Та "Internet explorer"-ийн сүүлийн хувилбар болох "Microsoft edge"-г ашиглана уу

Хэрэв "Microsoft edge"-г татах бол энд дарж татаж авна уу

ᠻᠠᠽᠠᠻᠰᠲ᠋ᠠᠨ (ᠬᠠᠰᠠᠭ)  ᠤ ᠶᠡᠷᠦᠩᠬᠡᠢᠢᠯᠡᠭᠴᠢ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠵᠡᠢ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠵᠤ᠊᠂ ᠲᠣᠻᠶᠸᠠᠸ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠪᠠᠶᠠᠷ ᠤᠨ ᠮᠡᠨᠳᠦᠴᠢᠯᠡᠭᠡ ᠢᠷᠡᠭᠦᠯᠵᠡᠢ᠃

ᠮᠡᠨᠳᠦᠴᠢᠯᠡᠭᠡᠨ ᠳᠥ᠄ 《ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠠᠨ ᠳᠤ ᠪᠣᠯᠤᠨ ᠲᠠᠨ ᠤ ᠠᠷᠠᠳ ᠢᠷᠭᠡᠳ ᠲᠥ ᠻᠠᠽᠠᠻᠰᠲ᠋ᠠᠨ  ᠤ ᠢᠷᠭᠡᠳ ᠦᠨ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠴᠢᠨ ᠰᠡᠳᠬᠢᠯ ᠦᠨ ᠮᠡᠨᠳᠦᠴᠢᠯᠡᠭᠡ ᠳᠡᠪᠰᠢᠭᠦᠯᠦᠶ᠎ᠡ᠃ ᠮᠣᠩ᠋ᠭᠣᠯ ᠤᠯᠤᠰ ᠠᠽᠢ ᠲᠢᠢᠪ ᠦᠨ ᠨᠡᠷ᠎ᠡ ᠬᠦᠨᠳᠦᠲᠡᠢ ᠪᠥᠭᠡᠳ ᠢᠳᠡᠪᠬᠢ ᠰᠠᠨᠠᠭᠠᠴᠢᠯᠠᠭ᠎ᠠ ᠲᠠᠢ ᠤᠯᠤᠰ ᠪᠣᠯᠤᠨ ᠬᠥᠭ᠍ᠵᠢᠵᠦ ᠪᠠᠢᠢᠨ᠎ᠠ᠃ ᠤᠯᠤᠰ ᠤᠨ ᠢᠶᠠᠨ ᠨᠡᠷ᠎ᠡ ᠬᠦᠨᠳᠦ ᠢᠢ ᠣᠯᠠᠨ ᠤᠯᠤᠰ ᠤᠨ ᠲᠠᠪᠴᠠᠩ ᠳᠤ ᠥᠰᠬᠡᠬᠦ᠂ ᠡᠳ᠋ ᠦᠨ ᠵᠠᠰᠠᠭ ᠢᠶᠠᠨ ᠬᠥᠭ᠍ᠵᠢᠭᠦᠯᠬᠦ ᠳᠥ ᠴᠢᠭᠯᠡᠭᠰᠡᠨ ᠲᠠᠨ ᠤ ᠰᠠᠨᠠᠯ᠂ ᠰᠠᠨᠠᠭᠠᠴᠢᠯᠠᠭ᠎ᠠ᠂ ᠲᠥᠯᠥᠪᠯᠡᠭᠰᠡᠨ ᠠᠵᠢᠯ ᠤᠳ ᠠᠮᠵᠢᠯᠲᠠ ᠲᠠᠢ ᠬᠡᠷᠡᠭᠵᠢᠬᠦ ᠢᠢᠨ ᠢᠷᠦᠭᠡᠯ ᠳᠡᠪᠰᠢᠭᠦᠯᠦᠶ᠎ᠡ》 ᠭᠡᠵᠡᠢ᠃