Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠮᠡᠨᠳᠦᠴᠢᠯᠡᠭᠡ ᠳᠡᠪᠰᠢᠭᠦᠯᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠥᠯᠰᠥ᠋ᠬᠡ ᠳᠥ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠸᠷᠵᠣ᠋ ᠮᠠᠲ᠋ᠲ᠋ᠠᠷᠸᠯᠯᠠ ᠦᠨᠳᠦᠰᠦᠨ ᠦ ᠶᠡᠬᠡ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠪᠡ᠃

ᠮᠡᠨᠳᠦᠴᠢᠯᠡᠭᠡᠨ ᠳᠥ᠄

《ᠮᠣᠩ᠋ᠭᠣᠯ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠠᠨ ᠳᠤ ᠢᠲ᠋ᠠᠯᠢ ᠢᠢᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠴᠢᠨ ᠰᠡᠳᠬᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃

ᠤᠯᠠᠭᠠᠨᠪᠠᠭᠠᠲᠤᠷ᠂ ᠷᠣᠮ ᠤᠨ ᠬᠠᠷᠢᠯᠴᠠᠭ᠎ᠠ ᠨᠢ ᠠᠷᠠᠳᠴᠢᠯᠠᠯ᠂ ᠬᠦᠮᠦᠨ ᠦ ​​ᠡᠷᠬᠡ ᠢᠢᠨ ᠦᠨᠡᠲᠦ ᠵᠦᠢᠯᠡᠰ ᠢ ᠡᠷᠬᠢᠮᠯᠡᠨ ᠳᠡᠭᠡᠳᠦᠯᠡᠭᠰᠡᠨ᠂ ᠨᠥᠬᠥᠷᠯᠡᠯ ᠦᠨ ᠭᠦᠨ ᠭᠦᠨᠵᠡᠭᠡᠢ ᠮᠡᠳᠡᠷᠡᠮᠵᠢ ᠪᠡᠷ ᠲᠡᠳᠬᠦᠭ᠍ᠳᠡᠳᠡᠭ ᠪᠠᠲᠤ ᠪᠡᠬᠢ ᠦᠨᠳᠦᠰᠦ ᠳᠡᠭᠡᠷ᠎ᠡ ᠰᠠᠭᠤᠷᠢᠯᠠᠳᠠᠭ ᠪᠢᠯᠡ᠃

ᠬᠣᠶᠠᠷ ᠤᠯᠤᠰ ᠤᠨ ᠬᠠᠷᠢᠯᠴᠠᠭ᠎ᠠ ᠢᠢ ᠬᠠᠷᠢᠯᠴᠠᠨ ᠰᠣᠨᠢᠷᠬᠠᠭᠰᠠᠨ ᠰᠠᠯᠪᠤᠷᠢ ᠨᠤᠭᠤᠳ ᠲᠤ ᠲᠡᠳᠦᠢ ᠦᠭᠡᠢ ᠧᠦ᠋ᠷᠣᠫᠠ ᠢᠢᠨ ᠬᠣᠯᠪᠣᠭ᠎ᠠ᠂ ᠮᠣᠩ᠋ᠭᠣᠯ ᠤᠯᠤᠰ ᠤᠨ ᠬᠠᠷᠢᠯᠴᠠᠭᠠᠨ ᠤ ᠬᠦᠷᠢᠶᠡᠨ ᠳᠥ ᠬᠠᠮᠲᠤ ᠢᠢᠨ ᠠᠵᠢᠯᠯᠠᠭᠠᠨ ᠤ ᠰᠢᠨ᠎ᠡ ᠪᠣᠯᠤᠮᠵᠢ ᠢᠢ ᠡᠷᠢᠯᠬᠢᠯᠡᠬᠦ ᠵᠠᠮ ᠢᠶᠠᠷ ᠥᠷᠭᠡᠵᠢᠭᠦᠯᠦᠨ ᠬᠥ᠍ᠭ᠍ᠵᠢᠭᠦᠯᠦᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ᠃

ᠡᠳᠡᠭᠡᠷ ᠬᠦᠰᠡᠯ ᠡᠷᠡᠮᠡᠯᠵᠡᠯ ᠢᠶᠡᠨ ᠳᠤᠷᠠᠳᠬᠤ ᠢᠢᠨ ᠢᠯᠳᠠᠮ ᠳᠤ ᠡᠷᠬᠢᠮ ᠶᠡᠷᠦᠩᠬᠡᠢᠢᠯᠡᠭᠴᠢ ᠲᠠᠨ ᠳᠤ ᠡᠷᠡᠭᠦᠯ ᠡ᠊ᠩᠬᠡ᠂ ᠰᠠᠢᠢᠨ ᠰᠠᠢᠢᠬᠠᠨ᠂ ᠮᠣᠩ᠋ᠭᠣᠯ ᠤᠨ ᠨᠠᠢᠢᠷᠰᠠᠭ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ ᠢᠢᠨ ᠳᠡᠭᠡᠳᠦ ᠢᠢ ᠬᠦᠰᠡᠨ ᠢᠷᠦᠭᠡᠶ᠎ᠡ》 ᠭᠡᠵᠡᠢ᠃