Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠥᠲ᠋ᠠᠨ ᠤ ᠬᠠᠭᠠᠨᠲᠤ ᠤᠯᠤᠰ ᠤᠨ ᠬᠠᠮᠲᠤᠷᠠᠭᠰᠠᠨ ᠮᠡᠳᠡᠭᠳᠡᠯ

1. ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ 2024 ᠣᠨ ᠤ 07 ᠳ᠋ᠤᠭᠠᠷ ᠰᠠᠷ᠎ᠠ ᠢᠢᠨ 08-15 ᠍ ᠤ ᠡᠳᠦᠷ ᠦᠳ ᠲᠥ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠪᠡ᠃ ᠴᠣᠭ ᠵᠢᠪᠬᠤᠯᠠᠩᠲᠤ ᠬᠠᠭᠠᠨ ᠢ ᠡᠷᠬᠢᠮᠰᠦᠭ ᠬᠠᠲᠤᠨ ᠵᠸᠽᠥ᠋ᠨ ᠫᠸᠮᠠ ᠸᠠᠩᠴᠥ᠋ᠻ᠂ ᠡᠷᠬᠢᠮᠰᠦᠭ ᠬᠤᠩᠲᠠᠢᠢᠵᠢ ᠭᠢᠯᠰᠢ ᠵᠢᠭᠮᠢ ᠨᠠᠮᠵᠢᠯ ᠸᠠᠩᠴᠥ᠋ᠻ᠂ ᠡᠷᠬᠢᠮᠰᠦᠭ ᠬᠤᠩᠲᠠᠢᠢᠵᠢ ᠭᠢᠯᠰᠢ ᠥ᠋ᠭ᠍ᠸᠨ ᠸᠠᠩᠴᠥ᠋ᠻ᠂ ᠡᠷᠬᠢᠮᠰᠦᠭ ᠭᠦᠩᠵᠥ ᠭᠢᠯᠰᠸᠨ ᠰᠣᠨᠠᠮ ᠶᠠᠨ᠋ᠳ᠋ᠸᠨ ᠸᠠᠩᠴᠥ᠋ᠻ ᠪᠣᠯᠤᠨ ᠠᠯᠪᠠᠨ ᠤ ᠪᠤᠰᠤᠳ ᠬᠦᠮᠦᠰ ᠳᠠᠭᠠᠯᠳᠤᠪᠠ᠃

2. ᠡᠨᠡᠬᠦ ᠲᠡᠦᠬᠡᠨ ᠠᠢᠢᠯᠴᠢᠯᠠᠯ ᠤᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠠᠯᠰᠦ᠋ᠬᠡ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠲᠠᠢ ᠠᠯᠪᠠᠨ ᠶᠣᠰᠣᠨ ᠤ ᠠᠭᠤᠯᠵᠠᠯᠲᠠ ᠬᠢᠵᠦ᠂ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠭᠡᠷ ᠪᠦᠯᠢ ᠢᠢᠨ ᠬᠠᠮᠲᠤ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠢᠢᠨ ᠠᠵᠢᠯᠯᠠᠭ᠎ᠠ ᠪᠣᠯᠤᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠥᠷᠥ ᠢᠢᠨ ᠳᠠᠢᠢᠯᠠᠯᠭ᠎ᠠ ᠳᠤ ᠬᠦᠨᠳᠦᠳᠥ ᠵᠣᠴᠢᠨ ᠢᠶᠠᠷ ᠤᠷᠤᠯᠴᠠᠪᠠ᠃

3. ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠤᠯᠤᠰ ᠲᠥᠷᠥ᠂ ᠡᠳ᠋ ᠦᠨ ᠵᠠᠰᠠᠭ᠂ ᠪᠣᠯᠪᠠᠰᠤᠷᠠᠯ᠂ ᠰᠤᠶᠤᠯ᠂ ᠡᠷᠡᠭᠦᠯ ᠮᠡᠨᠳᠦ᠂ ᠰᠢᠨᠵᠢᠯᠡᠬᠦ ᠤᠬᠠᠭᠠᠨ᠂ ᠬᠥᠳᠡᠭᠡ ᠠᠵᠤ ᠠᠬᠤᠢ᠂ ᠮᠠᠯ ᠠᠵᠤ ᠠᠬᠤᠢ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ᠂ ᠢᠷᠭᠡᠳ ᠦᠨ ᠰᠣᠯᠢᠯᠴᠠᠭ᠎ᠠ ᠵᠡᠷᠭᠡ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠪᠣᠯᠤᠨ ᠪᠥᠰᠡ ᠨᠤᠲᠤᠭ᠂ ᠣᠯᠠᠨ ᠤᠯᠤᠰ ᠤᠨ ᠲᠠᠪᠴᠠᠩ ᠳᠠᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ᠃

4. ᠠᠯᠪᠠᠨ ᠶᠣᠰᠣᠨ ᠤ ᠠᠭᠤᠯᠵᠠᠯᠲᠠ ᠢᠢᠨ ᠦᠶ᠎ᠡ ᠪᠡᠷ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠨᠠᠷ ᠮᠣᠩ᠋ᠭᠣᠯ᠂ ᠪᠥᠲ᠋ᠠᠨ ᠤ 《ᠨᠠᠢᠢᠷᠠᠮᠳᠠᠯᠲᠤ ᠬᠠᠮᠲᠤ ᠢᠢᠨ ᠠᠵᠢᠯᠯᠠᠭᠠᠨ ᠤ ᠵᠠᠷᠴᠢᠮ》 ᠍ ᠳᠤ ᠲᠤᠯᠭᠠᠭᠤᠷᠢᠯᠠᠭᠰᠠᠨ ᠨᠠᠢᠢᠷᠰᠠᠭ ᠬᠠᠷᠢᠯᠴᠠᠭ᠎ᠠ ᠢᠢ ᠬᠣᠶᠠᠷ ᠣᠷᠣᠨ ᠤ ᠳᠠᠪᠠᠭᠤ ᠲᠠᠯ᠎ᠠ᠂ ᠨᠥᠭᠡᠴᠡ ᠪᠣᠯᠤᠯᠴᠠᠭᠠᠨ ᠳᠤ ᠨᠡᠢᠢᠴᠡᠭᠦᠯᠦᠨ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ᠂ ᠤᠯᠤᠰ ᠲᠥᠷᠥ ᠢᠢᠨ ᠶᠠᠷᠢᠶ᠎ᠠ ᠬᠡᠯᠡᠯᠴᠡᠭᠡ ᠢᠢ ᠢᠳᠡᠪᠬᠢᠵᠢᠭᠦᠯᠵᠦ᠂ ᠳᠡᠭᠡᠳᠦ᠂ ᠥᠨᠳᠥᠷ ᠲᠦᠪᠰᠢᠨ ᠦ ᠲᠥᠯᠥᠭᠡᠯᠡᠭᠴᠢᠳ ᠦᠨ ᠰᠣᠯᠢᠯᠴᠠᠭ᠎ᠠ ᠢᠢ ᠲᠥᠷᠥ᠂ ᠵᠠᠰᠠᠭ ᠤᠨ ᠭᠠᠵᠠᠷ᠂ ᠫᠠᠷᠯᠠᠮᠧᠨ᠋ᠲ ᠵᠡᠷᠭᠡ ᠪᠦᠬᠦᠢ ᠯᠠ ᠲᠦᠪᠰᠢᠨ ᠳᠥ ᠥᠷᠭᠡᠵᠢᠭᠦᠯᠬᠦ ᠪᠡᠷ ᠰᠠᠨᠠᠯ ᠨᠢᠭᠡᠳᠪᠡ᠃

5. ᠲᠠᠯ ᠠ ᠨᠤᠭᠤᠳ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠳᠡᠪᠬᠢᠵᠢᠵᠦ ᠪᠤᠢ ᠳᠤ ᠰᠡᠳᠬᠢᠯ ᠬᠠᠩ᠋ᠭᠠᠯᠤᠭᠤᠨ ᠪᠠᠢᠢᠭ᠎ᠠ ᠢᠢ ᠳᠤᠷᠠᠳᠴᠤ᠂ ᠮᠣᠩ᠋ᠭᠣᠯ᠂ ᠪᠥᠲ᠋ᠠᠨ ᠤ ᠡ᠊ᠩᠬᠡ ᠢᠢ ᠰᠠᠬᠢᠭᠤᠯᠤᠭᠴᠢᠳ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠥᠯᠥᠭᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠡ᠊ᠩᠬᠡ ᠢᠢ ᠰᠠᠬᠢᠭᠤᠯᠬᠤ ᠠᠵᠢᠯᠯᠠᠭᠠᠨ ᠳᠤ ᠮᠥᠷᠥ ᠵᠡᠷᠭᠡᠴᠡᠨ ᠬᠦᠴᠦᠨ ᠵᠢᠳᠬᠦᠵᠦ ᠪᠤᠢ ᠢᠢ ᠥᠨᠳᠥᠷ ᠢᠶᠡᠷ ᠦᠨᠡᠯᠡᠪᠡ᠃ ᠡᠨᠡ ᠬᠦᠷᠢᠶᠡᠨ ᠳᠥ ᠮᠣᠩ᠋ᠭᠣᠯ ᠤᠯᠤᠰ ᠲᠤ ᠵᠢᠯ ᠪᠦᠷᠢ ᠵᠣᠬᠢᠶᠠᠨ ᠪᠠᠢᠢᠭᠤᠯᠤᠭᠳᠠᠳᠠᠭ 《ᠬᠠᠭᠠᠨ ᠤ ᠡᠷᠢᠯ ᠳᠥ》 ᠣᠯᠠᠨ ᠤᠯᠤᠰ ᠤᠨ ᠡ᠊ᠩᠬᠡ ᠢᠢ ᠰᠠᠬᠢᠭᠤᠯᠬᠤ ᠠᠵᠢᠯᠯᠠᠭᠠᠨ ᠤ ᠰᠤᠷᠭᠠᠭᠤᠯᠢ ᠳᠤ ᠪᠥᠲ᠋ᠠᠨ ᠤ ᠲᠠᠯ᠎ᠠ ᠦᠷᠭᠦᠯᠵᠢᠯᠡᠭᠦᠯᠦᠨ ᠣᠷᠣᠯᠴᠠᠵᠤ᠂ ᠲᠤᠷᠰᠢᠯᠭ᠎ᠠ ᠰᠣᠯᠢᠯᠴᠠᠨ ᠬᠠᠮᠲᠤᠷᠠᠨ ᠠᠵᠢᠯᠯᠠᠬᠤ ᠪᠠᠷ ᠲᠣᠭᠲᠠᠪᠠ᠃

6. ᠲᠥᠷᠥ ᠢᠢᠨ ᠲᠡᠷᠢᠭᠦᠨ ᠨᠤᠭᠥᠳ ᠬᠣᠶᠠᠷ ᠲᠠᠯ᠎ᠠ ᠢᠢᠨ ᠪᠣᠯᠤᠨ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠬᠦᠷᠢᠶᠡᠨ ᠳᠥ ᠮᠣᠩ᠋ᠭᠣᠯ ᠤᠯᠤᠰ᠂ ᠪᠥᠲ᠋ᠠᠨ ᠤ ᠬᠠᠭᠠᠨᠲᠤ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤ ᠬᠣᠭᠣᠷᠣᠨᠳᠣ ᠢᠢᠨ ᠶᠠᠷᠢᠶ᠎ᠠ ᠬᠡᠯᠡᠯᠴᠡᠭᠡᠨ ᠦ ᠮᠧᠬᠠᠨᠢᠰᠮ ᠢ ᠲᠣᠭᠲᠠᠮᠠᠯᠵᠢᠭᠤᠯᠬᠤ᠂ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠤᠯᠢᠯᠴᠠᠬᠤ᠂ ᠲᠡᠷᠢᠭᠦᠯᠡᠬᠦ ᠴᠢᠭᠯᠡᠯ ᠦᠨ ᠬᠠᠮᠲᠤ ᠢᠢᠨ ᠠᠵᠢᠯᠯᠠᠭ᠎ᠠ ᠢᠢ ᠬᠥᠬᠢᠬᠥᠯᠥᠨ ᠳᠡᠮᠵᠢᠬᠦ᠂ ᠵᠠᠯᠠᠭᠤ ᠳ᠋ᠢᠫᠯᠣᠮᠠᠲ᠋ᠴᠢᠳ ᠤᠨ ᠴᠢᠳᠠᠪᠬᠢ ᠢᠢ ᠪᠡᠬᠢᠵᠢᠭᠦᠯᠬᠦ ᠳᠥ ᠬᠠᠮᠲᠤᠷᠠᠨ ᠠᠵᠢᠯᠯᠠᠬᠤ ᠪᠠᠷ ᠪᠣᠯᠪᠠ᠃

7. ᠬᠣᠶᠠᠷ ᠣᠷᠣᠨ ᠤ ᠲᠥᠷᠥ ᠢᠢᠨ ᠲᠡᠷᠢᠭᠦᠨ ᠨᠤᠭᠥᠳ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠨᠢ ᠬᠣᠶᠠᠷ ᠤᠯᠤᠰ ᠤᠨ ᠨᠡᠩ ᠲᠡᠷᠢᠭᠦᠨ ᠦ ᠵᠣᠷᠢᠯᠲᠠ ᠭᠡᠳᠡᠭ ᠢ ᠣᠨᠴᠠᠯᠠᠵᠤ᠂ ᠲᠣᠭᠲᠠᠪᠤᠷᠢᠲᠠᠢ ᠭᠠᠵᠠᠷ ᠲᠠᠷᠢᠶᠠᠯᠠᠩ ᠡᠷᠬᠢᠯᠡᠬᠦ᠂ ᠭᠠᠵᠠᠷ ᠲᠠᠷᠢᠶᠠᠯᠠᠩ ᠤᠨ ᠮᠧᠨᠧᠵᠮᠧᠨ᠋ᠲ ᠦᠨ ᠴᠢᠭᠯᠡᠯ ᠢᠶᠡᠷ ᠲᠤᠷᠰᠢᠯᠭ᠎ᠠ ᠰᠤᠯᠢᠯᠴᠠᠬᠤ᠂ ᠲᠤᠰ ᠰᠠᠯᠪᠤᠷᠢ ᠢᠢᠨ ᠮᠡᠷᠭᠡᠵᠢᠯᠲᠡᠨ ᠦ ᠰᠣᠯᠢᠯᠴᠠᠭ᠎ᠠ ᠢᠢ ᠡᠷᠴᠢᠮᠵᠢᠭᠦᠯᠬᠦ ᠪᠣᠯᠤᠮᠵᠢ ᠢᠢ ᠡᠷᠢᠯᠬᠢᠯᠡᠵᠦ ᠠᠵᠢᠯᠯᠠᠬᠤ ᠪᠠᠷ ᠪᠣᠯᠪᠠ᠃

8. ᠲᠠᠯ ᠠ ᠨᠤᠭᠤᠳ ᠬᠥᠳᠡᠭᠡ ᠠᠵᠤ ᠠᠬᠤᠢ ᠢᠢᠨ ᠰᠠᠯᠪᠤᠷᠢ ᠢᠢ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠲᠤᠯᠭᠠᠭᠤᠷᠢ ᠰᠠᠯᠪᠤᠷᠢ ᠪᠣᠯᠬᠤ ᠢᠢ ᠲᠡᠮᠳᠡᠭᠯᠡᠵᠦ᠂ ᠬᠣᠶᠠᠷ ᠣᠷᠣᠨ ᠤ ᠳᠠᠪᠠᠭᠤ ᠲᠠᠯ᠎ᠠ ᠪᠦᠬᠦᠢ ᠬᠥᠳᠡᠭᠡ ᠠᠵᠤ ᠠᠬᠤᠢ ᠢᠢᠨ ᠪᠦᠲᠦᠭᠡᠭ᠍ᠳᠡᠬᠦᠨ᠂ ᠦᠢᠯᠡᠴᠢᠯᠡᠭᠡ ᠢᠢ ᠬᠣᠶᠠᠷ ᠤᠯᠤᠰ ᠤᠨ ᠵᠠᠬ᠎ᠠ ᠵᠡᠭᠡᠯᠢ ᠳᠥ ᠬᠠᠷᠢᠯᠴᠠᠨ ᠨᠡᠪᠲᠡᠷᠡᠭᠦᠯᠬᠦ ᠲᠠᠭᠠᠲᠠᠢ ᠨᠥᠬᠥᠴᠡᠯ ᠢ ᠪᠦᠷᠢᠳᠦᠭᠦᠯᠬᠦ᠂ ᠲᠤᠷᠰᠢᠯᠭ᠎ᠠ ᠰᠤᠯᠢᠯᠴᠠᠬᠤ᠂ ᠲᠤᠰ ᠰᠠᠯᠪᠤᠷᠢ ᠢᠢᠨ ᠮᠡᠷᠭᠡᠵᠢᠯᠲᠡᠨ ᠨᠤᠭᠦᠳ ᠦᠨ ᠰᠣᠯᠢᠯᠴᠠᠭ᠎ᠠ ᠢᠢ ᠨᠡᠮᠡᠭᠳᠡᠭᠦᠯᠬᠦ ᠪᠡᠷ ᠰᠠᠨᠠᠯ ᠨᠢᠭᠡᠳᠪᠡ᠃

9. ᠲᠠᠯ ᠠ ᠨᠤᠭᠤᠳ ᠮᠠᠯ ᠠᠵᠤ ᠠᠬᠤᠢ᠂ ᠲᠡᠭᠦᠨ ᠦ ᠳᠣᠲᠣᠷ᠎ᠠ ᠪᠡᠯᠴᠢᠭᠡᠷ ᠦᠨ ᠮᠧᠨᠧᠵᠮᠧᠨ᠋ᠲ᠂ ᠰᠠᠷᠯᠤᠭ᠂ ᠬᠣᠨᠢ᠂ ᠪᠠᠩᠬᠤᠷ ᠵᠡᠷᠭᠡ ᠥᠨᠳᠥᠷᠯᠢᠭ ᠭᠠᠵᠠᠷ ᠤᠨ ᠠᠮᠢᠲᠠᠳ ᠤᠨ ᠮᠠᠯᠯᠠᠭ᠎ᠠ᠂ ᠦᠷᠡᠵᠢᠭᠦᠯᠭᠡ ᠢᠢᠨ ᠰᠠᠢᠢᠨ ᠲᠤᠷᠰᠢᠯᠭ᠎ᠠ ᠢᠢ ᠬᠤᠪᠢᠶᠠᠯᠴᠠᠬᠤ᠂ ᠲᠠᠷᠬᠠᠯᠲᠠ ᠢᠢᠨ ᠬᠦᠷᠢᠶ᠎ᠡ ᠢᠢ ᠦᠷᠭᠡᠳᠭᠡᠬᠦ᠂ ᠨᠡᠩ ᠢᠯᠠᠩ᠋ᠭᠤᠶ᠎ᠠ ᠮᠢᠬ᠎ᠠ᠂ ᠰᠦ᠋ᠨ᠂ ᠬᠥᠭᠡᠪᠦᠷ ᠵᠡᠷᠭᠡ ᠪᠦᠲᠦᠭᠡᠭ᠍ᠳᠡᠬᠦᠨ ᠢ ᠪᠣᠯᠪᠠᠰᠤᠷᠠᠭᠤᠯᠬᠤ ᠴᠢᠭᠯᠡᠯ ᠳᠥ ᠨᠢᠭ᠌ᠲᠠ ᠬᠠᠮᠲᠤᠷᠠᠨ ᠠᠵᠢᠯᠯᠠᠬᠤ ᠪᠠᠷ ᠲᠣᠬᠢᠷᠠᠪᠠ᠃

10. ᠲᠠᠯ ᠠ ᠨᠤᠭᠤᠳ ᠮᠣᠩ᠋ᠭᠣᠯ ᠤᠯᠤᠰ᠂ ᠪᠥᠲ᠋ᠠᠨ ᠤ ᠬᠠᠭᠠᠨᠲᠤ ᠤᠯᠤᠰ ᠨᠢ ᠠᠭᠤᠷ ᠠᠮᠢᠰᠬᠤᠯ ᠤᠨ ᠥᠭᠡᠷᠡᠴᠢᠯᠡᠯᠲᠡ ᠳᠥ ᠥᠷᠲᠦᠮᠡᠲᠡᠭᠡᠢ ᠤᠯᠤᠰ ᠣᠷᠣᠨ ᠨᠤᠭᠤᠳ ᠭᠡᠳᠡᠭ ᠢ ᠣᠨᠴᠠᠯᠠᠵᠤ᠂ ᠭᠠᠩ ᠳᠤ ᠲᠡᠰᠪᠦᠷᠢᠲᠡᠢ ᠲᠠᠷᠢᠮᠠᠯ ᠰᠣᠷᠲ ᠤᠳ ᠢ ᠨᠡᠪᠲᠡᠷᠡᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠲᠣᠬᠢᠷᠠᠭᠰᠠᠨ ᠬᠥᠳᠡᠭᠡ ᠠᠵᠤ ᠠᠬᠤᠢ ᠢᠢᠨ ᠠᠷᠭ᠎ᠠ ᠪᠠᠷᠢᠯ ᠢ ᠬᠥᠭ᠍ᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠪᠣᠯᠪᠠ᠃

11. ᠪᠥᠲ᠋ᠠᠨ ᠤ ᠲᠠᠯ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠰᠠᠢᠢᠰᠢᠶᠠᠨ ᠲᠡᠮᠳᠡᠭᠯᠡᠪᠡ᠃ ᠮᠣᠩ᠋ᠭᠣᠯ ᠤᠨ ᠲᠠᠯ᠎ᠠ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠦᠨ ᠲᠠᠷᠢᠶᠠᠯᠠᠩᠴᠢᠳ ᠲᠤ ᠴᠢᠭᠯᠡᠭᠰᠡᠨ 《ᠵᠠᠭᠤᠨ ᠰᠠᠶ᠎ᠠ ᠵᠢᠮᠢᠰ ‍ᠥᠨ ᠮᠣᠳᠣ》 ᠲᠠᠷᠢᠬᠤ ᠡᠳ᠋ ᠦᠨ ᠵᠠᠰᠠᠭ ᠤᠨ ᠰᠠᠨᠠᠭᠠᠴᠢᠯᠠᠭ᠎ᠠ ᠢᠢ ᠥᠨᠳᠥᠷ ᠢᠶᠡᠷ ᠦᠨᠡᠯᠡᠪᠡ᠃ ᠲᠠᠯ ᠠ ᠨᠤᠭᠤᠳ ᠬᠣᠶᠠᠷ ᠤᠯᠤᠰ ᠤᠨ ᠬᠣᠭᠣᠷᠣᠨᠳᠣ ᠬᠡᠷᠡᠭᠵᠢᠭᠦᠯᠵᠦ ᠪᠤᠢ ᠮᠣᠳᠣ ᠲᠠᠷᠢᠬᠤ ᠰᠢᠯᠢᠳᠡᠭ ᠲᠤᠷᠰᠢᠯᠭ᠎ᠠ ᠢᠢ ᠬᠤᠪᠢᠶᠠᠯᠴᠠᠬᠤ᠂ ᠣᠢ ᠢᠢᠨ ᠠᠵᠤ ᠠᠬᠤᠢ ᠢᠢᠨ ᠲᠣᠭᠲᠠᠪᠤᠷᠢᠲᠠᠢ ᠮᠧᠨᠧᠵᠮᠧᠨ᠋ᠲ ᠦᠨ ᠠᠷᠭ᠎ᠠ ᠲᠧᠭᠨᠢᠭ ᠢ ᠬᠥᠭ᠍ᠵᠢᠭᠦᠯᠬᠦ ᠳᠥ ᠴᠢᠭᠯᠡᠭᠰᠡᠨ ᠬᠠᠮᠲᠤᠷᠠᠭᠰᠠᠨ ᠲᠥᠰᠥᠯ᠂ ᠬᠥᠲᠥᠯᠪᠦᠷᠢ ᠬᠡᠷᠡᠭᠵᠢᠭᠦᠯᠬᠦ ᠪᠣᠯᠤᠮᠵᠢ ᠢᠢ ᠰᠤᠳᠤᠯᠤᠨ ᠠᠵᠢᠯᠯᠠᠬᠤ ᠪᠠᠷ ᠪᠣᠯᠪᠠ᠃

12. ᠲᠠᠯ ᠠ ᠨᠤᠭᠤᠳ ᠬᠣᠶᠠᠷ ᠤᠯᠤᠰ ᠤᠨ ᠪᠣᠯᠪᠠᠰᠤᠷᠠᠯ᠂ ᠰᠤᠶᠤᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠠᠷᠪᠢᠨ ᠨᠥᠭᠡᠴᠡ ᠪᠣᠯᠤᠯᠴᠠᠭ᠎ᠠ ᠪᠠᠢᠢᠭ᠎ᠠ ᠢᠢ ᠲᠡᠮᠳᠡᠭᠯᠡᠪᠡ᠃ ᠮᠣᠩ᠋ᠭᠣᠯ ᠤᠨ ᠲᠠᠯ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠣᠯᠤᠨ ᠵᠠᠰᠠᠭ ᠤᠨ ᠭᠠᠵᠠᠷ ᠤᠨ ᠲᠡᠳᠬᠦᠯᠭᠡ ᠳᠥ ᠬᠥᠲᠥᠯᠪᠦᠷᠢ ᠳᠥ ᠪᠥᠲ᠋ᠠᠨ ᠣᠶᠤᠲᠠᠨ ᠵᠠᠯᠠᠭᠤᠰ ᠢ ᠬᠠᠮᠤᠷᠤᠭᠤᠯᠬᠤ᠂ ᠪᠥᠲ᠋ᠠᠨ ᠤ ᠲᠠᠯ᠎ᠠ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠦᠨ ᠪᠣᠯᠤᠨ ᠵᠠᠰᠠᠭ ᠤᠨ ᠭᠠᠵᠠᠷ ᠤᠨ ᠲᠡᠳᠬᠦᠯᠭᠡ ᠳᠥ ᠬᠥᠲᠥᠯᠪᠦᠷᠢ ᠳᠥ ᠮᠣᠩ᠋ᠭᠣᠯ ᠣᠶᠤᠲᠠᠨ ᠵᠠᠯᠠᠭᠤᠰ ᠢ ᠲᠤᠰ ᠲᠤᠰ ᠬᠠᠮᠤᠷᠤᠭᠤᠯᠬᠤ ᠪᠠᠷ ᠰᠢᠢᠳᠪᠦᠷᠢᠯᠡᠭᠰᠡᠨ ᠢ ᠮᠡᠳᠡᠭᠳᠡᠪᠡ᠃

13. ᠲᠥᠷᠥ ᠢᠢᠨ ᠲᠡᠷᠢᠭᠦᠨ ᠨᠤᠭᠥᠳ ᠬᠣᠶᠠᠷ ᠤᠯᠤᠰ ᠤᠨ ᠠᠶᠠᠯᠠᠯ ᠵᠢᠭᠤᠯᠴᠢᠯᠠᠯ ᠤᠨ ᠳᠠᠪᠠᠭᠤ ᠲᠠᠯ᠎ᠠ᠂ ᠨᠥᠭᠡᠴᠡ ᠪᠣᠯᠤᠯᠴᠠᠭ᠎ᠠ ᠢᠢ ᠬᠠᠷᠢᠯᠴᠠᠨ ᠰᠤᠷᠲᠠᠯᠴᠢᠯᠠᠬᠤ ᠵᠠᠮ ᠢᠶᠠᠷ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠵᠦ᠂ ᠢᠷᠭᠡᠳ ᠦᠨ ᠰᠣᠯᠢᠯᠴᠠᠭ᠎ᠠ ᠢᠢ ᠨᠡᠮᠡᠭᠳᠡᠭᠦᠯᠬᠦ ᠳᠥ ᠪᠣᠳᠣᠯᠭ᠎ᠠ ᠢᠢᠨ ᠳᠡᠮᠵᠢᠯᠭᠡ ᠦᠵᠡᠭᠦᠯᠵᠦ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠵᠠᠷᠯᠠᠭᠰᠠᠨ 《Go Mongolia》 ᠦᠨᠳᠦᠰᠦᠨ ᠦ ᠪᠷᠸᠨ᠋ᠳ᠋ ᠢ ᠪᠥᠲ᠋ᠠᠨ ᠤ ᠬᠠᠭᠠᠨᠲᠤ ᠤᠯᠤᠰ ᠤᠨ ᠵᠠᠰᠠᠭ ᠤᠨ ᠭᠠᠵᠠᠷ ᠠᠴᠠ ᠵᠠᠷᠯᠠᠭᠰᠠᠨ 《Bhutan Believe》 ᠦᠨᠳᠦᠰᠦᠨ ᠦ ᠪᠷᠸᠨ᠋ᠳ᠋ ᠲᠡᠢ ᠤᠶᠠᠯᠳᠤᠭᠤᠯᠤᠨ ᠬᠠᠮᠲᠤᠷᠠᠨ ᠠᠵᠢᠯᠯᠠᠬᠤ ᠪᠣᠯᠤᠮᠵᠢ ᠢᠢ ᠡᠷᠢᠯᠬᠢᠯᠡᠵᠦ ᠠᠵᠢᠯᠯᠠᠬᠤ ᠪᠠᠷ ᠰᠠᠨᠠᠯ ᠨᠢᠭᠡᠳᠪᠡ᠃

14. ᠲᠠᠯ ᠠ ᠨᠤᠭᠤᠳ ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠬᠤ᠂ ᠪᠠᠢᠢᠭᠠᠯᠢ ᠢᠢᠨ ᠭᠠᠮᠰᠢᠭ ᠢ ᠳᠠᠪᠠᠨ ᠲᠤᠭᠤᠯᠬᠤ᠂ ᠬᠣᠯᠪᠣᠭᠳᠠᠬᠤ ᠡᠷᠦᠰᠳᠡᠯ ᠢ ᠪᠠᠭᠤᠷᠠᠭᠤᠯᠬᠤ ᠴᠢᠭᠯᠡᠯ ᠳᠥ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃ ᠡᠨᠡ ᠬᠦᠷᠢᠶᠡᠨ ᠳᠥ ᠮᠣᠩ᠋ᠭᠣᠯ ᠤᠯᠤᠰ 2026 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠢᠢᠨ ᠲᠠᠯ ᠠ ᠨᠤᠭᠤᠳ ᠤᠨ 17 ᠳ᠋ᠤᠭᠠᠷ ᠪᠠᠭ᠎ᠠ ᠬᠤᠷᠠᠯ (COP17) ᠢ ᠵᠣᠬᠢᠶᠠᠨ ᠪᠠᠢᠢᠭᠤᠯᠬᠤ ᠪᠡᠯᠡᠳᠬᠡᠯ ᠠᠵᠢᠯ ᠢ ᠡᠬᠢᠯᠡᠭᠦᠯᠦᠭᠰᠡᠨ ᠢ ᠣᠨᠴᠠᠯᠠᠭᠠᠳ ᠪᠥᠲ᠋ᠠᠨ ᠤ ᠲᠠᠯ᠎ᠠ ᠠᠴᠠ ᠳᠡᠭᠡᠳᠦ᠂ ᠥᠨᠳᠥᠷ ᠲᠦᠪᠰᠢᠨ ᠳᠥ ᠲᠥᠯᠥᠭᠡᠯᠡᠭᠴᠢ ᠣᠷᠤᠯᠴᠠᠭᠤᠯᠬᠤ ᠢᠢ ᠬᠦᠰᠡᠯᠲᠡ ᠪᠣᠯᠭᠠᠪᠠ᠃

15. ᠲᠠᠯ ᠠ ᠨᠤᠭᠤᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠪᠤᠰᠤᠳ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠦᠷᠭᠦᠯᠵᠢᠯᠡᠭᠦᠯᠦᠨ ᠨᠢᠭ᠌ᠲᠠ ᠬᠠᠮᠲᠤᠷᠠᠨ ᠠᠵᠢᠯᠯᠠᠵᠤ᠂ ᠬᠠᠷᠢᠯᠴᠠᠨ ᠪᠡᠶ᠎ᠡ ᠪᠡᠶ᠎ᠡ ᠪᠡᠨ ᠳᠡᠮᠵᠢᠬᠦ ᠪᠡᠨ ᠢᠯᠡᠷᠬᠡᠢᠢᠯᠡᠪᠡ᠃ ᠲᠡᠭᠦᠨᠴᠢᠯᠡᠨ ᠲᠠᠯ᠎ᠠ ᠨᠤᠭᠤᠳ ᠤᠯᠠᠭᠠᠨᠪᠠᠭᠠᠲᠤᠷ ᠬᠣᠲᠠ ᠳᠤ ᠲᠥᠪ ᠲᠡᠢ 《ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ》 ᠍ ᠦᠨ ᠦᠢᠯᠡ ᠠᠵᠢᠯᠯᠠᠭ᠎ᠠ ᠢᠢ ᠰᠠᠢᠢᠰᠢᠶᠠᠵᠤ᠂ ᠡᠨᠡ ᠴᠢᠭᠯᠡᠯ ᠳᠥ ᠦᠷᠭᠦᠯᠵᠢᠯᠡᠭᠦᠯᠦᠨ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠨᠣᠲᠠᠯᠠᠪᠠ᠃

16. ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠳᠠᠷᠠᠭᠠᠬᠢ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠪᠠ᠃ ᠡᠭᠦᠨ ᠳᠥ᠄

– ᠤᠯᠠᠮᠵᠢᠯᠠᠯᠲᠤ ᠠᠨᠠᠭᠠᠬᠤ ᠤᠬᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠡᠷᠡᠭᠦᠯ ᠮᠡᠨᠳᠦ ᠢᠢᠨ ᠶᠠᠮᠤ᠂ ᠪᠥᠲ᠋ᠠᠨ ᠤ ᠬᠠᠭᠠᠨᠲᠤ ᠤᠯᠤᠰ ᠤᠨ ᠡᠷᠡᠭᠦᠯ ᠮᠡᠨᠳᠦ ᠢᠢᠨ ᠶᠠᠮᠤ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌᠂

– ᠥᠨᠳᠥᠷᠯᠢᠭ ᠨᠤᠲᠤᠭ ᠤᠨ ᠮᠠᠯ ᠠᠵᠤ ᠠᠬᠤᠢ ᠪᠣᠯᠤᠨ ᠪᠡᠯᠴᠢᠭᠡᠷ ᠢ ᠬᠥᠭ᠍ᠵᠢᠭᠦᠯᠬᠦ ᠲᠧᠭᠨᠢᠭ ᠦᠨ ᠬᠠᠮᠲᠤ ᠢᠢᠨ ᠠᠵᠢᠯᠯᠠᠭᠠᠨ ᠤ ᠲᠤᠬᠠᠢ ᠮᠣᠩ᠋ᠭᠣᠯ ᠤᠯᠤᠰ ᠤᠨ ᠬᠦᠨᠡᠰᠦ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ ᠢᠢᠨ ᠶᠠᠮᠤ᠂ ᠪᠥᠲ᠋ᠠᠨ ᠤ ᠬᠠᠭᠠᠨᠲᠤ ᠤᠯᠤᠰ ᠤᠨ ᠬᠥᠳᠡᠭᠡ ᠠᠵᠤ ᠠᠬᠤᠢ᠂ ᠮᠠᠯ ᠠᠵᠤ ᠠᠬᠤᠢ ᠢᠢᠨ ᠶᠠᠮᠤ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌᠂

– ᠮᠣᠩ᠋ᠭᠣᠯ ᠤᠯᠤᠰ ᠤᠨ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤ ᠪᠣᠯᠤᠨ ᠪᠥᠲ᠋ᠠᠨ ᠤ ᠬᠠᠭᠠᠨᠲᠤ ᠤᠯᠤᠰ ᠤᠨ ᠪᠣᠯᠪᠠᠰᠤᠷᠠᠯ᠂ ᠤᠷ᠎ᠠ ᠴᠢᠳᠠᠪᠤᠷᠢ ᠬᠥᠭ᠍ᠵᠢᠯ ᠦᠨ ᠶᠠᠮᠤ ᠬᠣᠭᠣᠷᠣᠨᠳᠣ ᠢᠢᠨ ᠪᠣᠯᠪᠠᠰᠤᠷᠠᠯ ᠤᠨ ᠰᠠᠯᠪᠤᠷᠢ ᠳᠠᠬᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌᠂

– ᠰᠤᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠰᠤᠶᠤᠯ ᠤᠨ ᠶᠠᠮᠤ᠂ ᠪᠥᠲ᠋ᠠᠨ ᠤ ᠬᠠᠭᠠᠨᠲᠤ ᠤᠯᠤᠰ ᠤᠨ ᠳᠣᠲᠣᠭᠠᠳᠤ ᠬᠡᠷᠡᠭ ᠦᠨ ᠶᠠᠮᠤ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌᠂

– ᠮᠣᠩ᠋ᠭᠣᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋ ᠲᠧᠯᠧᠸᠢᠽ (MNB) ᠪᠣᠯᠤᠨ ᠪᠥᠲ᠋ᠠᠨ ᠤ ᠥᠷᠭᠡᠨ ᠨᠡᠪᠲᠡᠷᠡᠭᠦᠯᠭᠡ ᠢᠢᠨ ᠦᠢᠯᠡᠴᠢᠯᠡᠭᠡᠨ ᠦ ᠻᠣᠷᠫᠣᠷᠠᠼᠢ (BBSC) ᠬᠣᠭᠣᠷᠣᠨᠳᠣ ᠲᠧᠯᠧᠸᠢᠰ᠂ ᠷᠠᠳᠢᠣ᠋ ᠍ ᠢᠢᠨ ᠥᠷᠭᠡᠨ ᠨᠡᠪᠲᠡᠷᠡᠭᠦᠯᠭᠡ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌᠃

17. ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠣᠯᠤᠨ ᠮᠣᠩ᠋ᠭᠣᠯ ᠤᠨ ᠠᠷᠠᠳ ᠲᠦᠮᠡᠨ ᠳᠥ ᠪᠥᠲ᠋ᠠᠨ ᠤ ᠬᠠᠭᠠᠨᠲᠤ ᠤᠯᠤᠰ ᠤᠨ ᠲᠥᠯᠥᠭᠡᠯᠡᠭᠴᠢᠳ ᠢ ᠬᠠᠯᠠᠭᠤᠨ ᠳᠣᠲᠣᠨᠣ᠂ ᠨᠠᠢᠢᠷᠰᠠᠭ ᠢᠶᠠᠷ ᠬᠦᠯᠢᠶᠡᠨ ᠠᠪᠴᠤ ᠪᠤᠢ ᠳᠤ ᠲᠠᠯᠠᠷᠬᠠᠯ ᠢᠯᠡᠷᠬᠡᠢᠢᠯᠡᠵᠦ᠂ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢ ᠲᠠᠭᠠᠯᠠᠮᠵᠢᠲᠠᠢ ᠴᠠᠭ ᠲᠠᠭᠠᠨ ᠪᠥᠲ᠋ᠠᠨ ᠤ ᠬᠠᠭᠠᠨᠲᠤ ᠤᠯᠤᠰ ᠲᠤ ᠲᠥᠷᠥ ᠢᠢᠨ ᠠᠢᠢᠯᠴᠢᠯᠠᠯ ᠬᠢᠬᠦ ᠢᠢ ᠤᠷᠢᠪᠠ᠃

ᠤᠯᠠᠭᠠᠨᠪᠠᠭᠠᠲᠤᠷ ᠬᠣᠲᠠ

2024 ᠣᠨ ᠤ 07 ᠳ᠋ᠤᠭᠠᠷ ᠰᠠᠷ᠎ᠠ ᠢᠢᠨ 15