Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠰᠸᠢᠴᠧᠷᠯᠠᠨ᠌ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠨᠠᠷ ᠮᠡᠳᠡᠭᠡᠯᠡᠯ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ 2024 ᠣᠨ ᠤ 08 ᠳ᠋ᠤᠭᠠᠷ ᠰᠠᠷ᠎ᠠ ᠢᠢᠨ 02-04 ᠍ ᠦ ᠡᠳᠦᠷ ᠦᠳ ᠲᠥ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ ᠨᠠᠷ ᠠᠯᠪᠠᠨ ᠶᠣᠰᠣᠨ ᠤ ᠠᠭᠤᠯᠵᠠᠯᠲᠠ ᠢᠢᠨ ᠳ᠋ᠦᠩ ᠦᠨ ᠲᠠᠯ᠎ᠠ ᠪᠠᠷ ᠮᠡᠳᠡᠭᠡᠯᠡᠯ ᠬᠢᠯ᠎ᠡ᠃

ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠢᠢᠨ ᠬᠦᠷᠢᠶᠡᠨ ᠳᠥ ᠪᠣᠯᠵᠤ ᠪᠤᠢ ᠠᠩᠬᠠᠨ ᠤ ᠲᠥᠷᠥ ᠢᠢᠨ ᠠᠢᠢᠯᠴᠢᠯᠠᠯ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠲᠣᠮᠣᠬᠠᠨ ᠲᠦᠯᠬᠢᠴᠡ ᠪᠣᠯᠬᠤ ᠢᠢ ᠲᠠᠯ᠎ᠠ ᠨᠤᠭᠤᠳ ᠣᠨᠴᠠᠯᠠᠵᠤ᠂ 《ᠮᠣᠩ᠋ᠭᠣᠯ᠂ ᠰᠸᠢᠴᠧᠷᠯᠠᠨ᠋ᠳ᠋ ᠤᠨ ᠬᠠᠮᠲᠤᠷᠠᠭᠰᠠᠨ ᠲᠤᠩᠬᠠᠭᠯᠠᠯ》᠂ 《ᠠᠷᠠᠳᠴᠢᠯᠠᠭᠰᠠᠨ ᠵᠠᠰᠠᠭᠯᠠᠯ ᠤᠨ ᠠᠰᠠᠭᠤᠳᠠᠯ ᠢᠶᠠᠷ ᠬᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》ᠳᠦ ᠭᠠᠷ ᠤᠨ ᠦᠰᠦᠭ ᠵᠢᠷᠤᠭᠰᠠᠨ ᠢ ᠵᠠᠷᠯᠠᠯ᠎ᠠ᠃

ᠮᠣᠩ᠋ᠭᠣᠯ ᠤᠯᠤᠰ ᠤᠨ ᠡ᠊ᠩᠬᠡ ᠢᠢ ᠡᠷᠬᠢᠮᠯᠡᠭᠰᠡᠨ᠂ ᠪᠡᠶ᠎ᠡ ᠳᠠᠭᠠᠭᠠᠭᠰᠠᠨ᠂ ᠨᠡᠭᠡᠭᠡᠯᠲᠡᠲᠡᠢ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠪᠣᠯᠤᠨ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠲᠣᠭᠲᠠᠪᠤᠷᠢᠲᠠᠢ ᠬᠥᠭ᠍ᠵᠢᠯ ᠦᠨ ᠲᠥᠯᠦᠭᠡᠬᠢ ᠬᠦᠴᠦᠨ ᠴᠢᠷᠮᠠᠢᠢᠯᠲᠠ᠂ ᠲᠤᠭᠤᠰᠢᠲᠠᠢ ᠪᠣᠳᠣᠯᠭ᠎ᠠ ᠢᠢ ᠬᠠᠷᠢᠯᠴᠠᠨ ᠤᠶᠠᠯᠳᠤᠭᠤᠯᠵᠤ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠤᠢ ᠪᠠᠨ ᠨᠣᠲᠠᠯᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄

《ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠡ᠊ᠨᠳᠡ ᠴᠤᠭᠯᠠᠷᠠᠭᠰᠠᠨ ᠬᠡᠪᠯᠡᠯ ᠦᠨ ᠲᠥᠯᠥᠭᠡᠯᠡᠭᠴᠢᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠳᠡᠪᠰᠢᠭᠦᠯᠦᠶ᠎ᠡ᠃

ᠮᠣᠩ᠋ᠭᠣᠯ ᠤᠯᠤᠰ᠂ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 60 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ᠂ ᠡᠷᠬᠢᠮᠰᠦᠭ ᠬᠠᠲᠤᠭᠲᠠᠢ ᠸᠢᠣᠯᠠ ᠠᠮᠾᠧᠷᠳ᠋ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠠᠢᠢᠭᠠᠳ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

ᠡᠷᠬᠢᠮ ᠬᠦᠨᠳᠦᠳᠥ ᠶᠡᠷᠦᠩᠬᠡᠢᠢᠯᠡᠭᠴᠢ ᠲᠠᠨ ᠤ ᠡᠨᠡ ᠠᠢᠢᠯᠴᠢᠯᠠᠯ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠲᠥᠷᠥ ᠢᠢᠨ ᠲᠡᠷᠢᠭᠦᠨ ᠦ ᠮᠠᠨ ᠤ ᠤᠯᠤᠰ ᠲᠤ ᠬᠢᠵᠦ ᠪᠤᠢ ᠠᠩᠬᠠᠨ ᠤ ᠲᠡᠦᠬᠡᠨ ᠠᠢᠢᠯᠴᠢᠯᠠᠯ ᠪᠥᠭᠡᠳ ᠮᠣᠩ᠋ᠭᠣᠯ᠂ ᠰᠸᠢᠴᠧᠷᠯᠠᠨ᠋ᠳ᠋ ᠤᠨ ᠠᠷᠠᠳ ᠲᠦᠮᠡᠨ ᠦ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠪᠢᠳᠡ ᠬᠠᠮᠲᠤ ᠳᠠᠭᠠᠨ ᠨᠡᠭᠡᠭᠡᠵᠦ ᠪᠠᠢᠢᠨ᠎ᠠ᠃

ᠭᠠᠵᠠᠷ ᠵᠦᠢ ᠢᠢᠨ ᠪᠠᠢᠢᠷᠢᠰᠢᠯ ᠤᠨ ᠬᠤᠪᠢ ᠳᠤ ᠠᠯᠤᠰ ᠬᠣᠯᠠ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠢ ᠪᠢᠳᠡ ᠮᠠᠨ ᠤ ᠤᠯᠤᠰ ᠤᠨ ᠭᠤᠷᠪᠠᠳᠠᠭᠴᠢ ᠬᠥᠷᠰᠢ᠂ ᠧᠦ᠋ᠷᠣᠫᠠ ᠳᠠᠬᠢ ᠢᠲᠡᠭᠡᠯᠲᠦ ᠲᠦᠩᠰᠢ ᠪᠡᠨ ᠬᠡᠮᠡᠨ ᠦᠵᠡᠳᠡᠭ ᠪᠥᠭᠡᠳ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠡᠬᠦ ᠶᠣᠰᠣ ᠵᠡᠷᠭᠡ ᠠᠷᠠᠳᠴᠢᠯᠠᠯ ᠤᠨ ᠦᠨᠡᠲᠦ ᠵᠦᠢᠯᠡᠰ ᠨᠢ ᠮᠠᠨ ᠤ ᠬᠣᠶᠠᠷ ᠣᠷᠣᠨ ᠤ ᠠᠷᠠᠳ ᠲᠦᠮᠡᠨ ᠦ ᠬᠠᠷᠢᠯᠴᠠᠨ ᠣᠢᠢᠯᠠᠭᠠᠯᠴᠠᠯ ᠢ ᠪᠡᠬᠢᠵᠢᠭᠦᠯᠵᠦ᠂ ᠬᠠᠮᠲᠤ ᠢᠢᠨ ᠠᠵᠢᠯᠯᠠᠭᠠᠨ ᠤ ᠴᠢᠬᠤᠯᠠ ᠦᠨᠳᠦᠰᠦ ᠰᠠᠭᠤᠷᠢ ᠪᠣᠯᠳᠠᠭ ᠪᠢᠯᠡ᠃

ᠲᠥᠷᠥ ᠢᠢᠨ ᠠᠢᠢᠯᠴᠢᠯᠠᠯ ᠤᠨ ᠦᠶ᠎ᠡ ᠪᠡᠷ ᠪᠢᠳᠡ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠥᠩ᠋ᠭᠡᠷᠡᠭᠰᠡᠨ 60 ᠵᠢᠯ ᠦᠨ ᠣᠯᠤᠯᠲᠠ᠂ ᠠᠮᠵᠢᠯᠲᠠ ᠢᠢ ᠪᠠᠲᠤᠳᠬᠠᠬᠤ᠂ ᠴᠢᠨᠠᠭᠰᠢᠳᠠ ᠤᠯᠠᠮ ᠪᠦᠷᠢ ᠥᠷᠭᠡᠵᠢᠭᠦᠯᠦᠨ ᠬᠥᠭ᠍ᠵᠢᠭᠦᠯᠬᠦ᠂ ᠤᠯᠤᠰ ᠣᠷᠣᠨ ᠤ ᠬᠥᠭ᠍ᠵᠢᠯ ᠳᠡᠪᠰᠢᠯ᠂ ᠡᠳ᠋ ᠦᠨ ᠵᠠᠰᠠᠭ ᠤᠨ ᠦᠷ᠎ᠡ ᠥᠭ᠍ᠭᠦᠭᠡᠴᠢ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ ᠳᠥ ᠴᠢᠭᠯᠡᠭᠰᠡᠨ ᠬᠠᠷᠢᠯᠴᠠᠨ ᠠᠰᠢᠭᠲᠠᠢ ᠲᠥᠰᠥᠯ᠂ ᠬᠥᠲᠥᠯᠪᠦᠷᠢ ᠬᠡᠷᠡᠭᠵᠢᠭᠦᠯᠬᠦ ᠲᠠᠯ᠎ᠠ ᠪᠠᠷ ᠶᠠᠷᠢᠯᠴᠠᠵᠤ᠂ ᠰᠠᠨᠠᠯ ᠰᠣᠯᠢᠯᠴᠠᠯ᠎ᠠ᠃

ᠪᠢᠳᠡᠨ ᠦ ᠶᠠᠷᠢᠶ᠎ᠠ ᠬᠡᠯᠡᠯᠴᠡᠭᠡᠨ ᠦ ᠳ᠋ᠦᠩ ᠳᠥ 《ᠮᠣᠩ᠋ᠭᠣᠯ᠂ ᠰᠸᠢᠴᠧᠷᠯᠠᠨ᠋ᠳ᠋ ᠤᠨ ᠬᠠᠮᠲᠤᠷᠠᠭᠰᠠᠨ ᠲᠤᠩᠬᠠᠭᠯᠠᠯ》᠂ 《ᠠᠷᠠᠳᠴᠢᠯᠠᠭᠰᠠᠨ ᠵᠠᠰᠠᠭᠯᠠᠯ ᠤᠨ ᠠᠰᠠᠭᠤᠳᠠᠯᠠᠷᠠᠬ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》 ᠍ᠳᠦ ᠬᠣᠶᠠᠷ ᠲᠠᠯ᠎ᠠ ᠭᠠᠷ ᠤᠨ ᠦᠰᠦᠭ ᠵᠢᠷᠤᠯ᠎ᠠ᠃ ᠡᠳᠡᠭᠡᠷ ᠪᠠᠷᠢᠮᠲᠠ ᠪᠢᠴᠢᠭ᠌ ᠨᠢ ᠮᠠᠨ ᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠴᠢᠨᠠᠭᠰᠢᠳᠠ ᠢᠢᠨ ᠴᠢᠭᠯᠡᠯ ᠢ ᠲᠣᠳᠣᠷᠬᠠᠢᠢᠯᠠᠵᠤ᠂ ᠠᠷᠠᠳᠴᠢᠯᠠᠭᠰᠠᠨ ᠵᠠᠰᠠᠭᠯᠠᠯ ᠢ ᠤᠯᠠᠮ ᠪᠡᠬᠢᠵᠢᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠠᠷᠠᠳᠴᠢᠯᠠᠯ᠂ ᠬᠠᠤᠯᠢ ᠳᠡᠭᠡᠳᠦᠯᠡᠬᠦ ᠵᠠᠷᠴᠢᠮ᠂ ᠰᠠᠢᠢᠨ ᠵᠠᠰᠠᠭᠯᠠᠯ ᠤᠨ ᠦᠨᠡᠲᠦ ᠵᠦᠢᠯ ᠢ ᠪᠠᠲᠤᠳᠬᠠᠵᠤ᠂ ᠬᠠᠤᠯᠢ ᠲᠣᠭᠲᠠᠭᠠᠬᠤ ᠪᠣᠯᠤᠨ ᠢᠷᠭᠡᠨ ᠦ ᠨᠡᠢᠢᠭᠡᠮ ᠤᠨ ᠪᠠᠢᠢᠭᠤᠯᠤᠯᠭ᠎ᠠ ᠨᠤᠭᠤᠳ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠵᠦ᠂ ᠰᠢᠭᠦᠬᠦ ᠪᠣᠯᠤᠨ ᠡᠷᠬᠡ ᠵᠦᠢ ᠢᠢᠨ ᠰᠢᠨᠡᠴᠢᠯᠡᠯ ᠢ ᠡᠷᠴᠢᠮᠵᠢᠭᠦᠯᠬᠦ ᠴᠢᠭᠯᠡᠯ ᠢᠶᠡᠷ ᠪᠢᠳᠡ ᠬᠠᠮᠲᠤᠷᠠᠭᠰᠠᠨ ᠲᠥᠰᠥᠯ ᠬᠡᠷᠡᠭᠵᠢᠭᠦᠯᠦᠨ᠎ᠡ᠃

ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠨᠢ ᠮᠠᠨ ᠤ ᠤᠯᠤᠰ ᠤᠨ ᠭᠠᠳᠠᠭᠠᠳᠤ ᠬᠤᠳᠠᠯᠳᠤᠭᠠᠨ ᠤ ᠲᠣᠮᠣᠬᠠᠨ ᠲᠦᠩᠰᠢ ᠪᠥᠭᠡᠳ ᠬᠣᠶᠠᠷ ᠲᠠᠯ᠎ᠠ ᠢᠢᠨ ᠬᠠᠷᠢᠯᠴᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠵᠤ᠂ ᠬᠣᠶᠠᠷ ᠣᠷᠣᠨ ᠤ ᠬᠠᠷᠢᠯᠴᠠᠭᠠᠨ ᠤ ᠪᠡᠯᠭᠡ ᠲᠡᠮᠳᠡᠭ ᠪᠣᠯᠬᠤᠢᠢᠴᠠ ᠬᠠᠷᠢᠯᠴᠠᠨ ᠠᠰᠢᠭᠲᠠᠢ ᠬᠠᠮᠲᠤᠷᠠᠭᠰᠠᠨ ᠲᠥᠰᠥᠯ᠂ ᠬᠥᠲᠥᠯᠪᠦᠷᠢ ᠨᠤᠭᠦᠳ ᠢ ᠰᠤᠳᠤᠯᠤᠨ ᠬᠡᠷᠡᠭᠵᠢᠭᠦᠯᠬᠦ ᠪᠡᠷ ᠶᠠᠷᠢᠯᠴᠠᠯ᠎ᠠ᠃

ᠮᠥᠨ ᠬᠣᠶᠠᠷ ᠤᠯᠤᠰ ᠤᠨ ᠲᠣᠭᠲᠠᠪᠤᠷᠢᠲᠠᠢ ᠬᠥᠭ᠍ᠵᠢᠯ ᠦᠨ ᠪᠣᠳᠣᠯᠭ᠎ᠠ ᠳᠤ ᠲᠤᠰᠬᠠᠭᠳᠠᠭᠰᠠᠨ ᠨᠡᠢᠢᠲᠡᠯᠢᠭ ᠵᠣᠷᠢᠯᠲᠠ ᠨᠤᠭᠤᠳ ᠢᠶᠠᠨ ᠤᠶᠠᠯᠳᠤᠭᠤᠯᠵᠤ᠂ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ ᠢ ᠪᠠᠲᠤᠳᠬᠠᠬᠤ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠰᠤᠶᠤᠯ᠂ ᠬᠥᠳᠡᠭᠡ ᠠᠬᠤᠢ᠂ ᠡᠷᠡᠭᠦᠯ ᠮᠡᠨᠳᠦ ᠢᠢᠨ ᠰᠠᠯᠪᠤᠷᠢ ᠳᠤ ᠦᠷ᠎ᠡ ᠳ᠋ᠦᠩ ᠲᠡᠢ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠨᠢᠭᠦᠯᠬᠦ ᠪᠡᠷ ᠲᠣᠬᠢᠷᠠᠯ᠎ᠠ᠃

《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠴᠠᠭᠠᠨ ᠠᠯᠲᠠ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠲᠣᠭᠲᠠᠪᠤᠷᠢᠲᠠᠢ ᠹᠧᠷᠮ ᠦᠨ ᠠᠵᠤ ᠠᠬᠤᠢ᠂ ᠮᠠᠯ ᠠᠵᠤ ᠠᠬᠤᠢ ᠢᠢᠨ ᠮᠧᠨᠧᠵᠮᠧᠨ᠋ᠲ ᠢ ᠰᠠᠢᠢᠵᠢᠷᠠᠭᠤᠯᠬᠤ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠪᠢᠣ‍ ᠣᠷᠭᠠᠨᠢᠭ ᠪᠦᠲᠦᠭᠡᠭ᠍ᠳᠡᠬᠦᠨ ᠦ ᠦᠢᠯᠡᠳᠪᠦᠷᠢᠯᠡᠯ᠂ ᠬᠥᠳᠡᠭᠡ ᠠᠵᠤ ᠠᠬᠤᠢ ᠢᠢᠨ ᠭᠠᠷᠤᠯ ᠲᠠᠢ ᠪᠦᠲᠦᠭᠡᠭ᠍ᠳᠡᠬᠦᠨ ᠦ ᠡᠻᠰᠫᠣᠷᠲ ᠢ ᠨᠡᠮᠡᠭᠳᠡᠭᠦᠯᠬᠦ᠂ ᠣᠷᠣᠨ ᠨᠤᠲᠤᠭ ᠤᠨ ᠬᠥᠭ᠍ᠵᠢᠯ ᠳᠥ ᠳᠡᠮᠵᠢᠯᠭᠡ ᠦᠵᠡᠭᠦᠯᠬᠦ ᠵᠡᠷᠭᠡ ᠳᠥ ᠴᠢᠭᠯᠡᠭᠰᠡᠨ ᠬᠠᠮᠲᠤᠷᠠᠭᠰᠠᠨ ᠲᠥᠰᠥᠯ ᠬᠡᠷᠡᠭᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃

ᠰᠸᠢᠴᠧᠷᠯᠠᠨ᠋ᠳ᠋ ᠤᠨ ᠰᠲ᠋ᠠᠨ᠋ᠳ᠋ᠠᠷᠲ᠂ ᠲᠧᠭᠨᠣᠯᠣᠭᠢ ᠢᠢ ᠨᠤᠲᠤᠭᠰᠢᠭᠤᠯᠬᠤ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠣᠶᠤᠲᠠᠨ ᠵᠠᠯᠠᠭᠤᠰ ᠢ ᠰᠤᠷᠭᠠᠵᠤ ᠪᠡᠯᠡᠳᠬᠡᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠲᠠᠯ᠎ᠠ ᠪᠠᠷ ᠶᠠᠷᠢᠯᠴᠠᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠢᠯᠡᠭᠡᠯᠲᠡ 2100》 ᠲᠡᠳᠬᠦᠯᠭᠡ ᠳᠥ ᠬᠥᠲᠥᠯᠪᠦᠷᠢ ᠢᠢ ᠲᠠᠨᠢᠯᠴᠠᠭᠤᠯᠤᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠬᠥᠷᠦᠰᠦᠨ ᠦ ᠳᠣᠷᠣᠢᠢᠲᠠᠯ᠂ ᠬᠦᠨᠡᠰᠦᠨ ᠦ ᠠᠶᠤᠯ ᠦᠭᠡᠢ ᠪᠠᠢᠢᠳᠠᠯ ᠵᠡᠷᠭᠡ ᠳᠡᠯᠡᠬᠡᠢ ᠨᠡᠢᠢᠲᠡ ᠳᠥ ᠲᠤᠯᠭᠠᠷᠠᠵᠤ ᠪᠤᠢ ᠰᠣᠷᠢᠯᠲᠠ ᠢᠢ ᠳᠠᠪᠠᠨ ᠲᠤᠭᠤᠯᠵᠤ᠂ ᠰᠢᠢᠳᠪᠦᠷᠢᠯᠡᠬᠦ ᠨᠢ ᠪᠢᠳᠡᠨ ᠦ ᠨᠡᠢᠢᠲᠡᠯᠢᠭ ᠲᠣᠮᠣᠬᠠᠨ ᠵᠣᠷᠢᠯᠲᠠ ᠭᠡᠳᠡᠭ ᠢ ᠣᠨᠴᠠᠯᠠᠵᠤ᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠵᠣᠷᠢᠯᠲᠠ ᠪᠣᠯᠤᠨ ᠫᠠᠷᠢᠰ ᠤᠨ ᠬᠡᠯᠡᠯᠴᠡᠭᠡᠷ ᠦᠨ ᠬᠦᠷᠢᠶᠡᠨ ᠳᠥ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠪᠣᠯᠤᠯ᠎ᠠ᠃

ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠮᠣᠩ᠋ᠭᠣᠯ ᠤᠯᠤᠰ ᠤᠨ ᠠᠷᠠᠳᠴᠢᠯᠠᠭᠰᠠᠨ ᠲᠣᠭᠲᠠᠯᠴᠠᠭ᠎ᠠ᠂ ᠰᠠᠢᠢᠨ ᠵᠠᠰᠠᠭᠯᠠᠯ ᠢ ᠪᠡᠬᠢᠵᠢᠭᠦᠯᠬᠦ᠂ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ ᠳᠡᠪᠰᠢᠯ ᠳᠥ ᠵᠣᠷᠢᠭᠤᠯᠤᠨ ᠰᠸᠢᠴᠧᠷᠯᠠᠨ᠋ᠳ᠋ ᠤᠨ ᠠᠷᠠᠳ ᠲᠦᠮᠡᠨ᠂ ᠲᠥᠷᠥ᠂ ᠵᠠᠰᠠᠭ ᠠᠴᠠ ᠥᠩ᠋ᠭᠡᠷᠡᠭᠰᠡᠨ 20 ᠭᠠᠷᠤᠢ ᠵᠢᠯ ᠦᠨ ᠬᠤᠭᠤᠴᠠᠭᠠᠨ ᠳᠤ ᠮᠠᠨ ᠤ ᠤᠯᠤᠰ ᠲᠤ 460 ᠭᠠᠷᠤᠢ ᠲᠡᠷᠪᠤᠮ ᠲᠥᠭᠥᠷᠢᠭ᠌ ᠦᠨ ᠳᠡᠮᠵᠢᠯᠭᠡ ᠦᠵᠡᠭᠦᠯᠵᠦ᠂ ᠦᠷ᠎ᠡ ᠳ᠋ᠦᠩ ᠲᠡᠢ ᠣᠯᠠᠨ ᠲᠥᠰᠥᠯ᠂ ᠬᠥᠲᠥᠯᠪᠦᠷᠢ ᠠᠮᠵᠢᠯᠲᠠᠲᠠᠢ ᠬᠡᠷᠡᠭᠵᠢᠭᠦᠯᠦᠭᠰᠡᠨ ᠳᠥ ᠮᠠᠨ ᠤ ᠠᠷᠠᠳ ᠲᠦᠮᠡᠨ ᠢᠮᠠᠭᠲᠠ ᠲᠠᠯᠠᠷᠬᠠᠵᠤ ᠪᠠᠢᠢᠳᠠᠭ᠃

ᠮᠥᠨ ᠴᠠᠷ ᠲᠠᠬᠤᠯ᠂ ᠪᠠᠢᠢᠭᠠᠯᠢ ᠢᠢᠨ ᠭᠠᠮᠰᠢᠭ᠂ ᠦᠶᠡᠷ᠂ ᠵᠤᠳ ᠤᠨ ᠪᠡᠷᠬᠡᠰᠢᠶᠡᠯ ᠲᠡᠢ ᠲᠤᠯᠭᠠᠷᠠᠭᠰᠠᠨ ᠴᠠᠭ ᠲᠤ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠮᠣᠩ᠋ᠭᠣᠯ ᠤᠨ ᠠᠷᠠᠳ ᠲᠦᠮᠡᠨ ᠲᠡᠢ ᠬᠠᠮᠲᠤ ᠪᠠᠢᠢᠵᠤ᠂ ᠬᠦᠮᠦᠨᠯᠢᠭ ᠦᠨ ᠪᠣᠯᠤᠨ ᠬᠦᠮᠦᠨ ᠦ ᠡᠷᠡᠭᠦᠯ ᠮᠡᠨᠳᠦ ᠢᠢ ᠬᠠᠮᠠᠭᠠᠯᠠᠬᠤ ᠦᠢᠯᠡᠰ ᠲᠥ ᠦᠨᠡᠲᠡᠢ ᠬᠤᠪᠢ ᠨᠡᠮᠡᠷᠢ ᠪᠡᠨ ᠣᠷᠣᠭᠤᠯᠵᠤ ᠢᠷᠡᠭᠰᠡᠨ᠃ ᠡᠭᠦᠨ ᠦ ᠨᠢᠭᠡ ᠵᠢᠱᠢᠶ᠎ᠡ ᠨᠢ 《ᠵᠢᠷᠦᠬᠡ ᠮᠠᠷᠲᠠᠬᠤ ᠦᠭᠡᠢ》 ᠲᠥᠰᠥᠯ ᠢ ᠣᠨᠴᠠᠯᠠᠬᠤ ᠢᠢ ᠬᠦᠰᠡᠵᠦ ᠪᠠᠢᠢᠨ᠎ᠠ᠃

ᠴᠢᠨᠠᠭᠰᠢᠳᠠ ᠬᠦᠮᠦᠨᠯᠢᠭ ᠦᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠵᠦ᠂ ᠭᠠᠵᠠᠷ ᠬᠥᠳᠡᠯᠦᠯᠲᠡ ᠢᠢᠨ ᠡᠰᠡᠷᠭᠦ ᠬᠠᠷᠢᠭᠤ ᠠᠷᠭ᠎ᠠ ᠬᠡᠮᠵᠢᠶ᠎ᠡ ᠠᠪᠬᠤ ᠴᠢᠭᠯᠡᠯ ᠢᠶᠡᠷ ᠮᠣᠩ᠋ᠭᠣᠯ ᠤᠯᠤᠰ ᠤᠨ ᠴᠢᠳᠠᠪᠬᠢ ᠢᠢ ᠪᠡᠬᠢᠵᠢᠭᠦᠯᠬᠦ᠂ ᠮᠣᠩ᠋ᠭᠣᠯ ᠤᠨ ᠵᠢᠷᠦᠬᠡᠨ ᠦ ᠡᠮᠴᠢ ᠨᠠᠷ ᠤᠨ ᠲᠤᠰᠠᠯᠠᠮᠵᠢ ᠲᠠᠢ ᠪᠠᠷ ᠬᠡᠦᠬᠡᠳ ᠦᠨ ᠡᠮᠨᠡᠯᠭᠡ ᠢᠢᠨ ᠪᠥᠰᠡ ᠨᠤᠲᠤᠭ ᠤᠨ ᠦᠢᠯᠡᠴᠢᠯᠡᠭᠡ ᠢᠢ ᠳᠡᠮᠵᠢᠬᠦ ᠠᠵᠢᠯ ᠢ ᠪᠢᠳᠡ ᠦᠷᠭᠦᠯᠵᠢᠯᠡᠭᠦᠯᠬᠦ ᠪᠡᠷ ᠲᠣᠬᠢᠷᠠᠯᠴᠠᠯ᠎ᠠ᠃

ᠮᠥᠨ ᠦᠨᠳᠦᠰᠦᠨ ᠦ ᠰᠤᠶᠤᠯ ᠢᠶᠠᠨ ᠰᠤᠷᠲᠠᠯᠴᠢᠯᠠᠵᠤ᠂ ᠰᠫᠣᠷᠲ ᠢ ᠳᠡᠮᠵᠢᠬᠦ ᠴᠢᠭᠯᠡᠯ ᠢᠶᠡᠷ ᠪᠢᠳᠡ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠵᠦ᠂ ᠮᠣᠩ᠋ᠭᠣᠯ ᠤᠨ ᠲᠡᠦᠬᠡ ᠢᠢᠨ ᠦᠵᠡᠰᠬᠦᠯᠡᠩ ᠢ ᠰᠸᠢᠴᠧᠷᠯᠠᠨ᠋ᠳ᠋ ᠤᠨ ᠴᠶᠤᠷᠢᠾ ᠬᠣᠲᠠ ᠢᠢᠨ ᠷᠢᠢᠲ᠋ᠪᠧᠷᠭ᠌ ᠮᠦᠽᠧᠢ ᠳᠥ 2025 ᠣᠨ ᠳᠤ ᠭᠠᠷᠭᠠᠬᠤ ᠪᠠᠷ ᠪᠣᠯᠤᠯ᠎ᠠ᠃

ᠪᠠᠢᠢᠭᠠᠯᠢ᠂ ᠴᠠᠭ ᠠᠭᠤᠷ᠂ ᠳᠠᠯᠠᠢ ᠳᠤ ᠭᠠᠷᠴᠠ ᠦᠭᠡᠢ ᠵᠡᠷᠭᠡ ᠪᠢᠳᠡᠨ ᠦ ᠨᠡᠢᠢᠲᠡᠯᠢᠭ ᠣᠨᠴᠠᠯᠢᠭ᠂ ᠭᠠᠳᠠᠭᠠᠳᠤ ᠪᠣᠳᠣᠯᠭ᠎ᠠ ᠢᠢᠨ ᠢᠵᠢᠯ ᠲᠥᠰᠲᠡᠢ ᠪᠠᠢᠢᠷᠢ ᠰᠠᠭᠤᠷᠢ ᠲᠠᠢ ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠥᠷᠭᠡᠵᠢᠭᠦᠯᠦᠨ ᠪᠡᠬᠢᠵᠢᠭᠦᠯᠬᠦ ᠪᠡᠨ ᠲᠠᠯ᠎ᠠ ᠨᠤᠭᠤᠳ ᠨᠣᠲᠠᠯᠠᠯ᠎ᠠ᠃

ᠴᠠᠭᠠᠰᠢᠳᠠ ᠡᠳ᠋ ᠦᠨ ᠵᠠᠰᠠᠭ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ᠂ ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠪᠠᠢᠢᠭᠠᠯᠢ ᠣᠷᠴᠢᠨ ᠪᠣᠯᠤᠨ ᠬᠦᠮᠦᠨᠯᠢᠭ ᠦᠨ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠥᠭᠡ ᠥᠷᠭᠡᠨ ᠬᠦᠷᠢᠶᠡᠨ ᠳᠥ ᠬᠠᠮᠲᠤᠷᠠᠨ ᠠᠵᠢᠯᠯᠠᠬᠤ ᠪᠣᠯᠤᠨ᠎ᠠ᠃

ᠮᠣᠩ᠋ᠭᠣᠯ ᠤᠯᠤᠰ ᠤᠨ ᠡ᠊ᠩᠬᠡ ᠢᠢ ᠡᠷᠬᠢᠮᠯᠡᠭᠰᠡᠨ᠂ ᠪᠡᠶ᠎ᠡ ᠳᠠᠭᠠᠭᠠᠭᠰᠠᠨ᠂ ᠨᠡᠭᠡᠭᠡᠯᠲᠡᠲᠡᠢ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠪᠣᠯᠤᠨ ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠲᠣᠭᠲᠠᠪᠤᠷᠢᠲᠠᠢ ᠬᠥᠭ᠍ᠵᠢᠯ ᠦᠨ ᠲᠥᠯᠦᠭᠡᠬᠢ ᠬᠦᠴᠦᠨ ᠴᠢᠷᠮᠠᠢᠢᠯᠲᠠ᠂ ᠲᠤᠭᠤᠰᠢᠲᠠᠢ ᠪᠣᠳᠣᠯᠭ᠎ᠠ ᠢᠢ ᠪᠢᠳᠡ ᠬᠠᠷᠢᠯᠴᠠᠨ ᠤᠶᠠᠯᠳᠤᠭᠤᠯᠵᠤ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠠᠢᠢᠨ᠎ᠠ᠃

ᠠᠩᠬᠠᠷᠤᠯ ᠲᠠᠯᠪᠢᠭᠰᠠᠨ ᠲᠠ ᠪᠦᠬᠦᠨ ᠳᠥ ᠪᠠᠶᠠᠷᠯᠠᠯ᠎ᠠ》᠃

ᠰᠸᠢᠴᠧᠷᠯᠠᠨ᠋ᠳ᠋ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠢᠣᠯᠠ ᠠᠮᠾᠧᠷᠳ᠋ ᠄

《ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠬᠡᠪᠯᠡᠯ ᠮᠡᠳᠡᠭᠡᠯᠡᠯ ᠦᠨ ᠡᠷᠬᠢᠮ ᠲᠥᠯᠥᠭᠡᠯᠡᠭᠴᠢᠳ ᠡ᠂

ᠡᠷᠬᠢᠮᠰᠦᠭ ᠬᠠᠲᠤᠭᠲᠠᠢ᠂ ᠨᠣᠶᠠᠳ ᠠ᠂

ᠥᠨᠥᠳᠥᠷ ᠪᠢ ᠮᠣᠩ᠋ᠭᠣᠯ ᠤᠯᠤᠰ ᠲᠤ ᠠᠢᠢᠯᠴᠢᠯᠠᠵᠤ ᠪᠠᠢᠢᠭ᠎ᠠ ᠳᠠᠭᠠᠨ ᠲᠤᠢᠢᠯ ᠤᠨ ᠪᠠᠶᠠᠷᠲᠠᠢ ᠪᠠᠢᠢᠨ᠎ᠠ᠃ ᠮᠠᠨ ᠤ ᠬᠣᠶᠠᠷ ᠤᠯᠤᠰ ᠤᠨ ᠣᠯᠠᠨ ᠵᠢᠯ ᠣᠢᠢᠷ᠎ᠠ ᠳᠣᠲᠣᠨᠣ ᠬᠠᠮᠲᠤᠷᠠᠨ ᠠᠵᠢᠯᠯᠠᠵᠤ ᠢᠷᠡᠭᠰᠡᠨ ᠠᠲᠠᠯ᠎ᠠ ᠰᠸᠢᠴᠧᠷᠯᠠᠨ᠋ᠳ᠋ ᠤᠯᠤᠰ ᠤᠨ ᠶᠡᠷᠦᠩᠬᠡᠢᠢᠯᠡᠭᠴᠢ ᠢᠢᠨ ᠲᠦᠪᠰᠢᠨ ᠳᠥ ᠠᠩᠬ᠎ᠠ ᠤᠳᠠᠭ᠎ᠠ ᠠᠢᠢᠯᠴᠢᠯᠠᠵᠤ ᠪᠠᠢᠢᠭ᠎ᠠ ᠨᠢ ᠢᠲᠡᠭᠡᠬᠦ ᠳᠥ ᠪᠡᠷᠬᠡ ᠴᠤ ᠪᠣᠳᠠᠲᠤ ᠦᠨᠡᠨ ᠶᠤᠮ᠃ ᠡᠨᠡ ᠠᠢᠢᠯᠴᠢᠯᠠᠯ ᠰᠸᠢᠴᠧᠷᠯᠠᠨ᠋ᠳ᠋ ᠂ ᠮᠣᠩ᠋ᠭᠣᠯ ᠤᠨ ᠬᠠᠷᠢᠯᠴᠠᠭᠠᠨ ᠤ ᠲᠡᠦᠬᠡᠨ ᠳᠥ ᠨᠢᠭᠡᠨ ᠴᠢᠬᠤᠯᠠ ᠦᠢᠯᠡ ᠶᠠᠪᠤᠳᠠᠯ ᠪᠣᠯᠵᠤ ᠪᠠᠢᠢᠭ᠎ᠠ ᠢᠢ ᠨᠡᠩ ᠬᠦᠨᠳᠦᠳᠭᠡᠵᠦ᠂ ᠮᠠᠰᠢ ᠶᠡᠬᠡ ᠪᠠᠶᠠᠷᠲᠠᠢ ᠪᠠᠢᠢᠨ᠎ᠠ᠃

ᠮᠠᠨ ᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ᠂ ᠬᠥᠭ᠍ᠵᠢᠯ ᠦᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠮᠣᠩ᠋ᠭᠣᠯ ᠤᠯᠤᠰ ᠲᠤ 20 ᠵᠢᠯ ᠠᠵᠢᠯᠯᠠᠭᠰᠠᠨ ᠠᠮᠵᠢᠯᠲᠠ ᠢᠢ ᠡᠨᠡ ᠠᠢᠢᠯᠴᠢᠯᠠᠯ ᠢᠶᠠᠷ ᠶᠣᠰᠣᠯᠠᠨ ᠲᠡᠮᠳᠡᠭᠯᠡᠵᠦ ᠪᠠᠢᠢᠨ᠎ᠠ᠃ ᠡᠭᠦᠨ ᠦ ᠵᠡᠷᠭᠡᠴᠡᠭᠡ ᠪᠢᠳᠡ ᠢᠷᠡᠭᠡᠳᠦᠢ ᠪᠡᠨ ᠬᠠᠷᠠᠵᠤ᠂ ᠬᠣᠶᠠᠷ ᠤᠯᠤᠰ ᠤᠨ ᠴᠢᠨᠠᠭᠰᠢᠳᠠ ᠢᠢᠨ ᠬᠠᠷᠢᠯᠴᠠᠭ᠎ᠠ ᠢᠢ ᠲᠣᠳᠣᠷᠬᠠᠢᠢᠯᠠᠬᠤ ᠳᠤ ᠴᠢᠬᠤᠯᠠ ᠠᠴᠢ ᠬᠣᠯᠪᠣᠭᠳᠠᠯ ᠥᠭᠴᠦ ᠪᠠᠢᠢᠨ᠎ᠠ᠃

ᠡᠨᠡ ᠵᠣᠷᠢᠯᠲᠠ ᠢᠢᠨ ᠬᠦᠷᠢᠶᠡᠨ ᠳᠥ ᠪᠢᠳᠡ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠲᠤᠬᠠᠢ ᠬᠠᠮᠲᠤᠷᠠᠭᠰᠠᠨ ᠲᠤᠩᠬᠠᠭᠯᠠᠯ᠂ 《ᠠᠷᠠᠳᠴᠢᠯᠠᠭᠰᠠᠨ ᠵᠠᠰᠠᠭᠯᠠᠯ ᠤᠨ ᠠᠰᠠᠭᠤᠳᠠᠯ ᠢᠶᠠᠷ ᠬᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》 ᠪᠠᠢᠢᠭᠤᠯᠤᠯ᠎ᠠ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠠᠴᠠ ᠠᠩᠬᠠᠷᠤᠭᠤᠯᠤᠭᠰᠠᠨ 《ᠳᠡᠯᠡᠬᠡᠢ ᠳᠠᠬᠢᠨ ᠢᠶᠠᠨ ᠲᠠᠷᠬᠠᠵᠤ ᠪᠤᠢ ᠠᠷᠠᠳᠴᠢᠯᠠᠯ ᠤᠨ ᠪᠠᠭᠤᠷᠠᠯᠲᠠ》 ᠍ ᠢ ᠰᠥᠷᠥᠨ ᠵᠣᠭᠰᠣᠭᠠᠬᠤ ᠨᠢ ᠰᠸᠢᠴᠧᠷᠯᠠᠨ᠋ᠳ᠋ ᠤᠯᠤᠰ ᠤᠨ ᠬᠤᠪᠢ ᠳᠤ ᠨᠡᠩ ᠴᠢᠬᠤᠯᠠ ᠶᠤᠮ᠃

ᠮᠣᠩ᠋ᠭᠣᠯ ᠤᠯᠤᠰ ᠲᠤ ᠰᠠᠶᠢᠬᠠᠨ ᠪᠣᠯᠤᠭᠰᠠᠨ ᠫᠠᠷᠯᠠᠮᠧᠨ᠋ᠲ ᠤᠨ ᠰᠣᠩ᠋ᠭᠣᠭᠤᠯᠢ ᠪᠠᠷ ᠰᠣᠩ᠋ᠭᠣᠭᠴᠢᠳ ᠤᠨ ᠣᠷᠣᠯᠴᠠᠭ᠎ᠠ ᠥᠨᠳᠥᠷ ᠪᠠᠢᠢᠵᠤ᠂ ᠰᠣᠩ᠋ᠭᠣᠭᠤᠯᠢ ᠠᠮᠵᠢᠯᠲᠠᠲᠠᠢ ᠪᠣᠯᠤᠭᠰᠠᠨ ᠨᠢ ᠠᠷᠠᠳᠴᠢᠯᠠᠯ ᠤᠨ ᠲᠥᠯᠦᠭᠡᠬᠢ ᠢᠷᠭᠡᠳ᠂ ᠲᠥᠷᠥ ᠢᠢᠨ ᠪᠠᠢᠢᠭᠤᠯᠤᠯᠭ᠎ᠠ ᠨᠤᠭᠤᠳ ᠤᠨ ᠬᠦᠴᠦᠨ ᠴᠢᠷᠮᠠᠢᠢᠯᠲᠠ ᠢᠢ ᠲᠣᠳᠣ ᠢᠯᠡᠳᠬᠡᠨ ᠬᠠᠷᠠᠭᠤᠯᠤᠯ᠎ᠠ᠃

ᠪᠢᠳᠡ ᠤᠯᠤᠰ ᠲᠥᠷᠥ᠂ ᠬᠠᠤᠯᠢ ᠡᠷᠬᠡ ᠵᠦᠢ ᠢᠢᠨ ᠴᠢᠭᠯᠡᠯ ᠢᠶᠡᠷ ᠢᠳᠡᠪᠬᠢᠲᠡᠢ ᠬᠠᠷᠢᠯᠴᠠᠭ᠎ᠠ ᠥᠷᠨᠢᠭᠦᠯᠵᠦ ᠪᠠᠢᠢᠭ᠎ᠠ ᠢᠢᠨ ᠵᠡᠷᠭᠡᠴᠡᠭᠡ ᠡᠷᠡᠭᠦᠯ ᠮᠡᠨᠳᠦ᠂ ᠬᠤᠳᠠᠯᠳᠤᠭ᠎ᠠ᠂ ᠬᠦᠮᠦᠨᠯᠢᠭ ᠦᠨ ᠰᠠᠯᠪᠤᠷᠢ ᠳᠤ ᠣᠯᠠᠨ ᠲᠥᠰᠥᠯ᠂ ᠬᠥᠲᠥᠯᠪᠦᠷᠢ ᠠᠮᠵᠢᠯᠲᠠᠲᠠᠢ ᠬᠡᠷᠡᠭᠵᠢᠭᠦᠯᠵᠦ ᠪᠠᠢᠢᠨ᠎ᠠ᠃ ᠲᠡᠭᠦᠨᠴᠢᠯᠡᠨ ᠪᠢᠳᠡ ᠪᠤᠰᠤᠳ ᠰᠠᠯᠪᠤᠷᠢ ᠳᠤ ᠬᠣᠶᠠᠷ ᠪᠣᠯᠤᠨ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠪᠡᠷ ᠪᠣᠯᠤᠭᠰᠠᠨ ᠢ ᠥᠨᠥᠳᠥᠷ ᠬᠠᠮᠲᠤᠷᠠᠭᠰᠠᠨ ᠲᠤᠩᠬᠠᠭᠯᠠᠯ ᠳᠠᠭᠠᠨ ᠲᠤᠰᠬᠠᠯ ᠠ᠃

ᠰᠸᠢᠴᠧᠷᠯᠠᠨ᠋ᠳ᠋ ᠂ ᠮᠣᠩ᠋ᠭᠣᠯ ᠳᠡᠯᠡᠬᠡᠢ ᠢᠢᠨ ᠲᠠᠪᠴᠠᠩ ᠳᠤ ᠣᠯᠠᠨ ᠠᠰᠠᠭᠤᠳᠠᠯ ᠢᠶᠠᠷ ᠢᠵᠢᠯ ᠲᠥᠰᠲᠡᠢ ᠪᠠᠢᠢᠷᠢ ᠰᠠᠭᠤᠷᠢ ᠲᠠᠢ᠃ ᠲᠤᠬᠠᠢᠢᠯᠠᠪᠠᠯ᠂ ᠮᠠᠨ ᠤ ᠬᠣᠶᠠᠷ ᠤᠯᠤᠰ ᠴᠠᠭᠠᠵᠠ ᠢᠢᠨ ᠶᠠᠯ᠎ᠠ ᠢᠢ ᠳᠡᠯᠡᠬᠡᠢ ᠳᠠᠬᠢᠨ ᠢᠶᠠᠨ ᠬᠠᠯᠬᠤ ᠢᠢᠨ ᠲᠥᠯᠥᠭᠡ ᠪᠠᠢᠢᠳᠠᠭ᠃

ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ ᠨᠢ ᠰᠸᠢᠴᠧᠷᠯᠠᠨ᠋ᠳ᠋ ᠤᠯᠤᠰ ᠤᠨ ᠣᠯᠠᠨ ᠲᠠᠯᠠᠲᠤ ᠭᠠᠳᠠᠭᠠᠳᠤ ᠪᠣᠳᠣᠯᠭ᠎ᠠ ᠢᠢᠨ ᠨᠢᠭᠡ ᠲᠤᠯᠭᠠᠭᠤᠷᠢ ᠨᠢ ᠶᠤᠮ᠃ ᠡᠭᠦᠨ ᠲᠡᠢ ᠬᠣᠯᠪᠣᠭᠳᠠᠭᠤᠯᠤᠨ ᠡ᠊ᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠤᠨ ᠲᠥᠯᠦᠭᠡᠬᠢ ᠮᠣᠩ᠋ᠭᠣᠯ ᠤᠯᠤᠰ ᠤᠨ ᠬᠦᠴᠦ ᠴᠢᠷᠮᠠᠢᠢᠯᠲᠠ᠂ ᠢᠯᠠᠩ᠋ᠭᠤᠶ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠡ᠊ᠩᠬᠡ ᠢᠢ ᠰᠠᠬᠢᠭᠤᠯᠬᠤ ᠠᠵᠢᠯᠯᠠᠭᠠᠨ ᠳᠤ ᠣᠷᠣᠭᠤᠯᠵᠤ ᠪᠤᠢ ᠬᠤᠪᠢ ᠨᠡᠮᠡᠷᠢ ᠢᠢ ᠥᠨᠳᠥᠷ ᠢᠶᠡᠷ ᠦᠨᠡᠯᠡᠵᠦ ᠪᠠᠢᠢᠨ᠎ᠠ᠃

ᠪᠢᠳᠡ ᠳᠡᠯᠡᠬᠡᠢ ᠳᠠᠬᠢᠨ ᠤ ᠠᠶᠤᠯ ᠦᠭᠡᠢ ᠪᠠᠢᠢᠳᠠᠯ ᠤᠨ ᠲᠣᠭᠲᠠᠯᠴᠠᠭᠠᠨ ᠤ ᠲᠠᠯ᠎ᠠ ᠪᠠᠷ ᠮᠥᠨ ᠶᠠᠷᠢᠯᠴᠠᠯ᠎ᠠ᠃ ᠲᠤᠬᠠᠢᠢᠯᠠᠪᠠᠯ᠂ ᠡᠨᠡ ᠣᠨ ᠤ ᠵᠢᠷᠭᠤᠭᠠᠳᠤᠭᠠᠷ ᠰᠠᠷ᠎ᠠ ᠳᠤ ᠪᠦᠷᠭᠧᠨ᠋ᠱᠲ᠋ᠣᠻ ᠬᠣᠲᠠ ᠳᠤ ᠪᠣᠯᠤᠭᠰᠠᠨ ᠣᠯᠠᠨ ᠤᠯᠤᠰ ᠤᠨ ᠪᠠᠭ᠎ᠠ ᠬᠤᠷᠠᠯ ᠤᠨ ᠳᠠᠷᠤᠭ᠎ᠠ ᠦᠻᠷᠠᠶᠢᠨ ᠳᠤ ᠵᠦᠢ ᠶᠣᠰᠣᠨ ᠤ᠂ ᠡ᠊ᠩᠬᠡ ᠲᠠᠢᠢᠪᠤᠩ ᠤᠨ ᠢ ᠲᠣᠭᠲᠠᠪᠤᠷᠢᠲᠠᠢ ᠴᠣᠭᠴᠠᠯᠠᠭᠠᠬᠤ ᠢᠢᠨ ᠲᠥᠯᠥᠭᠡ ᠰᠸᠢᠴᠧᠷᠯᠠᠨ᠋ᠳ᠋ ᠤᠯᠤᠰ ᠠᠴᠠ ᠬᠡᠷᠡᠭᠵᠢᠭᠦᠯᠵᠦ ᠪᠤᠢ ᠠᠷᠭ᠎ᠠ ᠬᠡᠮᠵᠢᠶᠡᠨ ᠦ ᠲᠠᠯ᠎ᠠ ᠪᠠᠷ ᠲᠠᠨᠢᠯᠴᠠᠭᠤᠯᠤᠯ᠎ᠠ᠃

ᠥᠨᠥ ᠢᠢᠨ ᠨᠥᠬᠥᠴᠡᠯ ᠪᠠᠢᠢᠳᠠᠯ ᠳᠤ ᠡᠨᠡ ᠣᠯᠠᠨ ᠤᠯᠤᠰ ᠤᠨ ᠪᠠᠭ᠎ᠠ ᠬᠤᠷᠠᠯ ᠲᠥᠰᠦᠭᠡᠯᠡᠵᠦ ᠪᠠᠢᠢᠭᠰᠠᠨ ᠳᠠᠭᠠᠨ ᠬᠦᠷᠦᠭᠰᠡᠨ᠃ ᠡᠭᠦᠨ ᠦ ᠦᠷ᠎ᠡ ᠳ᠋ᠦᠩ ᠨᠢ ᠠᠰᠠᠭᠤᠳᠠᠯ ᠢ ᠤᠷᠤᠭᠰᠢᠯᠠᠭᠤᠯᠬᠤ ᠳᠤ ᠴᠢᠭᠯᠡᠭᠰᠡᠨ ᠠᠷᠭ᠎ᠠ ᠵᠠᠮ ᠢ ᠡᠷᠢᠯᠬᠢᠯᠡᠬᠦ ᠢᠢ ᠵᠣᠷᠢᠭᠰᠠᠨ᠃ ᠰᠸᠢᠴᠧᠷᠯᠠᠨ᠋ᠳ᠋ ᠤᠯᠤᠰ ᠤᠨ ᠬᠤᠪᠢ ᠳᠤ ᠪᠠᠢᠢᠷᠢ ᠰᠠᠭᠤᠷᠢ ᠲᠣᠳᠣᠷᠬᠠᠢ ᠪᠥᠭᠡᠳ ᠬᠣᠶᠠᠷ ᠲᠠᠯ᠎ᠠ ᠢᠢᠨ ᠣᠷᠣᠯᠴᠠᠭ᠎ᠠ ᠢᠢ ᠬᠠᠩ᠋ᠭᠠᠵᠤ ᠪᠠᠢᠢᠵᠤ ᠯᠠ ᠡ᠊ᠩᠬᠡ ᠲᠠᠢᠢᠪᠤᠩ ᠤᠨ ᠢ ᠤᠷᠲᠤ ᠤᠳᠠᠭᠠᠨ ᠬᠤᠭᠤᠴᠠᠭᠠᠨ ᠳᠤ ᠴᠣᠭᠴᠠᠯᠠᠭᠠᠵᠤ ᠴᠢᠳᠠᠨ᠎ᠠ᠃

ᠰᠣᠯᠣᠩ᠋ᠭᠣᠰ ᠤᠨ ᠬᠣᠢᠢᠭ ᠤᠨ ᠡ᠊ᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠤᠨ ᠲᠥᠯᠦᠭᠡᠬᠢ ᠰᠸᠢᠴᠧᠷᠯᠠᠨ᠋ᠳ᠋ ᠂ ᠮᠣᠩ᠋ᠭᠣᠯ ᠤᠨ ᠬᠦᠴᠦᠨ ᠴᠢᠷᠮᠠᠢᠢᠯᠲᠠ ᠢᠢᠨ ᠲᠠᠯ᠎ᠠ ᠪᠠᠷ ᠪᠢᠳᠡ ᠮᠥᠨ ᠶᠠᠷᠢᠯᠴᠠᠯ᠎ᠠ᠃

ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠬᠠᠲᠤᠭᠲᠠᠢ᠂ ᠨᠣᠶᠠᠳ ᠠ᠂

ᠰᠸᠢᠴᠧᠷᠯᠠᠨ᠋ᠳ᠋ ᠂ ᠮᠣᠩ᠋ᠭᠣᠯ ᠬᠣᠶᠠᠷ ᠤᠯᠤᠰ ᠭᠠᠵᠠᠷ ᠵᠦᠢ ᠢᠢᠨ ᠬᠤᠪᠢ ᠳᠤ ᠠᠯᠤᠰ ᠬᠣᠯᠠ ᠬᠡᠳᠦᠢ ᠴᠤ ᠠᠷᠠᠳᠴᠢᠯᠠᠭᠰᠠᠨ ᠦᠨᠡᠲᠦ ᠵᠦᠢᠯ᠂ ᠡᠷᠬᠡ ᠵᠦᠢᠳᠦ ᠶᠣᠰᠣ᠂ ᠣᠯᠠᠨ ᠤᠯᠤᠰ ᠤᠨ ᠲᠠᠪᠴᠠᠩ ᠳᠠᠬᠢ ᠬᠠᠮᠲᠤ ᠢᠢᠨ ᠬᠦᠴᠦ ᠴᠢᠷᠮᠠᠢᠢᠯᠲᠠ ᠪᠢᠳᠡᠨ ᠢ ᠣᠢᠢᠷᠠᠲᠤᠭᠤᠯᠳᠠᠭ᠃ ᠪᠢᠳᠡ ᠡᠨᠡᠬᠦ ᠨᠥᠬᠥᠷᠯᠡᠯ ᠢᠶᠡᠨ ᠤᠯᠠᠮ ᠪᠦᠷᠢ ᠪᠠᠲᠤᠳᠬᠠᠵᠤ᠂ ᠢᠷᠡᠭᠡᠳᠦᠢ ᠢᠢᠨ ᠪᠣᠯᠤᠮᠵᠢ ᠪᠠᠨ ᠦᠷ᠎ᠡ ᠳ᠋ᠦᠩ ᠳᠥ ᠬᠦᠷᠭᠡᠬᠦ ᠪᠡᠨ ᠨᠣᠲᠠᠯᠠᠯ᠎ᠠ᠃

ᠨᠠᠢᠢᠷᠰᠠᠭ ᠵᠣᠴᠢᠯᠠᠮᠠᠲᠠᠭᠠᠢ ᠬᠦᠯᠢᠶᠡᠨ ᠠᠪᠴᠤ ᠪᠤᠢ ᠬᠦᠨᠳᠦᠳᠥ ᠶᠡᠷᠦᠩᠬᠡᠢᠢᠯᠡᠭᠴᠢ ᠲᠠᠨ ᠳᠤ ᠲᠠᠯᠠᠷᠬᠠᠯ ᠢᠯᠡᠷᠬᠡᠢᠢᠯᠡᠶ᠎ᠡ᠃ ᠮᠠᠨ ᠤ ᠬᠣᠶᠠᠷ ᠤᠯᠤᠰ ᠤᠨ ᠬᠠᠷᠢᠯᠴᠠᠭ᠎ᠠ ᠢᠢ ᠲᠦᠭᠦᠴᠢᠭᠡᠯᠡᠨ ᠥᠷᠭᠡᠵᠢᠭᠦᠯᠬᠦ ᠳᠡᠭᠡᠨ ᠪᠠᠶᠠᠷᠲᠠᠢ ᠪᠠᠢᠢᠨ᠎ᠠ》᠃