ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳᠷ᠊᠂ᠨᠠᠲ᠋ᠠᠱᠠ ᠫᠢᠷᠼ ᠮᠦ᠋ᠰᠠᠷ 2024 ᠣᠨ ᠤ 08 ᠳ᠋ᠤᠭᠠᠷ ᠰᠠᠷ᠎ᠠ ᠢᠢᠨ 20-21 ᠍ ᠦ ᠡᠳᠦᠷ ᠦᠳ ᠲᠥ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠵᠦ᠂ 08 ᠳ᠋ᠤᠭᠠᠷ ᠰᠠᠷ᠎ᠠ ᠢᠢᠨ 22-23 ᠍ ᠤ ᠡᠳᠦᠷ ᠦᠳ ᠲᠥ ᠤᠯᠠᠭᠠᠨᠪᠠᠭᠠᠲᠤᠷ ᠬᠣᠲᠠᠨ᠎ᠠ ᠪᠣᠯᠬᠤ 《ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ》 ᠍ ᠳᠤ ᠬᠦᠨᠳᠦᠲᠦ ᠵᠣᠴᠢᠨ ᠢᠶᠠᠷ ᠣᠷᠣᠯᠴᠠᠨ᠎ᠠ᠃
ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠥ ᠢᠢᠨ ᠲᠡᠷᠢᠭᠦᠨ ᠨᠤᠬᠦᠳ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠲᠠᠯ᠎ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠳᠠᠶᠠᠩ ᠳᠡᠯᠡᠬᠡᠢ ᠢᠢᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠲᠤᠬᠠᠢᠢᠯᠠᠪᠠᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠵᠧᠨ᠋ᠳᠡᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ ᠵᠡᠷᠭᠡ ᠴᠢᠭᠯᠡᠯ ᠳᠥ ᠬᠠᠮᠲᠤᠷᠠᠵᠤ ᠠᠵᠢᠯᠯᠠᠬᠤ ᠲᠠᠯ᠎ᠠ ᠪᠠᠷ ᠶᠠᠷᠢᠯᠴᠠᠨ᠎ᠠ᠃ ᠮᠥᠨ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠰᠠᠨᠠᠯ ᠰᠣᠯᠢᠯᠴᠠᠨ᠎ᠠ᠃
ᠲᠡᠭᠦᠨᠴᠢᠯᠡᠨ ᠮᠣᠩ᠋ᠭᠣᠯ-ᠰᠯᠣᠸᠸᠨ ᠦ ᠬᠠᠮᠲᠤᠷᠠᠭᠰᠠᠨ ᠲᠤᠩᠬᠠᠭᠯᠠᠯ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠲᠡᠭᠡᠭᠡᠪᠦᠷᠢ᠂ ᠠᠶᠠᠯᠠᠯ ᠵᠢᠭᠤᠯᠴᠢᠯᠠᠯ᠂ ᠣᠢ ᠢᠢᠨ ᠰᠠᠯᠪᠤᠷᠢ ᠳᠤ ᠭᠦᠨᠵᠡᠭᠡᠢᠢᠷᠡᠭᠦᠯᠬᠦ ᠳᠥ ᠴᠢᠭᠯᠡᠭᠰᠡᠨ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠨ᠎ᠠ᠃
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠥᠩ᠋ᠭᠡᠷᠡᠭᠰᠡᠨ ᠣᠨ ᠳᠤ ᠲᠣᠬᠢᠶᠠᠭᠰᠠᠨ ᠪᠥᠭᠡᠳ ᠡᠨᠡᠬᠦ ᠲᠡᠮᠳᠡᠭᠯᠡᠯᠲᠦ ᠣᠢ ᠢᠢᠨ ᠬᠦᠷᠢᠶᠡᠨ ᠳᠥ ᠬᠡᠷᠡᠭᠵᠢᠬᠦ ᠲᠥᠷᠥ ᠢᠢᠨ ᠠᠢᠢᠯᠴᠢᠯᠠᠯ ᠨᠢ ᠰᠯᠣᠸᠧᠨᠢ ᠤᠯᠤᠰ ᠤᠨ ᠶᠡᠷᠦᠩᠬᠡᠢᠢᠯᠡᠭᠴᠢ ᠢᠢᠨ ᠲᠦᠪᠰᠢᠨ ᠳᠥ ᠮᠠᠨ ᠤ ᠤᠯᠤᠰ ᠲᠤ ᠬᠢᠵᠦ ᠪᠤᠢ ᠠᠩᠬᠠᠨ ᠤ ᠠᠢᠢᠯᠴᠢᠯᠠᠯ ᠶᠤᠮ᠃