Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢᠳ ᠠᠯᠪᠠᠨ ᠶᠣᠰᠣᠨ ᠤ ᠬᠡᠯᠡᠯᠴᠡᠭᠡ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ 2024 ᠣᠨ ᠤ 08 ᠳ᠋ᠤᠭᠠᠷ ᠰᠠᠷ᠎ᠠ ᠢᠢᠨ 20-21 ᠍ ᠦ ᠡᠳᠦᠷ ᠦᠳ ᠲᠥ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ ᠨᠠᠷ ᠲᠥᠷᠥ ᠢᠢᠨ ᠣᠷᠳᠣᠨ ᠳᠤ ᠠᠯᠪᠠᠨ ᠶᠣᠰᠣᠨ ᠤ ᠬᠡᠯᠡᠯᠴᠡᠭᠡ ᠬᠢᠯ᠎ᠡ᠃

ᠲᠥᠷᠥ ᠢᠢᠨ ᠲᠡᠷᠢᠭᠦᠨ ᠨᠤᠭᠦᠳ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠡᠬᠦ ᠶᠣᠰᠣ ᠵᠡᠷᠭᠡ ᠠᠷᠠᠳᠴᠢᠯᠠᠯ ᠤᠨ ᠦᠨᠡᠲᠦ ᠵᠦᠢᠯ ᠳᠥ ᠰᠠᠭᠤᠷᠢᠯᠠᠭᠰᠠᠨ 30 ᠵᠢᠯ ᠦᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠣᠯᠤᠯᠲᠠ ᠪᠠᠨ ᠪᠠᠲᠤᠳᠬᠠᠵᠤ᠂ ᠤᠯᠤᠰ ᠣᠷᠣᠨ ᠤ ᠬᠥᠭ᠍ᠵᠢᠯ ᠳᠡᠪᠰᠢᠯ᠂ ᠳᠠᠶᠠᠩ ᠳᠡᠯᠡᠬᠡᠢ ᠢᠢᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠬᠤ ᠳᠤ ᠬᠤᠪᠢ ᠨᠡᠮᠡᠷᠢ ᠪᠡᠨ ᠤᠷᠤᠭᠤᠯᠬᠤ ᠲᠠᠯ᠎ᠠ ᠪᠠᠷ ᠶᠠᠷᠢᠯᠴᠠᠯ᠎ᠠ᠃

ᠮᠣᠩ᠋ᠭᠣᠯ ᠤᠯᠤᠰ ᠤᠨ ᠤᠷᠲᠤ ᠪᠣᠯᠤᠨ ᠳᠤᠮᠳᠠ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ᠂ 《ᠢᠯᠡᠭᠡᠯᠲᠡ-2100》 ᠲᠡᠳᠬᠦᠯᠭᠡ ᠳᠥ ᠬᠥᠲᠥᠯᠪᠦᠷᠢ ᠢᠢᠨ ᠬᠦᠷᠢᠶᠡᠨ ᠳᠥ ᠬᠠᠮᠲᠤᠷᠠᠨ ᠠᠵᠢᠯᠯᠠᠬᠤ ᠪᠣᠯᠤᠮᠵᠢ ᠢᠢᠨ ᠲᠠᠯ᠎ᠠ ᠪᠠᠷ ᠰᠠᠨᠠᠯ ᠰᠤᠯᠢᠯᠴᠠᠪᠠ᠃

ᠣᠯᠠᠨ ᠤᠯᠤᠰ᠂ ᠪᠥᠰᠡ ᠨᠤᠲᠤᠭ ᠤᠨ ᠲᠦᠪᠰᠢᠨ ᠳᠥ ᠬᠣᠶᠠᠷ ᠲᠠᠯ᠎ᠠ ᠠᠴᠠ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠬᠠᠮᠲᠤᠷᠠᠨ ᠬᠡᠷᠡᠭᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠠᠯᠳᠠᠭᠳᠠᠯ ᠲᠠᠢ ᠲᠡᠮᠡᠴᠡᠬᠦ᠂ ᠡᠮᠡᠭᠲᠡᠢᠢᠴᠦᠳ ᠦᠨ ᠣᠷᠣᠯᠴᠠᠭ᠎ᠠ ᠢᠢ ᠨᠡᠮᠡᠭᠳᠡᠭᠦᠯᠬᠦ᠂ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ ᠵᠡᠷᠭᠡ ᠴᠢᠭᠯᠡᠯ ᠳᠥ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃