Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ ᠲᠤ᠋ ᠯᠠᠮ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳᠥ᠄

《ᠠᠷᠠᠳ ᠤᠨ ᠬᠤᠪᠢᠰᠬᠠᠯ ᠤᠨ 103 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠸᠢᠶᠧᠲ᠋ᠨᠠᠮ ᠤᠨ ᠲᠥᠷᠥ᠂ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠪᠣᠯᠤᠨ ᠲᠠᠨ ᠢᠶᠠᠷ ᠤᠯᠠᠮᠵᠢᠯᠠᠨ ᠮᠣᠩ᠋ᠭᠣᠯ ᠤᠨ ᠠᠷᠠᠳ ᠲᠦᠮᠡᠨ ᠳᠥ ᠴᠢᠨ ᠰᠡᠳᠬᠢᠯ ᠦᠨ ᠬᠠᠯᠠᠭᠤᠨ ᠪᠠᠶᠠᠷ ᠬᠦᠷᠭᠡᠶ᠎ᠡ᠃

ᠮᠣᠩ᠋ᠭᠣᠯ ᠤᠯᠤᠰ ᠤᠨ ᠲᠥᠷᠥ᠂ ᠠᠷᠠᠳ ᠲᠦᠮᠡᠨ ᠤᠯᠤᠰ ᠣᠷᠣᠨ ᠢᠶᠠᠨ ᠬᠥᠭ᠍ᠵᠢᠭᠦᠯᠦᠨ ᠴᠡᠴᠡᠭᠯᠡᠭᠦᠯᠬᠦ ᠶᠡᠬᠡ ᠦᠢᠯᠡᠰ ᠲᠥ ᠤᠯᠠᠮ ᠶᠡᠬᠡ ᠠᠮᠵᠢᠯᠲᠠ ᠭᠠᠷᠭᠠᠨ᠂ ᠠᠷᠠᠳ ᠲᠦᠮᠡᠨ ᠨᠢ ᠠᠵᠠ ᠵᠢᠷᠭᠠᠯ ᠲᠠᠢ ᠪᠠᠢᠢᠵᠤ᠂ ᠤᠯᠤᠰ ᠣᠷᠣᠨ ᠨᠢ ᠴᠡᠴᠡᠭᠯᠡᠨ ᠬᠥᠭ᠍ᠵᠢᠵᠦ᠂ 《ᠰᠢᠨ᠎ᠡ ᠰᠡᠷᠭᠦᠯᠲᠡ ᠢᠢᠨ ᠪᠣᠳᠣᠯᠭ᠎ᠠ》 ᠪᠣᠯᠤᠨ 《2021-2025 ᠣᠨ ᠤ ᠮᠣᠩ᠋ᠭᠣᠯ ᠤᠯᠤᠰ ᠤᠨ ᠬᠥᠭ᠍ᠵᠢᠯ ᠦᠨ ᠲᠥᠯᠥᠪᠯᠡᠭᠡ》 ᠍ ᠥᠦ ᠲᠤᠰᠬᠠᠭᠰᠠᠨ ᠵᠣᠷᠢᠯᠲᠠ ᠨᠤᠭᠤᠳ ᠢᠶᠠᠨ ᠠᠮᠵᠢᠯᠲᠠ ᠲᠠᠢ ᠬᠡᠷᠡᠭᠵᠢᠭᠦᠯᠦᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃

ᠮᠠᠨ ᠤ ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠥᠩ᠋ᠭᠡᠷᠡᠭᠰᠡᠨ 70 ᠵᠢᠯ ᠦᠨ ᠬᠤᠭᠤᠴᠠᠭᠠᠨ ᠳᠤ ᠲᠠᠰᠤᠷᠠᠯᠲᠠ ᠦᠭᠡᠢ ᠪᠡᠬᠢᠵᠢᠨ ᠬᠥᠭ᠍ᠵᠢᠵᠦ᠂ ᠰᠡᠭᠦᠯ ᠦᠨ ᠵᠢᠯ ᠦᠳ ᠲᠥ ᠣᠯᠠᠨ ᠪᠣᠳᠠᠲᠤ ᠦᠷ᠎ᠡ ᠳ᠋ᠦᠩ᠂ ᠠᠮᠵᠢᠯᠲᠨ ᠳᠤ ᠬᠦᠷᠴᠦ ᠪᠠᠢᠢᠭ᠎ᠠ ᠳᠤ ᠪᠠᠶᠠᠷᠲᠠᠢ ᠪᠠᠢᠢᠨ᠎ᠠ᠃

ᠴᠢᠨᠠᠭᠰᠢᠳᠠ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠬᠣᠶᠠᠷ ᠣᠷᠣᠨ ᠤ ᠠᠷᠠᠳ ᠲᠦᠮᠡᠨ ᠦ ᠨᠡᠢᠢᠲᠡᠯᠢᠭ ᠡᠷᠬᠡ ᠠᠰᠢᠭ ᠲᠤ ᠨᠡᠢᠢᠴᠡᠨ ᠤᠯᠠᠮ ᠪᠦᠷᠢ ᠥᠷᠭᠡᠵᠢᠨ ᠬᠥᠭ᠍ᠵᠢᠵᠦ᠂ ᠳᠡᠯᠡᠬᠡᠢ ᠪᠣᠯᠤᠨ ᠪᠥᠰᠡ ᠨᠤᠲᠤᠭ ᠤᠨ ᠡ᠊ᠩᠬᠡ ᠲᠠᠢᠢᠪᠤᠩ᠂ ᠬᠠᠮᠲᠤ ᠢᠢᠨ ᠠᠵᠢᠯᠯᠠᠭ᠎ᠠ᠂ ᠬᠥᠭ᠍ᠵᠢᠯ ᠴᠡᠴᠡᠭᠯᠡᠯᠲᠡ ᠳᠥ ᠦᠨᠡᠲᠡᠢ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ》 ᠭᠡᠵᠡᠢ᠃