《ᠰᠢᠨ᠎ᠡ ᠬᠠᠷᠠᠬᠣᠷᠣᠮ》 ᠬᠣᠲᠠ ᠢᠢᠨ ᠶᠡᠷᠦᠩᠬᠡᠢ ᠲᠥᠯᠦᠪᠯᠡᠭᠡᠨ ᠦ ᠦᠵᠡᠯ ᠪᠠᠷᠢᠮᠲᠠᠯᠠᠯ /ᠻᠣᠨ᠋ᠼᠧᠫᠼ/ ᠍ ᠢ ᠪᠣᠯᠪᠠᠰᠤᠷᠠᠭᠤᠯᠬᠤ ᠣᠯᠠᠨ ᠤᠯᠤᠰ ᠤᠨ ᠨᠡᠭᠡᠭᠡᠯᠲᠡᠲᠡᠢ ᠰᠣᠩ᠋ᠭᠣᠨ ᠰᠢᠯᠭᠠᠷᠠᠭᠤᠯᠤᠯᠲᠠ ᠢᠢᠨ ᠬᠣᠶᠠᠳᠤᠭᠠᠷ ᠱᠠᠲᠤᠨ ᠳᠤ ᠲᠡᠩᠴᠡᠭᠰᠡᠨ ᠰᠢᠯᠢᠳᠡᠭ ᠪᠦᠲᠦᠭᠡᠯ ᠦᠳ ᠢ ᠣᠯᠠᠨ ᠨᠡᠢᠢᠲᠡ ᠳᠥ ᠲᠠᠨᠢᠯᠴᠠᠭᠤᠯᠬᠤ ᠬᠣᠲᠠ ᠲᠥᠯᠥᠪᠯᠡᠯᠲᠡ ᠢᠢᠨ ᠣᠯᠠᠨ ᠤᠯᠤᠰ ᠤᠨ ᠦᠵᠡᠰᠬᠦᠯᠡᠩ ᠦᠨ ᠨᠡᠭᠡᠭᠡᠯᠲᠡ ᠥᠨᠥᠳᠥᠷ 《МПМ》 ᠴᠣᠭᠴᠠᠯᠠᠪᠤᠷᠢ ᠳᠤ ᠪᠣᠯᠤᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠭᠤ᠊᠂ ᠽᠠᠨᠳᠠᠨᠰᠢᠲᠠᠷ ᠠ ᠦᠵᠡᠰᠬᠦᠯᠡᠩ ᠦᠨ ᠨᠡᠭᠡᠭᠡᠯᠲᠡ ᠳᠥ ᠣᠷᠣᠯᠴᠠᠵᠤ᠂ ᠦᠭᠡ ᠬᠡᠯᠡᠪᠡ᠃
ᠲᠡᠷᠡ ᠪᠡᠷ ᠬᠡᠯᠡᠭᠰᠡᠨ ᠦᠭᠡ ᠢᠢᠨ ᠢᠶᠡᠨ ᠡᠬᠢᠨ ᠳᠥ᠂ ᠡᠵᠡᠨᠳᠦ ᠭᠦᠷᠦᠨ ᠦ ᠶᠡᠬᠡ ᠲᠡᠦᠬᠡ ᠢᠢᠨ ᠥᠪ᠂ ᠥᠨᠥ ᠢᠢᠨ ᠪᠦᠰᠡᠴᠢᠯᠡᠭᠰᠡᠨ ᠬᠥᠭ᠍ᠵᠢᠯ ᠦᠨ ᠴᠥᠮ᠂ ᠢᠷᠡᠭᠡᠳᠦᠢ ᠢᠢᠨ ᠮᠣᠩ᠋ᠭᠣᠯ ᠤᠯᠤᠰ ᠤᠨ ᠬᠥᠭ᠍ᠵᠢᠯ ᠦᠨ ᠲᠥᠪ᠂ ᠨᠡᠢᠢᠰᠯᠡᠯ ᠪᠣᠯᠬᠤ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠲᠡᠦᠬᠡᠨ ᠦᠢᠯᠡ ᠬᠡᠷᠡᠭ ᠲᠥ ᠪᠣᠳᠠᠲᠤ ᠬᠤᠪᠢ ᠨᠡᠮᠡᠷᠢ ᠣᠷᠣᠭᠤᠯᠵᠤ ᠬᠠᠮᠲᠤᠷᠠᠨ ᠠᠵᠢᠯᠯᠠᠬᠤ᠂ ᠳᠡᠮᠵᠢᠬᠦ ᠪᠡᠷ ᠬᠦᠷᠦᠯᠴᠡᠨ ᠢᠷᠡᠭᠰᠡᠨ ᠬᠣᠲᠠ ᠲᠥᠯᠥᠪᠯᠡᠭᠴᠢ᠂ ᠤᠷᠠᠨ ᠪᠠᠷᠢᠯᠭᠠᠴᠢ᠂ ᠢᠨ᠋ᠵᠧᠨᠧᠷ᠂ ᠡᠷᠳᠡᠮᠲᠡᠨ ᠰᠤᠳᠤᠯᠤᠭᠠᠴᠢᠳ ᠲᠤ ᠭᠦᠨ ᠲᠠᠯᠠᠷᠬᠠᠯ ᠢᠯᠡᠷᠬᠡᠢᠢᠯᠡᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2022 ᠣᠨ ᠳᠤ ᠪᠤᠶᠤ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠪᠠᠷ ᠮᠣᠩ᠋ᠭᠣᠯ ᠤᠨ ᠡᠷᠲᠡᠨ ᠦ ᠲᠥᠷᠥᠳᠦ ᠤᠯᠤᠰ ᠤᠳ ᠤᠨ ᠠᠷᠢᠭᠤᠨ ᠭᠠᠯ ᠭᠣᠯᠣᠮᠲᠠ ᠪᠣᠯᠤᠭᠰᠠᠨ ᠳᠡᠯᠡᠬᠡᠢ ᠢᠢᠨ ᠦᠨᠡᠲᠦ ᠥᠪ – ᠣᠷᠬᠣᠨ ᠤ ᠬᠥᠨᠳᠡᠢ ᠢᠢᠨ ᠲᠡᠦᠬᠡ᠂ ᠰᠤᠶᠤᠯ ᠤᠨ ᠳᠤᠷᠠᠰᠬᠠᠯᠲᠤ ᠭᠠᠵᠠᠷ ᠨᠤᠲᠤᠭ ᠲᠤ ᠶᠡᠬᠡ ᠮᠣᠩ᠋ᠭᠣᠯ ᠤᠯᠤᠰ ᠤᠨ ᠨᠡᠢᠢᠰᠯᠡᠯ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠵᠠᠷᠯᠢᠭ ᠭᠠᠷᠭᠠᠨ᠂ ᠵᠠᠰᠠᠭ ᠤᠨ ᠭᠠᠵᠠᠷ ᠲᠤ ᠴᠢᠭᠯᠡᠯ ᠪᠣᠯᠭᠠᠭᠰᠠᠨ ᠢ ᠲᠡᠮᠳᠡᠭᠯᠡᠪᠡ᠃
ᠲᠡᠭᠦᠨᠴᠢᠯᠡᠨ ᠤᠯᠤᠰ ᠤᠨ ᠶᠡᠬᠡ ᠬᠤᠷᠠᠯ ᠠᠴᠠ ᠬᠣᠶᠠᠷ ᠤᠳᠠᠭ᠎ᠠ ᠲᠣᠭᠲᠠᠭᠠᠯ ᠪᠠᠲᠤᠯᠠᠵᠤ᠂ ᠰᠢᠨ᠎ᠡ ᠬᠠᠷᠠᠬᠣᠷᠣᠮ ᠬᠣᠲᠠ ᠢᠢ ᠪᠠᠢᠢᠭᠤᠯᠬᠤ ᠪᠠᠷ ᠰᠣᠩ᠋ᠭᠣᠭᠰᠠᠨ ᠤᠯᠠᠭᠠᠨᠪᠠᠭᠠᠲᠤᠷ ᠬᠣᠲᠠ ᠠᠴᠠ ᠭᠤᠷᠪᠠ ᠳᠠᠬᠢᠨ ᠲᠣᠮᠣ ᠬᠡᠮᠵᠢᠶ᠎ᠡ ᠲᠡᠢ ᠭᠠᠵᠠᠷ ᠨᠤᠲᠤᠭ ᠢ ᠤᠯᠤᠰ ᠤᠨ ᠲᠤᠰᠬᠠᠢ ᠬᠠᠮᠠᠭᠠᠯᠠᠯᠲᠠ ᠳᠤ ᠠᠪᠴᠤ᠂ ᠵᠠᠰᠠᠭ ᠤᠨ ᠭᠠᠵᠠᠷ ᠲᠤ ᠪᠦᠲᠦᠭᠡᠨ ᠪᠠᠢᠢᠭᠤᠯᠤᠯᠲᠠ ᠢᠢᠨ ᠠᠰᠠᠭᠤᠳᠠᠯ ᠬᠠᠷᠢᠭᠤᠴᠠᠭᠰᠠᠨ ᠵᠠᠬᠢᠷᠭ᠎ᠠ ᠪᠠᠢᠢᠭᠤᠯᠬᠤ ᠴᠢᠭᠯᠡᠯ ᠥᠭ᠍ᠭᠦᠭ᠍ᠰᠡᠨ ᠦ ᠳᠠᠭᠠᠭᠤ ᠵᠠᠬᠢᠷᠭ᠎ᠠ ᠪᠠᠢᠢᠭᠤᠯᠤᠭᠳᠠᠨ ᠦᠢᠯᠡ ᠠᠵᠢᠯᠯᠠᠭ᠎ᠠ ᠪᠠᠨ ᠶᠠᠪᠤᠭᠤᠯᠵᠤ ᠪᠠᠢᠢᠭ᠎ᠠ ᠢᠢ ᠳᠤᠷᠠᠳᠤᠯ᠎ᠠ᠃
ᠣᠳᠣ ᠠᠴᠠ 800 ᠭᠠᠷᠤᠢ ᠵᠢᠯ ᠦᠨ ᠲᠡᠷᠲᠡᠭᠡ ᠪᠤᠶᠤ 1220 ᠣᠨ ᠳᠤ ᠶᠡᠬᠡ ᠡᠵᠡᠨ ᠴᠢᠩ᠋ᠭᠢᠰ ᠬᠠᠭᠠᠨ ᠤ ᠵᠠᠷᠯᠢᠭ ᠢᠶᠠᠷ ᠣᠷᠬᠣᠨ ᠭᠣᠣᠯ ᠤᠨ ᠬᠥᠨᠳᠡᠢ ᠳᠥ ᠪᠠᠢᠢᠭᠤᠯᠤᠭᠰᠠᠨ ᠬᠠᠷᠠᠬᠣᠷᠣᠮ ᠬᠣᠲᠠ ᠨᠢ ᠵᠥᠪᠬᠡᠨ ᠶᠡᠬᠡ ᠮᠣᠩ᠋ᠭᠣᠯ ᠤᠯᠤᠰ ᠤᠨ ᠨᠡᠢᠢᠭᠡᠮ᠂ ᠰᠤᠶᠤᠯ ᠤᠨ ᠲᠥᠪ ᠲᠡᠳᠦᠢ ᠦᠭᠡᠢ᠂ ᠲᠤᠬᠠᠢ ᠢᠢᠨ ᠦᠶ᠎ᠡ ᠢᠢᠨ ᠢᠶᠡᠨ ᠳᠡᠯᠡᠬᠡᠢ ᠢᠢᠨ ᠤᠯᠤᠰ ᠲᠥᠷᠥ᠂ ᠬᠤᠳᠠᠯᠳᠤᠭ᠎ᠠ᠂ ᠡᠳ᠋᠍ ᠦᠨ ᠵᠠᠰᠠᠭ᠂ ᠴᠡᠷᠢᠭ᠂ ᠳ᠋ᠢᠫᠯᠣᠮᠠᠲ ᠬᠠᠷᠢᠯᠴᠠᠭ᠎ᠠ ᠪᠣᠯᠤᠨ ᠰᠢᠨᠵᠢᠯᠡᠬᠦ ᠤᠬᠠᠭᠠᠨ᠂ ᠱᠠᠰᠢᠨ ᠰᠤᠶᠤᠯ ᠤᠨ ᠲᠥᠪ᠂ ᠥᠷᠥᠨ᠎ᠡ ᠬᠢᠭᠡᠳ ᠳᠣᠷᠣᠨ᠎ᠠ ᠳᠠᠬᠢᠨ ᠢ ᠬᠣᠯᠪᠣᠭᠰᠠᠨ ᠭᠦᠭᠦᠷᠭᠡ᠂ ᠲᠤᠬᠠᠢ ᠢᠢᠨ ᠦᠶ ᠡ ᠳᠡᠭᠡᠨ ᠳᠡᠯᠡᠬᠡᠢ ᠢᠢᠨ ᠨᠡᠢᠢᠰᠯᠡᠯ ᠦᠨ ᠬᠡᠮᠵᠢᠶᠡᠨ ᠳᠥ ᠬᠦᠷᠴᠦ ᠬᠥᠭ᠍ᠵᠢᠭᠰᠡᠨ᠂ ᠲᠣᠷᠭᠠᠨ ᠤ ᠵᠠᠮ ᠤᠨ ᠭᠣᠣᠯ ᠵᠠᠩ᠋ᠭᠢᠯᠠᠭ᠎ᠠ ᠬᠣᠲᠠ ᠪᠠᠢᠢᠭᠰᠠᠨ ᠭᠡᠳᠡᠭ ᠢ ᠣᠨᠴᠠᠯᠠᠪᠠ᠃
ᠥᠨᠥᠳᠥᠷ ᠮᠣᠩ᠋ᠭᠣᠯ ᠤᠯᠤᠰ ᠲᠤ ᠲᠤᠯᠭᠠᠮᠳᠠᠭᠠᠳ ᠪᠤᠢ ᠬᠡᠲᠦ ᠲᠥᠪᠯᠡᠷᠡᠯ ᠡᠴᠡ ᠰᠢᠯᠲᠠᠭᠠᠯᠠᠭᠰᠠᠨ ᠨᠡᠢᠢᠭᠡᠮ᠂ ᠡᠳ᠋ ᠦᠨ ᠵᠠᠰᠠᠭ᠂ ᠡᠷᠡᠭᠦᠯ ᠮᠡᠨᠳᠦ᠂ ᠪᠣᠯᠪᠠᠰᠤᠷᠠᠯ᠂ ᠪᠠᠢᠢᠭᠠᠯᠢ ᠡᠻᠣᠯᠣᠭᠢ ᠢᠢᠨ ᠠᠰᠠᠭᠤᠳᠠᠯ ᠤᠳ ᠢ ᠰᠢᠢᠳᠪᠦᠷᠢᠯᠡᠵᠦ᠂ ᠢᠷᠭᠡᠳ ᠦᠨ ᠠᠮᠢᠳᠤᠷᠠᠬᠤ ᠨᠥᠬᠥᠴᠡᠯ ᠢ ᠰᠠᠢᠢᠵᠢᠷᠠᠭᠤᠯᠬᠤ᠂ ᠮᠥᠨ ᠪᠦᠰᠡᠴᠢᠯᠡᠭᠰᠡᠨ ᠬᠥᠭ᠍ᠵᠢᠯ ᠦᠨ ᠰᠢᠨ᠎ᠡ ᠲᠥᠪ ᠪᠠᠢᠢᠭᠤᠯᠬᠤ ᠬᠡᠷᠡᠭᠴᠡᠭᠡ ᠱᠠᠭᠠᠷᠳᠠᠯᠭ᠎ᠠ ᠪᠤᠢ ᠪᠣᠯᠤᠭᠰᠠᠨ ᠢ ᠲᠣᠳᠣᠳᠬᠠᠯ ᠠ᠃
ᠡᠢᠢᠮᠦ ᠳᠥ ᠮᠣᠩ᠋ᠭᠣᠯ ᠤᠯᠤᠰ ᠤᠨ ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ 《ᠠᠯᠤᠰ ᠤᠨ ᠬᠠᠷᠠᠭ᠎ᠠ 2050》 ᠍ ᠳᠤ ᠲᠡᠦᠬᠡ ᠢᠢᠨ ᠥᠪ ᠰᠤᠶᠤᠯ ᠢ ᠰᠤᠳᠤᠯᠬᠤ᠂ ᠰᠤᠷᠲᠠᠯᠴᠢᠯᠠᠬᠤ᠂ ᠬᠦᠮᠦᠨ ᠠᠮᠠ ᠢᠢᠨ ᠨᠤᠲᠤᠭᠰᠢᠯᠲᠠ᠂ ᠰᠠᠭᠤᠷᠢᠰᠢᠯ ᠤᠨ ᠵᠣᠬᠢᠰᠲᠠᠢ ᠲᠣᠭᠲᠠᠯᠴᠠᠭ᠎ᠠ ᠢᠢ ᠪᠦᠷᠢᠳᠦᠭᠦᠯᠬᠦ ᠪᠣᠯᠤᠨ ᠪᠦᠰᠡᠴᠢᠯᠡᠭᠰᠡᠨ ᠬᠥᠭ᠍ᠵᠢᠯ ᠢ ᠡᠷᠴᠢᠮᠵᠢᠭᠦᠯᠬᠦ ᠵᠣᠷᠢᠯᠭ᠎ᠠ ᠪᠠᠷ 《2021-2030 ᠣᠨ ᠳᠤ ᠣᠷᠬᠣᠨ ᠤ ᠬᠥᠨᠳᠡᠢ ᠳᠥ ᠰᠢᠨ᠎ᠡ ᠬᠣᠲᠠ ᠢᠢᠨ ᠪᠠᠢᠢᠷᠢᠰᠢᠯ ᠢ ᠲᠣᠳᠣᠷᠬᠠᠢᠢᠯᠠᠵᠤ᠂ ᠲᠧᠭᠨᠢᠭ᠂ ᠡᠳ᠋ ᠦᠨ ᠵᠠᠰᠠᠭ ᠤᠨ ᠦᠨᠳᠦᠰᠦᠯᠡᠯ᠂ ᠬᠥᠭ᠍ᠵᠢᠯ ᠦᠨ ᠶᠡᠷᠦᠩᠬᠡᠢ ᠲᠥᠯᠥᠪᠯᠡᠭᠡ ᠪᠣᠯᠪᠠᠰᠤᠷᠠᠭᠤᠯᠵᠤ᠂ ᠪᠦᠲᠦᠭᠡᠨ ᠪᠠᠢᠢᠭᠤᠯᠤᠯᠲᠠ ᠢᠢᠨ ᠠᠵᠢᠯ ᠢ ᠡᠬᠢᠯᠡᠭᠦᠯᠬᠦ ᠪᠡᠷ ᠵᠢᠭᠠᠭᠰᠠᠨ ᠭᠡᠳᠡᠭ ᠢ ᠬᠡᠯᠡᠯ᠎ᠡ᠃
ᠰᠢᠨ᠎ᠡ ᠬᠠᠷᠠᠬᠣᠷᠣᠮ ᠬᠣᠲᠠ ᠢᠢ ᠪᠠᠢᠢᠭᠤᠯᠵᠤ᠂ ᠲᠡᠦᠬᠡᠨ ᠬᠣᠲᠠ ᠪᠠᠨ ᠰᠡᠷᠭᠦᠭᠡᠭ᠍ᠰᠡᠨ ᠢᠶᠡᠷ ᠮᠣᠩ᠋ᠭᠣᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠ ᠳᠤ ᠪᠤᠢ ᠪᠣᠯᠤᠭᠰᠠᠨ ᠬᠡᠲᠦ ᠲᠥᠪᠯᠡᠷᠡᠯ ᠢ ᠰᠠᠭᠠᠷᠠᠭᠤᠯᠤᠨ᠂ ᠪᠥᠰᠡ ᠨᠤᠲᠤᠭ᠂ ᠣᠷᠣᠨ ᠨᠤᠲᠤᠭ ᠤᠨ ᠲᠡᠩᠴᠡᠪᠦᠷᠢᠲᠡᠢ ᠬᠥᠭ᠍ᠵᠢᠯ ᠢ ᠬᠠᠩ᠋ᠭᠠᠵᠤ᠂ ᠨᠡᠢᠢᠭᠡᠮ᠂ ᠡᠳ᠋ ᠦᠨ ᠵᠠᠰᠠᠭ᠂ ᠠᠶᠠᠯᠠᠯ ᠵᠢᠭᠤᠯᠴᠢᠯᠠᠯ᠂ ᠰᠢᠨᠵᠢᠯᠡᠬᠦ ᠤᠬᠠᠭᠠᠨ᠂ ᠲᠡᠦᠬᠡ ᠠᠷᠬᠧᠣᠯᠣᠭᠢ ᠢᠢᠨ ᠳᠤᠷᠠᠰᠬᠠᠯ ᠳᠤ ᠲᠦᠰᠢᠭᠯᠡᠭᠰᠡᠨ ᠬᠥᠭ᠍ᠵᠢᠯ ᠦᠨ ᠰᠢᠨ᠎ᠡ ᠲᠥᠪ ᠪᠤᠢ ᠪᠣᠯᠵᠤ᠂ ᠦᠨᠳᠦᠰᠦᠨ ᠦ ᠪᠠᠬᠠᠷᠬᠠᠯ᠂ ᠨᠢᠭᠡᠳᠦᠮᠡᠯ ᠦᠨᠡᠲᠦ ᠵᠦᠢᠯᠡᠰ ᠢ ᠪᠠᠲᠤᠳᠬᠠᠨ ᠪᠡᠬᠢᠵᠢᠭᠦᠯᠦᠨ᠎ᠡ ᠭᠡᠳᠡᠭ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠭᠣ᠊᠂ ᠽᠠᠨᠳᠠᠨᠰᠢᠲᠠᠷ ᠠ ᠣᠨᠴᠠᠯᠠᠨ ᠲᠡᠮᠳᠡᠭᠯᠡᠪᠡ᠃
ᠰᠢᠨ᠎ᠡ ᠬᠠᠷᠠᠬᠣᠷᠣᠮ ᠬᠣᠲᠠ ᠨᠢ ᠢᠷᠡᠭᠡᠳᠦᠢ ᠢᠢᠨ ᠮᠣᠩ᠋ᠭᠣᠯ ᠤᠯᠤᠰ ᠤᠨ ᠬᠥᠭ᠍ᠵᠢᠯ ᠦᠨ ᠲᠥᠪ᠂ ᠰᠢᠨ᠎ᠡ ᠨᠡᠢᠢᠰᠯᠡᠯ ᠪᠣᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠯ᠎ᠡ᠃
ᠰᠢᠨ᠎ᠡ ᠪᠡᠷ ᠬᠣᠲᠠ ᠪᠠᠢᠢᠭᠤᠯᠵᠤ ᠪᠤᠢ ᠤᠯᠤᠰ ᠣᠷᠣᠨ ᠨᠤᠭᠤᠳ ᠢᠷᠡᠭᠡᠳᠦᠢ ᠢᠢᠨ ᠬᠥᠭ᠍ᠵᠢᠯ ᠦᠨ ᠴᠢᠭ᠌ ᠬᠠᠨᠳᠤᠯᠭ᠎ᠠ᠂ ᠬᠣᠲᠠ ᠲᠥᠯᠥᠪᠯᠡᠯᠲᠡ ᠢᠢᠨ ᠣᠯᠠᠨ ᠤᠯᠤᠰ ᠤᠨ ᠰᠢᠯᠢᠳᠡᠭ ᠲᠤᠷᠰᠢᠯᠭ᠎ᠠ᠂ ᠰᠢᠨᠡᠯᠡᠭ ᠰᠠᠨᠠᠭ᠎ᠠ᠂ ᠰᠢᠢᠳᠦᠯ ᠢ ᠲᠤᠰᠬᠠᠨ ᠦᠵᠡᠯ ᠪᠠᠷᠢᠮᠲᠠᠯᠠᠯ ᠢᠶᠠᠨ ᠲᠣᠳᠣᠷᠬᠠᠢᠢᠯᠠᠳᠠᠭ ᠣᠯᠠᠨ ᠤᠯᠤᠰ ᠤᠨ ᠵᠢᠱᠢᠭ ᠦᠨ ᠳᠠᠭᠠᠭᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠲᠣᠭᠲᠠᠭᠠᠯ ᠭᠠᠷᠭᠠᠵᠤ᠂ 《ᠰᠢᠨ᠎ᠡ ᠬᠠᠷᠠᠬᠣᠷᠣᠮ》 ᠬᠣᠲᠠ ᠢᠢᠨ ᠶᠡᠷᠦᠩᠬᠡᠢ ᠲᠥᠯᠦᠪᠯᠡᠭᠡᠨ ᠦ ᠦᠵᠡᠯ ᠪᠠᠷᠢᠮᠲᠠᠯᠠᠯ /ᠻᠣᠨ᠋ᠼᠧᠫᠼ/ ᠪᠣᠯᠪᠠᠰᠤᠷᠠᠭᠤᠯᠬᠤ ᠣᠯᠠᠨ ᠤᠯᠤᠰ ᠤᠨ ᠨᠡᠭᠡᠭᠡᠯᠲᠡᠲᠡᠢ ᠰᠣᠩ᠋ᠭᠣᠨ ᠰᠢᠯᠭᠠᠷᠠᠭᠤᠯᠤᠯᠲᠠ ᠢᠢ 2024 ᠣᠨ ᠤ 03 ᠳ᠋ᠤᠭᠠᠷ ᠰᠠᠷ᠎ᠠ ᠳᠤ ᠵᠠᠷᠯᠠᠭᠰᠠᠨ᠃
ᠣᠯᠠᠨ ᠤᠯᠤᠰ ᠤᠨ ᠨᠡᠭᠡᠭᠡᠯᠲᠡᠲᠡᠢ ᠰᠣᠩ᠋ᠭᠣᠨ ᠰᠢᠯᠭᠠᠷᠠᠭᠤᠯᠤᠯᠲᠠ ᠳᠤ ᠨᠡᠢᠢᠲᠡ 54 ᠤᠯᠤᠰ ᠤᠨ 428 ᠪᠠᠭ ᠪᠦᠷᠢᠳᠬᠡᠭᠦᠯᠵᠦ᠂ 76 ᠪᠠᠭ ᠪᠦᠲᠦᠭᠡᠯ ᠢᠶᠡᠨ ᠢᠷᠡᠭᠦᠯᠦᠭᠰᠡᠨ ᠡᠴᠡ ᠬᠣᠶᠠᠳᠤᠭᠠᠷ ᠱᠠᠲᠤᠨ ᠳᠤ 18 ᠤᠯᠤᠰ ᠤᠨ 36 ᠪᠠᠭ ᠤᠨ ᠰᠢᠯᠢᠳᠡᠭ ᠪᠦᠲᠦᠭᠡᠯ ᠲᠡᠩᠴᠡᠭᠰᠡᠨ ᠶᠤᠮ᠃ ᠡᠳᠡᠭᠡᠷ ᠪᠦᠲᠦᠭᠡᠯ ᠢ 07 ᠳ᠋ᠤᠭᠠᠷ ᠰᠠᠷ᠎ᠠ ᠢᠢᠨ 28-31 ᠍ ᠦ ᠡᠳᠦᠷ ᠦᠳ ᠲᠥ ᠣᠯᠠᠨ ᠨᠡᠢᠢᠲᠡ ᠳᠥ ᠨᠡᠭᠡᠭᠡᠯᠲᠡᠲᠡᠢ ᠲᠠᠨᠢᠯᠴᠠᠭᠤᠯᠵᠤ᠂ ᠰᠠᠨᠠᠯ ᠢ ᠨᠢ ᠠᠪᠬᠤ ᠦᠢᠯᠡ ᠠᠵᠢᠯᠯᠠᠭ᠎ᠠ ᠢᠢ ᠵᠣᠬᠢᠶᠠᠨ ᠪᠠᠢᠢᠭᠤᠯᠵᠤ ᠪᠠᠢᠢᠨ᠎ᠠ᠃
ᠬᠣᠲᠠ ᠲᠥᠯᠥᠪᠯᠡᠯᠲᠡ ᠢᠢᠨ ᠣᠯᠠᠨ ᠤᠯᠤᠰ ᠤᠨ ᠦᠵᠡᠰᠬᠦᠯᠡᠩ ᠳᠥ ᠬᠣᠶᠠᠳᠤᠭᠠᠷ ᠱᠠᠲᠤᠨ ᠳᠤ ᠲᠡᠩᠴᠡᠭᠰᠡᠨ 36 ᠪᠠᠭ ᠤᠨ ᠲᠥᠯᠥᠭᠡᠯᠡᠯ ᠪᠣᠯᠬᠤ 100 ᠭᠠᠷᠤᠢ ᠬᠣᠲᠠ ᠲᠥᠯᠥᠪᠯᠡᠭᠴᠢ᠂ ᠰᠢᠯᠢᠳᠡᠭ ᠠᠷᠬᠢᠲ᠋ᠧᠻᠲ᠋ᠥ᠋ᠷ ᠤᠳ ᠣᠷᠣᠯᠴᠠᠵᠤ᠂ ᠥᠪᠡᠷᠰᠡᠳ ᠦᠨ ᠪᠦᠲᠦᠭᠡᠯ ᠢᠶᠡᠷ ᠢᠯᠡᠳᠬᠡᠯ᠂ ᠲᠠᠨᠢᠯᠴᠠᠭᠤᠯᠭ᠎ᠠ ᠬᠢᠵᠦ ᠪᠠᠢᠢᠭ᠎ᠠ ᠪᠥᠭᠡᠳ ᠰᠢᠯᠢᠳᠡᠭ ᠲᠠᠪᠤᠨ ᠪᠠᠭ ᠤᠨ ᠪᠦᠲᠦᠭᠡᠯ ᠢ 2024 ᠣᠨ ᠤ 08 ᠳ᠋ᠤᠭᠠᠷ ᠰᠠᠷ᠎ᠠ ᠢᠢᠨ 01 ᠍ ᠦ ᠡᠳᠦᠷ ᠡᠴᠦᠰᠯᠡᠨ ᠰᠢᠯᠭᠠᠷᠠᠭᠤᠯᠬᠤ ᠶᠤᠮ᠃
ᠲᠤᠰ ᠰᠣᠩ᠋ᠭᠣᠨ ᠰᠢᠯᠭᠠᠷᠠᠭᠤᠯᠤᠯᠲᠠ ᠳᠤ ᠣᠷᠣᠯᠴᠠᠭᠴᠢᠳ ᠤᠨ ᠪᠦᠲᠦᠭᠡᠯ ᠢ ᠰᠢᠭᠦᠬᠦ ᠰᠢᠭᠦᠭ᠍ᠴᠢᠳ ᠦᠨ ᠪᠦᠷᠢᠯᠳᠦᠬᠦᠨ ᠳᠥ ᠠᠮᠧᠷᠢᠻᠠ ᠢᠢᠨ ᠨᠢᠭᠡᠳᠦᠭᠰᠡᠨ ᠤᠯᠤᠰ᠂ ᠪᠦ᠊᠂ ᠨᠠᠢᠢ᠊᠂ ᠰᠤ᠊᠂ ᠤᠯᠤᠰ᠂ ᠫᠣᠯᠠᠨ᠋ᠳ᠋᠂ ᠭᠧᠷᠮᠠᠨ ᠵᠡᠷᠭᠡ ᠣᠷᠣᠨ ᠤ ᠰᠢᠯᠢᠳᠡᠭ ᠬᠣᠲᠠ ᠲᠥᠯᠥᠪᠯᠡᠭᠴᠢ᠂ ᠠᠷᠬᠢᠲ᠋ᠧᠻᠲ᠋ᠥ᠋ᠷ᠂ ᠮᠡᠷᠭᠡᠵᠢᠯᠲᠡᠨ ᠨᠤᠭᠦᠳ ᠠᠵᠢᠯᠯᠠᠵᠤ ᠪᠠᠢᠢᠨ᠎ᠠ᠃