Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠶᠢᠷᠠᠮᠳᠠᠬᠤ ᠡᠨᠡᠳᠬᠡᠭ ᠤᠯᠤᠰ ᠤᠨ ᠳᠣᠲᠣᠭᠠᠳᠤ ᠬᠡᠷᠡᠭ ᠦᠨ ᠰᠠᠶᠢᠳ ᠷᠠᠵᠨᠠᠲ ᠰᠢᠩᡁ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ

ᠮᠣᠩᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ᠍ ᠤᠨ ᠳᠣᠲᠣᠭᠠᠳᠤ ᠬᠡᠷᠡᠭ ᠦᠨ ᠰᠠᠢᠢᠳ ᠷᠠᠵᠨᠠᠲ ᠰᠢᠩᡁ ᠥᠨᠥᠳᠥᠷ ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠠᠭᠤᠯᠵᠠᠯᠲᠠ ᠢᠢᠨ ᠡᠬᠢᠨ ᠳᠥ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ᠍ ᠤᠨ ᠳᠣᠲᠣᠭᠠᠳᠤ ᠬᠡᠷᠡᠭ ᠦᠨ ᠰᠠᠢᠢᠳ ᠷᠠᠵᠨᠠᠲ ᠰᠢᠩᡁ ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠦᠯᠢᠶᠡᠨ ᠠᠪᠴᠤ ᠠᠭᠤᠯᠵᠠᠵᠤ ᠪᠤᠢ ᠳᠤ ᠲᠠᠯᠠᠷᠬᠠᠯ ᠢᠯᠡᠷᠬᠡᠢᠢᠯᠡᠭᠡᠳ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ  ᠍ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠢᠢᠨ ᠬᠠᠯᠠᠭᠤᠨ ᠳᠣᠲᠣᠨᠣ ᠮᠡᠨᠳᠦᠴᠢᠯᠡᠭᠡ ᠢᠢ ᠤᠯᠠᠮᠵᠢᠯᠠᠪᠠ᠃ ᠮᠥᠨ ᠡᠷᠬᠢᠮᠰᠦᠭ ᠨᠣᠶᠠᠨ ᠨᠠᠷᠧᠨ᠋ᠳ᠋ᠷᠠ ᠮᠣᠳᠢ 2015 ᠣᠨ ᠳᠤ ᠮᠣᠩᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠭ᠍ᠰᠡᠨ ᠡᠴᠡ ᠬᠣᠢᠢᠰᠢ ᠬᠣᠶᠠᠷ ᠤᠯᠤᠰ ᠤᠨ ᠥᠨᠳᠦᠷ᠂ ᠳᠡᠭᠡᠳᠦ ᠬᠡᠮᠵᠢᠶᠡᠨ ᠦ ᠠᠭᠤᠯᠵᠠᠯᠲᠠ᠂ ᠠᠢᠢᠯᠴᠢᠯᠠᠯ ᠤᠨ ᠳᠠᠪᠲᠠᠮᠵᠢ ᠨᠡᠮᠡᠭᠳᠡᠵᠦ ᠪᠠᠢᠢᠭ᠎ᠠ ᠳᠤ ᠪᠠᠶᠠᠷᠲᠠᠢ ᠪᠠᠢᠢᠭ᠎ᠠ ᠪᠠᠨ ᠬᠡᠯᠡᠵᠦ᠂ ᠠᠢᠢᠯᠴᠢᠯᠠᠯ ᠤᠳ ᠢ ᠳᠠᠭᠠᠭᠠᠳ ᠬᠣᠶᠠᠷ ᠤᠯᠤᠰ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠥᠷᠭᠡᠵᠢᠨ ᠲᠡᠯᠡᠵᠦ ᠪᠤᠢ ᠳᠤ ᠰᠡᠳᠬᠢᠯ ᠬᠠᠩᠭᠠᠯᠤᠭᠤᠨ ᠪᠠᠢᠢᠭ᠎ᠠ ᠭᠡᠰᠡᠨ ᠶᠤᠮ᠃

 

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠳᠣᠲᠣᠭᠠᠳᠤ ᠬᠡᠷᠡᠭ ᠦᠨ ᠰᠠᠢᠢᠳ ᠷᠠᠵᠨᠠᠲ ᠰᠢᠩᡁ ᠮᠣᠩᠭᠣᠯ ᠤᠯᠤᠰ ᠲᠤ ᠬᠢᠵᠦ ᠪᠤᠢ ᠠᠯᠪᠠᠨ ᠶᠣᠰᠣᠨ ᠤ ᠠᠢᠢᠯᠴᠢᠯᠠᠯ ᠤᠨ ᠢᠶᠠᠨ ᠬᠦᠷᠢᠶᠡᠨ ᠳᠥ ᠳᠣᠷᠣᠨᠠᠭᠣᠪᠢ ᠠᠢᠢᠮᠠᠭ ᠤᠨ ᠠᠯᠲᠠᠨᠰᠢᠷᠡᠭᠡ ᠰᠤᠮᠤᠨ ᠳᠤ ᠭᠠᠵᠠᠷ ᠤᠨ ᠲᠣᠰᠤᠨ ᠤ ᠪᠣᠯᠪᠠᠰᠤᠷᠠᠭᠤᠯᠬᠤ ᠦᠢᠯᠡᠳᠪᠦᠷᠢ ᠢᠢᠨ ᠰᠢᠪᠠ ᠲᠠᠯᠪᠢᠬᠤ ᠶᠣᠰᠣᠯᠠᠯ ᠳᠤ ᠣᠷᠣᠯᠴᠠᠭᠰᠠᠨ ᠲᠠᠯ᠎ᠠ ᠪᠠᠷ ᠢᠶᠠᠨ ᠬᠡᠯᠡᠵᠦ᠂ ᠡᠨᠡ ᠨᠢ ᠮᠣᠩᠭᠣᠯ ᠤᠯᠤᠰ ᠤᠨ ᠡᠳ᠋ ᠍ ᠦᠨ ᠵᠠᠰᠠᠭ ᠡᠷᠴᠢᠮᠲᠡᠢ ᠬᠥᠭ᠍ᠵᠢᠬᠦ ᠦᠨᠳᠦᠰᠦ ᠰᠠᠭᠤᠷᠢ ᠨᠤᠭᠤᠳ ᠤᠨ ᠨᠢᠭᠡ ᠪᠣᠯᠤᠨ᠎ᠠ ᠬᠡᠮᠡᠨ ᠨᠠᠢᠢᠳᠠᠵᠤ ᠪᠠᠢᠢᠭ᠎ᠠ ᠪᠠᠨ ᠢᠯᠡᠷᠬᠡᠢᠢᠯᠡᠪᠡ᠃

 

ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠥᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ᠍ ᠤᠨ ᠵᠠᠰᠠᠭ ᠤᠨ ᠭᠠᠵᠠᠷ ᠤᠨ ᠮᠣᠩᠭᠣᠯ ᠤᠯᠤᠰ ᠲᠤ ᠣᠯᠭᠤᠵᠤ ᠪᠤᠢ ᠨᠢᠭᠡ ᠲᠡᠷᠪᠤᠮ ᠠᠮ‍.ᠳ᠋ᠣᠯᠯᠠᠷ ᠤᠨ ᠬᠥᠩᠭᠡᠯᠡᠯᠲᠡ ᠲᠡᠢ ᠵᠡᠭᠡᠯᠢ ᠢᠢᠨ ᠰᠠᠩᠬᠦᠵᠢᠯᠲᠡ ᠪᠡᠷ ᠪᠠᠷᠢᠭᠳᠠᠬᠤ ᠭᠠᠵᠠᠷ ᠤᠨ ᠲᠣᠰᠤᠨ ᠤ ᠪᠣᠯᠪᠠᠰᠤᠷᠠᠭᠤᠯᠬᠤ ᠦᠢᠯᠡᠳᠪᠦᠷᠢ ᠨᠢ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠭᠦᠨᠵᠡᠭᠡᠢᠢᠷᠡᠵᠦ ᠪᠤᠢ ᠢᠢᠨ ᠲᠣᠮᠣᠬᠠᠨ ᠢᠯᠡᠷᠡᠯ ᠭᠡᠳ ᠴᠢᠨᠠᠭᠰᠢᠳᠠ ᠪᠠᠨ ᠪᠦᠬᠦ ᠲᠦᠪᠰᠢᠨ ᠦ ᠬᠠᠷᠢᠯᠴᠠᠭ᠎ᠠ ᠪᠠᠨ ᠥᠷᠭᠡᠵᠢᠭᠦᠯᠬᠦ ᠰᠣᠨᠢᠷᠬᠠᠯ ᠲᠠᠢ ᠪᠠᠢᠢᠭ᠎ᠠ ᠪᠠᠨ ᠢᠯᠡᠷᠬᠡᠢᠢᠯᠡᠪᠡ᠃ ᠮᠥᠨ ᠰᠠᠶᠢᠬᠠᠨ ᠪᠣᠯᠵᠤ ᠥᠩᠭᠡᠷᠡᠭᠰᠡᠨ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠠᠭᠤᠯᠵᠠᠯᠲᠠ ᠳᠤ ᠤᠷᠤᠯᠴᠠᠬᠤ ᠦᠶ᠎ᠡ ᠪᠡᠷ ᠢᠶᠡᠨ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠵᠤ᠂ ᠬᠣᠶᠠᠷ ᠤᠯᠤᠰ ᠤᠨ ᠢᠷᠭᠡᠳ᠂ ᠡᠳ᠋ ᠍ ᠦᠨ ᠵᠠᠰᠠᠭ᠂ ᠰᠤᠶᠤᠯ ᠤᠨ ᠵᠡᠷᠭᠡ ᠪᠦᠬᠦᠢ ᠯᠠ ᠲᠦᠪᠰᠢᠨ ᠳᠥ ᠬᠠᠮᠲᠤᠷᠠᠨ ᠠᠵᠢᠯᠯᠠᠬᠤ ᠵᠠᠮ ᠢᠶᠠᠷ ᠬᠠᠷᠢᠯᠴᠠᠭ᠎ᠠ ᠪᠠᠨ ᠥᠷᠭᠡᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠶᠠᠷᠢᠯᠴᠠᠭᠰᠠᠨ ᠭᠡᠳ ᠨᠣᠶᠠᠨ ᠷᠠᠵᠨᠠᠲ ᠰᠢᠩᡁ ᠲᠡᠢ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠭᠦᠯᠦᠨ ᠶᠠᠷᠢᠯᠴᠠᠯ᠎ᠠ᠃

 

ᠠᠭᠤᠯᠵᠠᠯᠲᠠ ᠢᠢᠨ ᠲᠡᠭᠦᠰᠬᠡᠯ ᠳᠥ ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ᠍ ᠤᠨ ᠳᠣᠲᠣᠭᠠᠳᠤ ᠬᠡᠷᠡᠭ ᠦᠨ ᠰᠠᠢᠢᠳ ᠷᠠᠵᠨᠠᠲ ᠰᠢᠩᡁ ᠨᠠᠷ ᠪᠣᠯᠪᠠᠰᠤᠷᠠᠯ᠂ ᠮᠡᠳᠡᠭᠡᠯᠡᠯ ᠦᠨ ᠲᠧᠭᠨᠣᠯᠣᠭᠢ᠂ ᠡᠷᠡᠭᠦᠯ ᠮᠡᠨᠳᠦ᠂ ᠺᠢᠨᠣ᠋ ᠤᠷᠠᠯᠢᠭ ᠵᠡᠷᠭᠡ ᠰᠠᠯᠪᠤᠷᠢ ᠳᠤ ᠬᠠᠮᠲᠤᠷᠠᠨ ᠠᠵᠢᠯᠯᠠᠬᠤ ᠥᠷᠭᠡᠨ ᠪᠣᠯᠤᠮᠵᠢ ᠪᠠᠢᠢᠭ᠎ᠠ ᠭᠡᠳᠡᠭ ᠲᠡᠢ ᠰᠠᠨᠠᠯ ᠨᠢᠭᠡᠳᠴᠦ᠂ ᠬᠣᠶᠠᠷ ᠲᠠᠯ᠎ᠠ ᠠᠴᠠ ᠪᠠᠨ ᠢᠳᠡᠪᠬᠢᠲᠡᠢ ᠬᠠᠮᠲᠤᠷᠠᠨ ᠠᠵᠢᠯᠯᠠᠬᠤ ᠪᠣᠯᠤᠨ᠎ᠠ ᠭᠡᠯ᠎ᠡ᠃

 

ᠮᠥᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠳᠣᠲᠣᠭᠠᠳᠤ ᠬᠡᠷᠡᠭ ᠦᠨ ᠰᠠᠢᠢᠳ ᠷᠠᠵᠨᠠᠲ ᠰᠢᠩᡁ ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ᠍ ᠲᠤ ᠠᠯᠪᠠᠨ ᠶᠣᠰᠣᠭᠠᠷ ᠠᠢᠢᠯᠴᠢᠯᠠᠬᠤ ᠢᠢ ᠤᠷᠢᠰᠠᠨ ᠶᠤᠮ᠃ ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠣᠯᠤᠮᠵᠢ ᠲᠠᠢ ᠦᠶ᠎ᠡ ᠳᠡᠭᠡᠨ ᠲᠠᠨ ᠤ ᠰᠠᠢᠢᠬᠠᠨ ᠣᠷᠣᠨ ᠳᠤ ᠠᠢᠢᠯᠴᠢᠯᠠᠨ ᠣᠴᠢᠨ᠎ᠠ ᠭᠡᠳ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ᠍ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠳᠤ ᠪᠣᠯᠤᠨ ᠲᠤᠰ ᠤᠯᠤᠰ ᠤᠨ ᠢᠷᠭᠡᠳ ᠲᠥ ᠬᠠᠯᠠᠭᠤᠨ ᠳᠣᠲᠣᠨᠣ ᠮᠡᠨᠳᠦᠴᠢᠯᠡᠭᠡ ᠢᠢ ᠨᠢ ᠳᠠᠮᠵᠢᠭᠤᠯᠵᠤ ᠥᠭ᠍ᠬᠦ ᠢᠢ ᠬᠦᠰᠡᠪᠡ᠃