Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠲᠤ ᠰᠸᠢᠴᠧᠷᠯᠠᠨ᠌ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ ᠲᠥᠷᠥ ᠢᠢᠨ ᠠᠢᠢᠯᠴᠢᠯᠠᠯ ᠬᠢᠨ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠰᠸᠢᠴᠧᠷᠯᠠᠨ᠋ᠳ᠋  ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ 2024 ᠣᠨ ᠤ 8 ᠳ᠋ᠤᠭᠠᠷ ᠰᠠᠷ᠎ᠠ ᠢᠢᠨ 02-04 ᠍ ᠦ ᠡᠳᠦᠷ ᠦᠳ ᠲᠥ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠨ᠎ᠡ᠃

ᠤᠭ ᠠᠢᠢᠯᠴᠢᠯᠠᠯ ᠨᠢ ᠡᠨᠡ ᠣᠨ ᠳᠤ ᠲᠣᠬᠢᠶᠠᠵᠤ ᠪᠤᠢ ᠮᠣᠩ᠋ᠭᠣᠯ ᠤᠯᠤᠰ᠂ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠢᠢᠨ ᠬᠦᠷᠢᠶᠡᠨ ᠳᠥ ᠬᠡᠷᠡᠭᠵᠢᠬᠦ ᠪᠥᠭᠡᠳ ᠮᠣᠩ᠋ᠭᠣᠯ ᠤᠯᠤᠰ ᠲᠤ ᠰᠸᠢᠴᠧᠷᠯᠠᠨ᠋ᠳ᠋  ᠤᠨ ᠲᠠᠯ᠎ᠠ ᠠᠴᠠ ᠲᠥᠷᠥ ᠢᠢᠨ ᠲᠡᠷᠢᠭᠦᠨ ᠦ ᠲᠦᠪᠰᠢᠨ ᠳᠥ ᠬᠢᠵᠦ ᠪᠤᠢ ᠠᠩᠬᠠᠨ ᠤ ᠲᠥᠷᠥ ᠢᠢᠨ ᠠᠢᠢᠯᠴᠢᠯᠠᠯ ᠶᠤᠮ᠃

ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠥ ᠢᠢᠨ ᠲᠡᠷᠢᠭᠦᠨ ᠨᠤᠭᠥᠳ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠲᠠᠯ᠎ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠨ ᠥᠷᠭᠡᠵᠢᠭᠦᠯᠬᠦ ᠲᠠᠯ᠎ᠠ ᠪᠠᠷ ᠶᠠᠷᠢᠯᠴᠠᠨ᠎ᠠ᠃

ᠮᠥᠨ ᠬᠣᠶᠠᠷ ᠣᠷᠣᠨ ᠤ ᠬᠠᠷᠢᠯᠴᠠᠭ᠎ᠠ ᠢᠢ ᠪᠡᠬᠢᠵᠢᠭᠦᠯᠬᠦ᠂ ᠬᠠᠮᠲᠤ ᠢᠢᠨ ᠠᠵᠢᠯᠯᠠᠭ᠎ᠠ ᠢᠢ ᠬᠠᠷᠢᠯᠴᠠᠨ ᠰᠣᠨᠢᠷᠬᠠᠭᠰᠠᠨ ᠰᠠᠯᠪᠤᠷᠢ ᠨᠤᠭᠤᠳ ᠲᠤ ᠥᠷᠭᠡᠵᠢᠭᠦᠯᠦᠨ ᠭᠦᠨᠵᠡᠭᠡᠢᠢᠷᠡᠭᠦᠯᠬᠦ ᠳᠥ ᠴᠢᠭᠯᠡᠭᠰᠡᠨ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠨ᠎ᠠ᠃

ᠮᠣᠩ᠋ᠭᠣᠯ ᠤᠯᠤᠰ᠂ ᠰᠸᠢᠴᠧᠷᠯᠠᠨ᠋ᠳ᠋ ᠤᠨ ᠬᠣᠯᠪᠣᠭᠠᠨ ᠤ ᠤᠯᠤᠰ 1964 ᠣᠨ ᠤ 5 ᠳ᠋ᠤᠭᠠᠷ ᠰᠠᠷ᠎ᠠ ᠢᠢᠨ 22 ᠍ ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃