Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠰᠸᠢᠴᠧᠷᠯᠠᠨ᠌ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ ᠨᠠᠷ ᠠᠯᠪᠠᠨ ᠶᠣᠰᠣᠨ ᠤ ᠠᠭᠤᠯᠵᠠᠯᠲᠠ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ 2024 ᠣᠨ ᠤ 08 ᠳ᠋ᠤᠭᠠᠷ ᠰᠠᠷ᠎ᠠ ᠢᠢᠨ 02-04 ᠍ ᠦ ᠡᠳᠦᠷ ᠦᠳ ᠲᠥ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ ᠨᠠᠷ ᠲᠥᠷᠥ ᠢᠢᠨ ᠣᠷᠳᠣᠨ ᠳᠤ ᠠᠯᠪᠠᠨ ᠶᠣᠰᠣᠨ ᠤ ᠠᠭᠤᠯᠵᠠᠯᠲᠠ ᠬᠢᠯ᠎ᠡ᠃

ᠠᠭᠤᠯᠵᠠᠯᠲᠠ ᠢᠢᠨ ᠦᠶ᠎ᠡ ᠪᠡᠷ ᠶᠡᠷᠦᠩᠬᠡᠢᠢᠯᠡᠭᠴᠢ ᠨᠠᠷ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠡᠬᠦ ᠵᠠᠷᠴᠢᠮ ᠵᠡᠷᠭᠡ ᠠᠷᠠᠳᠴᠢᠯᠠᠯ ᠤᠨ ᠦᠨᠡᠲᠦ ᠵᠦᠢᠯ ᠳᠥ ᠰᠠᠭᠤᠷᠢᠯᠠᠭᠰᠠᠨ ᠮᠣᠩ᠋ᠭᠣᠯ᠂ ᠰᠸᠢᠴᠧᠷᠯᠠᠨ᠋ᠳ᠋ ᠤᠨ ᠨᠠᠢᠢᠷᠰᠠᠭ ᠬᠠᠷᠢᠯᠴᠠᠭ᠎ᠠ ᠤᠯᠤᠰ ᠲᠥᠷᠥ᠂ ᠬᠤᠳᠠᠯᠳᠤᠭ᠎ᠠ᠂ ᠡᠳ᠋ ᠦᠨ ᠵᠠᠰᠠᠭ᠂ ᠬᠥᠷᠥᠩ᠋ᠭᠡ ᠣᠷᠣᠭᠤᠯᠤᠯᠲᠠ᠂ ᠰᠤᠶᠤᠯ᠂ ᠪᠣᠯᠪᠠᠰᠤᠷᠠᠯ ᠪᠣᠯᠤᠨ ᠬᠦᠮᠦᠨᠯᠢᠭ ᠵᠡᠷᠭᠡ ᠰᠠᠯᠪᠤᠷᠢ ᠳᠤ ᠥᠷᠭᠡᠵᠢᠵᠦ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠬᠠᠷᠢᠯᠴᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠮᠣᠩ᠋ᠭᠣᠯ ᠤᠯᠤᠰ ᠲᠤ ᠥᠷᠨᠢᠭᠰᠡᠨ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠦᠨ ᠵᠠᠰᠠᠭ ᠲᠤ ᠰᠢᠯᠵᠢᠯᠲᠡ ᠢᠢ ᠰᠸᠢᠴᠧᠷᠯᠠᠨ᠋ᠳ᠋ ᠤᠨ ᠲᠠᠯ᠎ᠠ ᠲᠤᠭᠤᠰᠢᠲᠠᠢ ᠳᠡᠮᠵᠢᠵᠦ᠂ ᠠᠷᠠᠳᠴᠢᠯᠠᠭᠰᠠᠨ ᠵᠠᠰᠠᠭᠯᠠᠯ ᠢ ᠪᠡᠬᠢᠵᠢᠭᠦᠯᠬᠦ ᠴᠢᠭᠯᠡᠯ ᠢᠶᠡᠷ ᠪᠣᠯᠤᠨ ᠬᠠᠮᠲᠤ ᠢᠢᠨ ᠠᠵᠢᠯᠯᠠᠭᠠᠨ ᠤ ᠣᠯᠠᠨ ᠰᠠᠯᠪᠤᠷᠢ ᠳᠤ ᠬᠡᠷᠡᠭᠵᠢᠭᠦᠯᠦᠭᠰᠡᠨ ᠲᠥᠰᠥᠯ᠂ ᠬᠥᠲᠥᠯᠪᠦᠷᠢ ᠨᠤᠭᠦᠳ ᠮᠠᠨ ᠤ ᠤᠯᠤᠰ ᠤᠨ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ ᠳᠥ ᠶᠡᠬᠡᠬᠡᠨ ᠬᠤᠪᠢ ᠨᠡᠮᠡᠷᠢ ᠣᠷᠣᠭᠤᠯᠤᠭᠰᠠᠨ ᠢ ᠲᠡᠮᠳᠡᠭᠯᠡᠯ ᠡ᠃

ᠲᠠᠯ ᠠ ᠨᠤᠭᠤᠳ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ 60 ᠵᠢᠯ ᠦᠨ ᠬᠠᠮᠲᠤ ᠢᠢᠨ ᠠᠵᠢᠯᠯᠠᠭᠠᠨ ᠤ ᠣᠯᠤᠯᠲᠠ᠂ ᠠᠮᠵᠢᠯᠲᠠ ᠪᠠᠨ ᠪᠠᠲᠤᠳᠬᠠᠵᠤ᠂ ᠴᠢᠨᠠᠭᠰᠢᠳᠠ ᠬᠠᠷᠢᠯᠴᠠᠨ ᠰᠣᠨᠢᠷᠬᠠᠭᠰᠠᠨ ᠪᠦᠬᠦᠢ ᠯᠠ ᠰᠠᠯᠪᠤᠷᠢ ᠳᠤ ᠢᠳᠡᠪᠬᠢᠲᠡᠢ ᠠᠵᠢᠯᠯᠠᠬᠤ ᠢᠢᠨ ᠲᠥᠯᠥᠭᠡ ᠪᠠᠢᠢᠭ᠎ᠠ ᠪᠠᠨ ᠨᠣᠲᠠᠯᠠᠯ᠎ᠠ᠃

ᠠᠭᠤᠯᠵᠠᠯᠲᠠ ᠢᠢᠨ ᠦᠶ᠎ᠡ ᠪᠡᠷ ᠣᠯᠠᠨ ᠤᠯᠤᠰ᠂ ᠪᠥᠰᠡ ᠨᠤᠲᠤᠭ ᠤᠨ ᠲᠦᠪᠰᠢᠨ ᠳᠥ ᠬᠣᠶᠠᠷ ᠲᠠᠯ᠎ᠠ ᠠᠴᠠ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠬᠠᠮᠲᠤᠷᠠᠨ ᠬᠡᠷᠡᠭᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠪᠠᠢᠢᠭᠠᠯᠢ ᠣᠷᠴᠢᠨ ᠤ ᠳᠣᠷᠣᠢᠢᠲᠠᠯ ᠵᠡᠷᠭᠡ ᠳᠡᠯᠡᠬᠡᠢ ᠨᠡᠢᠢᠲᠡ ᠳᠥ ᠲᠤᠯᠭᠠᠮᠳᠠᠵᠤ ᠪᠤᠢ ᠰᠣᠷᠢᠯᠲᠠ ᠨᠤᠭᠤᠳ ᠢ ᠰᠢᠢᠳᠪᠦᠷᠢᠯᠡᠬᠦ ᠳᠥ ᠴᠢᠭᠯᠡᠭᠰᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦ ᠴᠢᠷᠮᠠᠢᠢᠯᠲᠠ ᠳᠤ ᠬᠤᠪᠢ ᠨᠡᠮᠡᠷᠢ ᠪᠡᠨ ᠤᠷᠤᠭᠤᠯᠬᠤ ᠲᠠᠯ᠎ᠠ ᠪᠠᠷ ᠶᠠᠷᠢᠯᠴᠠᠯ᠎ᠠ᠃