ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ᠂ ᠤᠯᠤᠰ ᠣᠷᠣᠨ ᠤ ᠬᠥᠭ᠍ᠵᠢᠯ ᠳᠡᠪᠰᠢᠯ᠂ ᠶᠡᠬᠡ ᠪᠦᠲᠦᠭᠡᠨ ᠪᠠᠢᠢᠭᠤᠯᠤᠯᠲᠠ ᠪᠣᠯᠤᠨ ᠠᠽᠢ-ᠧᠦ᠋ᠷᠣᠫᠠ ᠢᠢ ᠬᠣᠯᠪᠣᠭᠰᠠᠨ ᠲᠡᠭᠡᠭᠡᠪᠦᠷᠢ᠂ ᠯᠣᠵᠢᠰᠲ᠋ᠢᠭ ᠤᠨ ᠰᠦᠯᠵᠢᠶᠡᠨ ᠳᠥ ᠣᠷᠣᠭᠤᠯᠵᠤ ᠪᠤᠢ ᠣᠨᠴᠠᠭᠠᠢ ᠬᠤᠪᠢ ᠨᠡᠮᠡᠷᠢ ᠢᠢ ᠦᠨᠡᠯᠡᠵᠦ 《ᠤᠯᠠᠭᠠᠨᠪᠠᠭᠠᠲᠤᠷ ᠲᠡᠮᠦᠷ ᠵᠠᠮ》 ᠬᠤ᠊᠂ ᠨᠡᠢᠢ᠊᠂ ᠨᠡᠢᠢᠬᠡᠮᠯᠢᠭ᠌᠍ ᠢ ᠬᠥᠳᠡᠯᠮᠦᠷᠢ ᠢᠢᠨ ᠪᠠᠭᠠᠲᠤᠷ ᠴᠣᠯᠠ ᠪᠠᠷ ᠱᠠᠩᠨᠠᠯ ᠠ᠃
ᠶᠡᠷᠦᠩᠬᠡᠢᠢᠯᠡᠭᠴᠢ ᠲᠤᠰ ᠪᠠᠢᠢᠭᠤᠯᠤᠯᠭ᠎ᠠ ᠢᠢᠨ ᠦᠶ᠎ᠡ ᠦᠶ᠎ᠡ ᠢᠢᠨ ᠮᠣᠩ᠋ᠭᠣᠯ᠂ ᠣᠷᠣᠰ ᠤᠨ ᠤᠳᠤᠷᠢᠳᠤᠯᠭ᠎ᠠ᠂ ᠬᠠᠮᠲᠤ ᠣᠯᠠᠨ᠂ ᠠᠵᠢᠯᠲᠠᠨ᠂ ᠠᠯᠪᠠᠨ ᠬᠠᠭᠠᠭᠴᠢ᠂ ᠲᠡᠮᠦᠷ ᠵᠠᠮᠴᠢᠳ ᠲᠤ ᠲᠥᠷᠥ᠂ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠠᠶᠠᠷ ᠬᠦᠷᠭᠡᠵᠦ᠂ ᠲᠠᠯᠠᠷᠬᠠᠯ ᠢᠯᠡᠷᠬᠡᠢᠢᠯᠡᠯ᠎ᠡ᠃
ᠴᠢᠨᠠᠭᠰᠢᠳᠠ ᠰᠢᠨ᠎ᠡ ᠵᠠᠭᠤᠨ ᠤ ᠬᠥᠭ᠍ᠵᠢᠯ ᠳᠡᠪᠰᠢᠯ ᠦᠨ ᠲᠦᠭᠦᠴᠡᠭᠡ ᠪᠠᠢᠢᠵᠤ᠂ ᠣᠯᠤᠭᠰᠠᠨ ᠣᠯᠤᠯᠲᠠ᠂ ᠠᠮᠵᠢᠯᠲᠠ ᠪᠠᠨ ᠤᠯᠠᠮ ᠪᠠᠲᠤᠳᠬᠠᠨ᠂ ᠥᠨᠳᠥᠷ ᠠᠮᠵᠢᠯᠲᠠ ᠭᠠᠷᠭᠠᠬᠤ ᠢᠢ ᠬᠦᠰᠡᠨ ᠢᠷᠦᠭᠡᠯ ᠡ᠃
ᠮᠣᠩ᠋ᠭᠣᠯ ᠤᠯᠤᠰ ᠨᠢ ᠠᠽᠢ-ᠧᠦ᠋ᠷᠣᠫᠠ ᠢᠢ ᠬᠣᠯᠪᠣᠭᠰᠠᠨ ᠪᠥᠰᠡ ᠨᠤᠲᠤᠭ ᠤᠨ ᠲᠡᠭᠡᠭᠡᠪᠦᠷᠢ ᠢᠢᠨ ᠲᠣᠮᠣᠬᠠᠨ ᠲᠣᠭᠯᠠᠭᠴᠢ ᠪᠣᠯᠵᠤ᠂ ᠮᠣᠩ᠋ᠭᠣᠯ᠂ ᠣᠷᠣᠰ᠂ ᠬᠢᠲᠠᠳ ᠤᠨ ᠡᠳ᠋ ᠦᠨ ᠵᠠᠰᠠᠭ ᠤᠨ ᠻᠣᠷᠢᠳᠣᠷ ᠢ ᠪᠦᠲᠦᠭᠡᠨ ᠪᠠᠢᠢᠭᠤᠯᠵᠤ᠂ 《ᠲᠷᠠᠨ᠋ᠽᠢᠲ᠋ ᠮᠣᠩ᠋ᠭᠣᠯ ᠤᠯᠤᠰ》 ᠪᠣᠯᠬᠤ ᠵᠣᠷᠢᠯᠲᠠ ᠳᠡᠪᠰᠢᠭᠦᠯᠦᠭᠰᠡᠨ᠃
ᠡᠨᠡ ᠬᠦᠷᠢᠶᠡᠨ ᠳᠥ ᠣᠷᠣᠰ ᠤᠨ ᠬᠣᠯᠪᠣᠭᠠᠨ ᠤ ᠤᠯᠤᠰ ᠤᠨ 《ᠶᠡᠬᠡ ᠧᠦ᠋ᠷᠠᠽᠢ ᠢᠢᠨ ᠲᠦᠩᠰᠢᠯᠡᠯ》᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ 《ᠪᠥᠰᠡ ᠪᠠ ᠵᠠᠮ》 ᠰᠠᠨᠠᠭᠠᠴᠢᠯᠠᠭ᠎ᠠ᠂ ᠮᠣᠩ᠋ᠭᠣᠯ ᠤᠯᠤᠰ ᠤᠨ 《ᠲᠠᠯ᠎ᠠ ᠢᠢᠨ ᠵᠠᠮ》 ᠦᠨᠳᠦᠰᠦᠨ ᠦ ᠬᠥᠲᠥᠯᠪᠦᠷᠢ ᠢᠢ ᠬᠠᠷᠢᠯᠴᠠᠨ ᠤᠶᠠᠯᠳᠤᠭ᠎ᠠ ᠬᠣᠯᠪᠣᠭᠠᠲᠠᠢ ᠬᠡᠷᠡᠭᠵᠢᠭᠦᠯᠬᠦ ᠳᠥ 《ᠤᠯᠠᠭᠠᠨᠪᠠᠭᠠᠲᠤᠷ ᠤᠨ ᠲᠡᠮᠦᠷ ᠵᠠᠮ》 ᠬᠤ᠊᠂ ᠨᠡᠢᠢ᠊᠂ ᠨᠡᠢᠢᠬᠡᠮᠯᠢᠭ᠌ ᠣᠨᠴᠠᠭᠠᠢ ᠴᠢᠬᠤᠯᠠ ᠡᠭᠦᠷᠭᠡ ᠭᠦᠢᠴᠡᠳᠭᠡᠬᠦ ᠤᠴᠢᠷ ᠲᠠᠢ ᠢᠢ ᠣᠨᠴᠠᠯᠠᠯ᠎ᠠ᠃
ᠮᠥᠨ ᠲᠡᠭᠡᠭᠡᠬᠦ᠂ ᠨᠡᠪᠲᠡᠷᠡᠭᠦᠯᠬᠦ ᠬᠦᠴᠦᠨ ᠴᠢᠳᠠᠯ ᠢ ᠦᠶ᠎ᠡ ᠱᠠᠲᠤ ᠲᠠᠢ ᠰᠠᠢᠢᠵᠢᠷᠠᠭᠤᠯᠵᠤ᠂ ᠰᠢᠨᠡᠴᠢᠯᠡᠨ ᠬᠥᠭ᠍ᠵᠢᠭᠦᠯᠬᠦ ᠴᠢᠭᠯᠡᠯ ᠢᠶᠡᠷ ᠬᠡᠷᠡᠭᠵᠢᠭᠦᠯᠵᠦ ᠪᠤᠢ ᠲᠥᠰᠥᠯ᠂ ᠬᠥᠲᠥᠯᠪᠦᠷᠢ ᠨᠤᠭᠦᠳ ᠢ ᠪᠣᠳᠠᠲᠤ ᠦᠷ᠎ᠡ ᠳ᠋ᠦᠩ ᠳᠥ ᠬᠦᠷᠭᠡᠨ᠂ ᠡᠷᠴᠢᠮᠲᠡᠢ ᠠᠵᠢᠯᠯᠠᠬᠤ ᠨᠢ ᠵᠦᠢ ᠲᠡᠢ ᠢᠢ ᠲᠡᠮᠳᠡᠭᠯᠡᠪᠡ᠃
《ᠤᠯᠠᠭᠠᠨᠪᠠᠭᠠᠲᠤᠷ ᠲᠡᠮᠦᠷ ᠵᠠᠮ》 ᠬᠤ᠊᠂ ᠨᠡᠢᠢ᠊᠂ ᠨᠡᠢᠢᠬᠡᠮᠯᠢᠭ᠌ ᠥᠩ᠋ᠭᠡᠷᠡᠭᠰᠡᠨ 75 ᠵᠢᠯ ᠦᠨ ᠬᠤᠭᠤᠴᠠᠭᠠᠨ ᠳᠤ 824 ᠰᠠᠶ᠎ᠠ ᠲᠣᠨᠠ ᠠᠴᠢᠶ᠎ᠠ᠂ 150 ᠣᠷᠴᠢᠮ ᠰᠠᠶ᠎ᠠ ᠵᠣᠷᠴᠢᠭᠴᠢ ᠲᠡᠭᠡᠭᠡᠪᠦᠷᠢᠯᠡᠭᠰᠡᠨ ᠪᠥᠭᠡᠳ ᠤᠯᠤᠰ ᠣᠷᠣᠨ᠂ ᠠᠷᠠᠳ ᠲᠦᠮᠡᠨ ᠦ ᠡᠳᠦᠷ ᠲᠤᠲᠤᠮ ᠤᠨ ᠬᠡᠷᠡᠭᠯᠡᠭᠡ ᠪᠣᠯᠤᠭᠰᠠᠨ ᠨᠡᠭᠦᠷᠡᠰᠦ᠂ ᠨᠧᠹᠲ ᠦᠨ ᠪᠦᠲᠦᠭᠡᠭ᠍ᠳᠡᠬᠦᠨ᠂ ᠥᠷᠭᠡᠨ ᠬᠡᠷᠡᠭᠯᠡᠭᠡᠨ ᠦ ᠢᠮᠫᠣᠷᠲ᠂ ᠡᠻᠰᠫᠣᠷᠲ ᠤᠨ ᠪᠠᠷᠠᠭ᠎ᠠ ᠪᠦᠲᠦᠭᠡᠭ᠍ᠳᠡᠬᠦᠨ ᠦ ᠲᠡᠭᠡᠭᠡᠪᠦᠷᠢ ᠢᠢ ᠳᠠᠩ ᠢᠶᠠᠷ ᠢᠶᠠᠨ ᠭᠦᠢᠴᠡᠳᠭᠡᠵᠦ ᠢᠷᠡᠭᠰᠡᠨ ᠶᠤᠮ᠃
ᠥᠩ᠋ᠭᠡᠷᠡᠭᠰᠡᠨ 2023 ᠣᠨ ᠳᠤ ᠭᠡᠬᠦ ᠳᠥ ᠯᠠ 32.4 ᠰᠠᠶ᠎ᠠ ᠲᠣᠨᠠ ᠠᠴᠢᠶ᠎ᠠ ᠲᠡᠭᠡᠭᠡᠪᠦᠷᠢᠯᠡᠨ ᠲᠡᠦᠬᠡᠨ ᠳᠡᠭᠡᠳᠦ ᠠᠮᠵᠢᠯᠲᠠ ᠲᠣᠭᠲᠠᠭᠠᠵᠤ᠂ ᠮᠠᠨ ᠤ ᠤᠯᠤᠰ ᠤᠨ ᠨᠡᠢᠢᠲᠡ ᠠᠴᠢᠶ᠎ᠠ ᠡᠷᠭᠢᠯᠲᠡ ᠢᠢᠨ 72 ᠬᠤᠪᠢ ᠢᠢ ᠳᠠᠩ ᠢᠶᠠᠷ ᠢᠶᠠᠨ ᠭᠦᠢᠴᠡᠳᠭᠡᠵᠦ᠂ ᠡᠳ᠋ ᠦᠨ ᠵᠠᠰᠠᠭ ᠤᠨ ᠰᠡᠷᠭᠦᠯᠲᠡ ᠳᠥ ᠲᠣᠮᠣᠬᠠᠨ ᠳᠡᠮᠵᠢᠯᠭᠡ ᠦᠵᠡᠭᠦᠯᠵᠡᠢ᠃
ᠮᠥᠨ ᠣᠨ ᠳᠤ ᠤᠯᠠᠭᠠᠨᠪᠠᠭᠠᠲᠤᠷ ᠲᠡᠮᠦᠷ ᠵᠠᠮ ᠤᠨ ᠭᠣᠣᠯ ᠵᠠᠮ ᠨᠢ 3.000 ᠭᠠᠷᠤᠢ ᠲᠷᠠᠨ᠋ᠽᠢᠲ᠋ ᠴᠢᠩ᠋ᠭᠡᠯᠢᠭ᠌ ᠦᠨ ᠭᠠᠯᠲᠤ ᠲᠡᠷᠭᠡ ᠢᠢ ᠳᠠᠮᠵᠢᠨ ᠥᠩ᠋ᠭᠡᠷᠡᠭᠦᠯᠵᠦ᠂ ᠠᠽᠢ᠂ ᠧᠦ᠋ᠷᠣᠫᠠ ᠢᠢ ᠬᠣᠯᠪᠣᠭᠰᠠᠨ ᠪᠥᠰᠡ ᠨᠤᠲᠤᠭ ᠤᠨ ᠲᠡᠭᠡᠭᠡᠪᠦᠷᠢ ᠯᠣᠵᠢᠰᠲ᠋ᠢᠭ ᠤᠨ ᠰᠦᠯᠵᠢᠶᠡᠨ ᠳᠥ ᠲᠣᠮᠣᠬᠠᠨ ᠬᠤᠪᠢ ᠨᠡᠮᠡᠷᠢ ᠣᠷᠣᠭᠤᠯᠵᠠᠢ᠃
ᠴᠠᠷ ᠲᠠᠬᠤᠯ ᠤᠨ ᠣᠨ ᠵᠢᠯ ᠦᠳ ᠲᠥ ᠴᠤ ᠠᠴᠢᠶ᠎ᠠ ᠲᠡᠭᠡᠭᠡᠪᠦᠷᠢ ᠢᠢᠨ ᠤᠷᠤᠰᠬᠠᠯ ᠤᠨ ᠬᠡᠪ ᠦᠨ ᠪᠠᠢᠢᠳᠠᠯ ᠢ ᠬᠠᠩ᠋ᠭᠠᠬᠤ ᠳᠤ ᠣᠨᠴᠠᠭᠠᠢ ᠡᠭᠦᠷᠭᠡ ᠭᠦᠢᠴᠡᠳᠭᠡᠵᠦ᠂ ᠡᠳ᠋ ᠦᠨ ᠵᠠᠰᠠᠭ ᠤᠨ ᠬᠦᠨᠳᠦᠷᠡᠯ ᠢ ᠬᠣᠬᠢᠷᠠᠯ ᠪᠠᠭ᠎ᠠ ᠲᠠᠢ ᠳᠠᠪᠠᠨ ᠲᠤᠭᠤᠯᠬᠤ ᠳᠤ ᠦᠨᠡᠯᠡᠵᠦ ᠪᠠᠷᠠᠰᠢ ᠦᠭᠡᠢ ᠬᠤᠪᠢ ᠨᠡᠮᠡᠷᠢ ᠣᠷᠣᠭᠤᠯᠤᠭᠰᠠᠨ ᠶᠤᠮ᠃
ᠲᠤᠰ ᠪᠠᠢᠢᠭᠤᠯᠤᠯᠭ᠎ᠠ ᠵᠡᠭᠦᠨᠪᠠᠶᠠᠨ-ᠲᠠᠪᠤᠨᠲᠣᠯᠣᠭᠠᠢ ᠴᠢᠭᠯᠡᠯ ᠦᠨ 416.1 ᠻᠢᠯᠣᠮᠧᠲ᠋ᠷ ᠲᠡᠮᠦᠷ ᠵᠠᠮ᠂ ᠳᠣᠷᠣᠨᠠᠭᠣᠪᠢ ᠠᠢᠢᠮᠠᠭ ᠤᠨ ᠠᠯᠲᠠᠨᠰᠢᠷᠡᠭᠡ ᠰᠤᠮᠤ ᠳᠠᠬᠢ ᠨᠧᠹᠲ ᠪᠣᠯᠪᠠᠰᠤᠷᠠᠭᠤᠯᠬᠤ ᠦᠢᠯᠡᠳᠪᠦᠷᠢ ᠢᠢᠨ 27 ᠻᠢᠯᠣᠮᠧᠲ᠋ᠷ ᠲᠡᠮᠦᠷ ᠵᠠᠮ ᠪᠠᠷᠢᠬᠤ ᠠᠵᠢᠯ ᠢ ᠪᠣᠭᠣᠨᠢ ᠬᠤᠭᠤᠴᠠᠭᠠᠨ ᠳᠤ ᠴᠢᠨᠠᠷ ᠤᠨ ᠥᠨᠳᠥᠷ ᠲᠦᠪᠰᠢᠨ ᠳᠥ ᠬᠢᠵᠦ ᠭᠦᠢᠴᠡᠳᠭᠡᠵᠡᠢ᠃
ᠲᠡᠮᠦᠷ ᠵᠠᠮ ᠨᠢ ᠰᠦᠬᠡᠪᠠᠭᠠᠲᠤᠷ᠂ ᠳᠠᠷᠬᠠᠨ᠂ ᠡᠷᠳᠡᠨᠢᠲᠦ᠂ ᠪᠠᠭᠠᠨᠠᠭᠤᠷ᠂ ᠪᠣᠷᠣ-ᠥᠨᠳᠥᠷ᠂ ᠴᠣᠢᠢᠷᠠ᠂ ᠰᠠᠢᠢᠨᠱᠠᠩᠳᠠ᠂ ᠵᠠᠮ ᠤᠨ-ᠡᠭᠦᠳᠡ ᠵᠡᠷᠭᠡ ᠨᠡᠢᠢᠭᠡᠮ᠂ ᠡᠳ᠋ ᠦᠨ ᠵᠠᠰᠠᠭ ᠤᠨ ᠭᠣᠣᠯ ᠲᠥᠪ᠂ ᠰᠠᠭᠤᠷᠢᠨ ᠭᠠᠵᠠᠷ ᠤᠳ ᠤᠨ ᠬᠥᠭ᠍ᠵᠢᠯ ᠳᠡᠪᠰᠢᠯ᠂ ᠶᠡᠬᠡ ᠪᠦᠲᠦᠭᠡᠨ ᠪᠠᠢᠢᠭᠤᠯᠤᠯᠲᠠ ᠳᠤ ᠴᠢᠬᠤᠯᠠ ᠡᠭᠦᠷᠭᠡ ᠭᠦᠢᠴᠡᠳᠭᠡᠭ᠍ᠰᠡᠨ ᠲᠡᠦᠬᠡ ᠲᠡᠢ᠃
《ᠤᠯᠠᠭᠠᠨᠪᠠᠭᠠᠲᠤᠷ ᠤᠨ ᠲᠡᠮᠦᠷ ᠵᠠᠮ》 ᠬᠤ᠊᠂ ᠨᠡᠢᠢ᠊᠂ ᠨᠡᠢᠢᠬᠡᠮᠯᠢᠭ᠌ ᠲᠥ 16 ᠮᠢᠩ᠋ᠭ᠎ᠠ ᠭᠠᠷᠤᠢ ᠬᠦᠮᠦᠨ ᠠᠵᠢᠯᠯᠠᠵᠤ᠂ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠪᠡᠬᠢᠵᠢᠭᠦᠯᠬᠦ ᠳᠥ ᠣᠨᠴᠠᠭᠠᠢ ᠡᠭᠦᠷᠭᠡ ᠭᠦᠢᠴᠡᠳᠭᠡᠵᠦ ᠪᠠᠢᠢᠨ᠎ᠠ᠃