Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠻᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠵᠤ᠊᠂ ᠪᠠᠢᠢᠳᠧᠨ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠵᠡᠢ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠠᠮᠧᠷᠢᠻᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠵᠣᠽᠧᠹ ᠷᠤ᠊᠂ ᠪᠠᠢᠢᠳᠧᠨ ᠮᠡᠨᠳᠦᠴᠢᠯᠡᠭᠡ ᠢᠷᠡᠭᠦᠯᠦᠯ᠎ᠡ᠃

ᠮᠡᠨᠳᠦᠴᠢᠯᠡᠭᠡᠨ ᠳᠥ᠄ 《ᠡᠷᠬᠢᠮᠰᠦᠭ ᠨᠣᠶᠠᠨ ᠶᠡᠷᠦᠩᠬᠡᠢᠢᠯᠡᠭᠴᠢ ᠡ᠂ ᠠᠮᠧᠷᠢᠻᠠ ᠢᠢᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠨᠠᠭᠠᠳᠤᠮ ᠤᠨ ᠪᠠᠶᠠᠷ ᠤᠨ ᠮᠡᠨᠳᠦ ᠳᠡᠪᠰᠢᠭᠦᠯᠵᠦ᠂ ᠰᠠᠢᠢᠨ ᠰᠠᠢᠢᠬᠠᠨ ᠢ ᠬᠦᠰᠡᠨ ᠢᠷᠦᠭᠡᠶ᠎ᠡ᠃

ᠮᠣᠩ᠋ᠭᠣᠯ ᠤᠯᠤᠰ᠂ ᠠᠮᠧᠷᠢᠻᠠ ᠢᠢᠨ ᠨᠢᠭᠡᠳᠦᠭᠰᠡᠨ ᠤᠯᠤᠰ ᠤᠨ ᠲᠦᠩᠰᠢᠯᠡᠯ ᠨᠢ ᠮᠠᠨ ᠤ ᠬᠣᠶᠠᠷ ᠤᠯᠤᠰ ᠲᠤ ᠠᠰᠢᠭ ᠲᠤᠰᠠ ᠲᠠᠢ ᠪᠥᠭᠡᠳ ᠡᠨᠡᠳᠬᠡᠭ᠌-ᠨᠣᠮᠣᠬᠠᠨ ᠳᠠᠯᠠᠢ ᠢᠢᠨ ᠪᠥᠰᠡ ᠨᠤᠲᠤᠭ ᠳᠠᠬᠢ ᠠᠷᠠᠳᠴᠢᠯᠠᠯ ᠤᠨ ᠢᠷᠡᠭᠡᠳᠦᠢ ᠳᠥ ᠴᠢᠬᠤᠯᠠ ᠶᠤᠮ᠃ ᠠᠭᠠᠷ ᠤᠨ ᠲᠡᠭᠡᠭᠡᠪᠦᠷᠢ ᠢᠢᠨ ᠲᠤᠬᠠᠢ ᠬᠡᠯᠡᠯᠴᠡᠭᠡᠷ ᠦᠨ ᠬᠡᠷᠡᠭᠵᠢᠯᠲᠡ᠂ ᠮᠢᠩ᠋ᠭᠠᠨ ᠤ ᠰᠣᠷᠢᠯᠲᠠ ᠢᠢᠨ ᠻᠣᠷᠫᠣᠷᠠᠼᠢ ᠲᠠᠢ ᠬᠠᠮᠲᠤᠷᠠᠨ ᠬᠡᠷᠡᠭᠵᠢᠭᠦᠯᠵᠦ ᠪᠤᠢ ᠤᠰᠤᠨ ᠤ ᠲᠥᠰᠥᠯ᠂ ᠡᠷᠦᠳᠡᠰᠦ ᠪᠠᠶᠠᠯᠢᠭ᠂ ᠡᠷᠴᠢᠮ ᠬᠦᠴᠦ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠥᠷᠭᠡᠵᠢᠵᠦ ᠪᠠᠢᠢᠨ᠎ᠠ᠃ ᠪᠠᠢᠢᠭᠠᠯᠢ ᠣᠷᠴᠢᠨ ᠤ ᠬᠠᠮᠠᠭᠠᠯᠠᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠡ᠊ᠩᠬᠡ ᠢᠢ ᠰᠠᠬᠢᠭᠤᠯᠬᠤ ᠪᠣᠯᠤᠨ ᠴᠥᠮ᠎ᠡ ᠢᠢᠨ ᠵᠡᠪᠰᠡᠭ ᠢ ᠦᠯᠦ ᠳᠡᠯᠭᠡᠷᠡᠭᠦᠯᠬᠦ ᠵᠡᠷᠭᠡ ᠳᠡᠯᠡᠬᠡᠢ ᠨᠡᠢᠢᠲᠡ ᠳᠥ ᠲᠤᠯᠭᠠᠷᠠᠴᠤ ᠪᠤᠢ ᠰᠣᠷᠢᠯᠲᠠ ᠨᠤᠭᠤᠳ ᠲᠤ ᠲᠠᠨ ᠤ ᠤᠯᠤᠰ ᠠᠩᠬᠠᠷᠴᠤ᠂ ᠬᠤᠪᠢ ᠨᠡᠮᠡᠷᠢ ᠪᠡᠨ ᠣᠷᠣᠭᠤᠯᠵᠤ ᠪᠠᠢᠢᠭ᠎ᠠ ᠢᠢ ᠰᠠᠢᠢᠰᠢᠶᠠᠵᠤ ᠪᠠᠢᠢᠨ᠎ᠠ᠃ ᠠᠮᠧᠷᠢᠻᠠ ᠢᠢᠨ ᠨᠢᠭᠡᠳᠦᠭᠰᠡᠨ ᠤᠯᠤᠰ ᠲᠤ ᠠᠵᠤ ᠲᠥᠷᠦᠵᠥ ᠪᠤᠢ ᠮᠣᠩ᠋ᠭᠣᠯᠴᠤᠳ ᠮᠠᠨ ᠤ ᠨᠡᠢᠢᠭᠡᠮ ᠤᠨ ᠴᠢᠬᠤᠯᠠ ᠬᠡᠰᠡᠭ ᠪᠥᠭᠡᠳ ᠮᠣᠩ᠋ᠭᠣᠯ ᠤᠯᠤᠰ ᠲᠤ ᠠᠮᠢᠳᠤᠷᠠᠵᠤ᠂ ᠠᠵᠢᠯᠯᠠᠵᠤ᠂ ᠠᠶᠠᠯᠠᠵᠤ ᠪᠤᠢ ᠠᠮᠧᠷᠢᠻᠠ ᠢᠢᠨ ᠢᠷᠭᠡᠳ ᠪᠢᠳᠡᠨ ᠦ ᠬᠡᠯᠬᠢᠶ᠎ᠡ ᠬᠣᠯᠪᠣᠭ᠎ᠠ ᠢᠢ ᠤᠯᠠᠮ ᠪᠠᠲᠤᠳᠬᠠᠵᠤ ᠪᠠᠢᠢᠳᠠᠭ ᠪᠢᠯᠡ᠃ ᠴᠢᠨᠠᠭᠰᠢᠳᠠ ᠰᠲ᠋ᠷᠠᠲ᠋ᠧᠭᠢ ᠢᠢᠨ ᠭᠤᠷᠪᠠᠳᠠᠭᠴᠢ ᠬᠥᠷᠰᠢ ᠢᠢᠨ ᠲᠦᠩᠰᠢᠯᠡᠯ ᠢ ᠤᠯᠠᠮ ᠬᠥᠭ᠍ᠵᠢᠭᠦᠯᠬᠦ ᠢᠢᠨ ᠲᠥᠯᠥᠭᠡ ᠪᠠᠢᠢᠨ᠎ᠠ᠃ ᠳᠡᠯᠡᠬᠡᠢ ᠢᠢᠨ ᠥᠨᠴᠥᠭ ᠪᠤᠯᠤᠨ ᠪᠦᠷᠢ ᠳᠥ ᠪᠤᠢ ᠮᠣᠩ᠋ᠭᠣᠯᠴᠤᠳ ᠲᠤ ᠪᠠᠶᠠᠷ ᠨᠠᠭᠠᠳᠤᠮ ᠢᠶᠠᠨ ᠰᠠᠢᠢᠬᠠᠨ ᠲᠡᠮᠳᠡᠭᠯᠡᠵᠦ᠂ ᠡᠷᠡᠭᠦᠯ ᠡ᠊ᠩᠬᠡ᠂ ᠬᠥᠭ᠍ᠵᠢᠯ ᠴᠡᠴᠡᠭᠯᠡᠯᠲᠡ᠂ ᠠᠵᠠ ᠵᠢᠷᠭᠠᠯ ᠢᠶᠠᠷ ᠳᠦᠭᠦᠷᠡᠩ ᠪᠠᠢᠢᠬᠤ ᠢᠢ ᠬᠦᠰᠡᠨ ᠢᠷᠦᠭᠡᠶ᠎ᠡ》 ᠭᠡᠵᠡᠢ᠃