Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠲᠥᠷᠥ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ᠂ ᠨᠥᠬᠥᠷ ᠳ᠋ᠷ᠊᠂ ᠠᠯᠧᠱ ᠮᠦ᠋ᠰᠠᠷ ᠤᠨ ᠬᠠᠮᠲᠤ ᠲᠥᠷᠥ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ᠃

ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ ᠂ ᠨᠥᠬᠥᠷ ᠳ᠋ᠷ᠊᠂ ᠠᠯᠧᠱ ᠮᠦ᠋ᠰᠠᠷ ᠪᠣᠯᠤᠨ ᠳᠠᠭᠠᠯᠳᠤᠨ ᠶᠠᠪᠤᠭ᠎ᠠ ᠲᠥᠯᠥᠭᠡᠯᠡᠭᠴᠢᠳ ᠢ 《ᠴᠢᠩ᠋ᠭᠢᠰ ᠬᠠᠭᠠᠨ》 ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠳᠤ ᠭᠠᠳᠠᠭᠠᠳᠤ ᠬᠠᠷᠢᠯᠴᠠᠭᠠᠨ ᠤ ᠰᠠᠢᠢᠳ ᠪᠠ᠊᠂ ᠪᠠᠲᠤᠴᠡᠴᠡᠭ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠠᠴᠠ ᠮᠣᠩ᠋ᠭᠣᠯ ᠤᠯᠤᠰ ᠢ ᠬᠠᠪᠰᠤᠷᠤᠨ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠯᠧᠨ᠋ᠻᠠ ᠰᠦᠾᠠᠳᠣᠯᠢᠨᠢᠻ ᠨᠠᠷ ᠤᠭᠲᠤᠵᠤ ᠠᠪᠤᠯ᠎ᠠ᠃

ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠥᠭᠡᠯᠡᠯ ᠳᠥ ᠮᠡᠳᠡᠭᠡᠯᠡᠯ ᠥᠭ᠍ᠭᠦᠨ᠎ᠡ᠃ ᠮᠥᠨ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠨ᠎ᠠ᠃

ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ ᠲᠥᠷᠥ ᠢᠢᠨ ᠠᠢᠢᠯᠴᠢᠯᠠᠯ ᠤᠨ ᠢᠶᠠᠨ ᠬᠦᠷᠢᠶᠡᠨ ᠳᠥ 《ᠣᠢ ᠢᠢᠨ ᠲᠣᠭᠲᠠᠪᠤᠷᠢᠲᠠᠢ ᠪᠠᠢᠢᠳᠠᠯ᠂ ᠡᠮᠡᠭᠲᠡᠢᠢᠴᠦᠳ》 ᠬᠥᠲᠥᠯᠪᠦᠷᠢ᠂ ᠪᠢᠽᠢᠨ᠋᠋ᠧᠰ ᠹᠣᠷᠦ᠋ᠮ᠂ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠬᠤ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠵᠡᠷᠭᠡ ᠳᠥ ᠣᠷᠣᠯᠴᠠᠬᠤ ᠪᠠᠷ ᠲᠥᠯᠥᠪᠯᠡᠵᠦ ᠪᠠᠢᠢᠨ᠎ᠠ᠃