠭᠠᠷᠴᠤ ᠪᠠᠢᠢᠨ᠎ᠠ᠃ ᠲᠠᠨ ᠤ ᠴᠢᠳᠠᠪᠤᠷᠢᠯᠢᠬ ᠤᠳᠤᠷᠢᠳᠤᠯᠭ᠎ᠠ ᠳᠣᠣᠷ᠎ᠠ ᠮᠠᠨ ᠤ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠤᠯᠠᠮ ᠬᠥᠭ᠍ᠵᠢᠵᠦ᠂ ᠬᠠᠮᠲᠤ ᠢᠢᠨ ᠠᠵᠢᠯᠯᠠᠭ᠎ᠠ ᠰᠢᠨ᠎ᠡ ᠠᠭᠤᠯᠭ᠎ᠠ ᠪᠠᠷ ᠪᠠᠶᠠᠵᠢᠨ᠎ᠠ ᠭᠡᠳᠡᠭ ᠲᠥ ᠢᠲᠡᠭᠡᠯ ᠲᠡᠢ ᠪᠠᠢᠢᠨ᠎ᠠ》 ᠭᠡᠵᠡᠢ᠃