Та "Internet explorer"-ийн сүүлийн хувилбар болох "Microsoft edge"-г ашиглана уу

Хэрэв "Microsoft edge"-г татах бол энд дарж татаж авна уу

ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠤᠨ ᠲᠥᠷᠥ ᠢᠢᠨ ᠠᠢᠢᠯᠴᠢᠯᠠᠯ ᠥᠨᠳᠥᠷᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠤᠨ ᠠᠩᠬᠠᠨ ᠤ ᠲᠥᠷᠥ ᠢᠢᠨ ᠠᠢᠢᠯᠴᠢᠯᠠᠯ ᠥᠨᠳᠥᠷᠯᠡᠯ᠎ᠡ᠃

ᠴᠣᠭ ᠵᠢᠪᠬᠤᠯᠠᠩᠲᠤ ᠬᠠᠭᠠᠨ ᠪᠣᠯᠤᠨ ᠠᠯᠪᠠᠨ ᠤ ᠲᠥᠯᠥᠭᠡᠯᠡᠭᠴᠢᠳ ᠢ 《ᠴᠢᠩ᠋ᠭᠢᠰ ᠬᠠᠭᠠᠨ》 ᠣᠯᠠᠨ ᠤᠯᠤᠰ ᠤᠨ ᠨᠢᠰᠬᠦ ᠪᠠᠭᠤᠳᠠᠯ ᠳᠤ ᠭᠠᠳᠠᠭᠠᠳᠤ ᠬᠠᠷᠢᠯᠴᠠᠭᠠᠨ ᠤ ᠰᠠᠢᠢᠳ ᠪᠠ᠊᠂ ᠪᠠᠲᠤᠴᠡᠴᠡᠭ ᠨᠠᠷ ᠦᠳᠡᠵᠦ ᠮᠣᠷᠳᠠᠭᠤᠯᠤᠯ᠎ᠠ᠃

ᠠᠢᠢᠯᠴᠢᠯᠠᠯ ᠤᠨ ᠬᠦᠷᠢᠶᠡᠨ ᠳᠥ ᠲᠥᠷᠥ ᠢᠢᠨ ᠲᠡᠷᠢᠭᠦᠨ ᠨᠤᠭᠥᠳ ᠬᠠᠮᠲᠤᠷᠠᠭᠰᠠᠨ ᠮᠡᠳᠡᠭᠳᠡᠯ ᠭᠠᠷᠭᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ᠂ ᠬᠥᠳᠡᠭᠡ ᠠᠵᠤ ᠠᠬᠤᠢ᠂ ᠡᠷᠡᠭᠦᠯ ᠮᠡᠨᠳᠦ᠂ ᠰᠤᠶᠤᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠵᠡᠷᠭᠡ ᠲᠡᠷᠢᠭᠦᠯᠡᠬᠦ ᠰᠠᠯᠪᠤᠷᠢ ᠳᠤ ᠪᠣᠳᠠᠲᠤ ᠠᠬᠢᠴᠠ ᠭᠠᠷᠭᠠᠬᠤ ᠪᠠᠷ ᠲᠣᠬᠢᠷᠠᠯᠴᠠᠯ᠎ᠠ᠃

ᠮᠣᠩ᠋ᠭᠣᠯ ᠤᠯᠤᠰ ᠠᠽᠢ᠂ ᠨᠣᠮᠣᠬᠠᠨ ᠳᠠᠯᠠᠢ ᠢᠢᠨ ᠪᠥᠰᠡ ᠨᠤᠲᠤᠭ ᠤᠨ ᠣᠯᠠᠨ ᠲᠠᠯᠠᠲᠤ ᠬᠠᠮᠲᠤ ᠢᠢᠨ ᠠᠵᠢᠯᠯᠠᠭᠠᠨ ᠳᠤ ᠢᠳᠡᠪᠬᠢᠲᠡᠢ ᠤᠷᠤᠯᠴᠠᠬᠤ ᠪᠣᠳᠣᠯᠭ᠎ᠠ ᠢᠢᠨ ᠢᠶᠠᠨ ᠬᠦᠷᠢᠶᠡᠨ ᠳᠥ ᠪᠥᠲ᠋ᠠᠨ ᠤ ᠬᠠᠭᠠᠨᠲᠤ ᠤᠯᠤᠰ ᠢ ᠡᠮᠦᠨᠡᠲᠦ ᠠᠽᠢ ᠳᠠᠬᠢ ᠴᠢᠬᠤᠯᠠ ᠲᠦᠩᠰᠢ ᠬᠡᠮᠡᠨ ᠦᠵᠡᠳᠡᠭ᠃

ᠡᠨᠡ ᠤᠳᠠᠭ᠎ᠠ ᠢᠢᠨ ᠠᠢᠢᠯᠴᠢᠯᠠᠯ ᠨᠢ ᠬᠣᠶᠠᠷ ᠤᠯᠤᠰ ᠤᠨ ᠥᠨᠥ ᠢᠢᠨ ᠬᠠᠮᠲᠤ ᠢᠢᠨ ᠠᠵᠢᠯᠯᠠᠭᠠᠨ ᠳᠤ ᠦᠨᠡᠯᠡᠯᠲᠡ᠂ ᠳ᠋ᠦᠩᠨᠡᠯᠲᠡ ᠥᠭᠴᠦ᠂ ᠬᠡᠲᠦ ᠢᠢᠨ ᠲᠥᠯᠥᠪ ᠢ ᠲᠣᠳᠣᠷᠬᠠᠢᠢᠯᠠᠬᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠠᠲᠤᠳᠬᠠᠨ ᠪᠡᠬᠢᠵᠢᠭᠦᠯᠬᠦ ᠳᠥ ᠲᠡᠦᠬᠡᠨ ᠠᠴᠢ ᠬᠣᠯᠪᠣᠭᠳᠠᠯ ᠲᠠᠢ ᠪᠣᠯᠤᠯ᠎ᠠ᠃