Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢᠳ ᠮᠡᠳᠡᠭᠡᠯᠡᠯ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ 2024 ᠣᠨ ᠤ 08 ᠳ᠋ᠤᠭᠠᠷ ᠰᠠᠷ᠎ᠠ ᠢᠢᠨ 20-21 ᠍ ᠦ ᠡᠳᠦᠷ ᠦᠳ ᠲᠥ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠬᠣᠶᠠᠷ ᠤᠯᠤᠰ ᠤᠨ ᠲᠥᠷᠥ ᠢᠢᠨ ᠲᠡᠷᠢᠭᠦᠨ ᠠᠯᠪᠠᠨ ᠶᠣᠰᠣᠨ ᠤ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠥᠭᠡᠯᠡᠯ ᠳᠥ ᠮᠡᠳᠡᠭᠡᠯᠡᠯ ᠥᠭ᠍ᠭᠦᠯ᠎ᠡ᠃

ᠮᠣᠩ᠋ᠭᠣᠯ᠂ ᠰᠯᠣᠸᠧᠨᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢᠨ ᠬᠦᠷᠢᠶᠡᠨ ᠳᠥ ᠪᠣᠯᠵᠤ ᠪᠤᠢ ᠲᠥᠷᠥ ᠢᠢᠨ ᠠᠩᠬᠠᠨ ᠤ ᠠᠢᠢᠯᠴᠢᠯᠠᠯ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠲᠦᠯᠬᠢᠴᠡ ᠪᠣᠯᠤᠨ᠎ᠠ ᠭᠡᠳᠡᠭ ᠲᠥ ᠲᠠᠯ᠎ᠠ ᠨᠤᠭᠤᠳ ᠰᠠᠨᠠᠯ ᠨᠢᠭᠡᠳᠦᠯ᠎ᠡ᠃

ᠲᠥᠷᠥ ᠢᠢᠨ ᠲᠡᠷᠢᠭᠦᠨ ᠨᠤᠭᠦᠳ 《ᠮᠣᠩ᠋ᠭᠣᠯ-ᠰᠯᠣᠸᠧᠨᠢ ᠢᠢᠨ ᠬᠠᠮᠲᠤᠷᠠᠭᠰᠠᠨ ᠲᠤᠩᠬᠠᠭᠯᠠᠯ》 ᠪᠣᠯᠤᠨ ᠠᠶᠠᠯᠠᠯ ᠵᠢᠭᠤᠯᠴᠢᠯᠠᠯ᠂ ᠣᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠪᠠᠷᠢᠮᠲᠠ ᠭᠠᠷ ᠤᠨ ᠦᠰᠦᠭ ᠵᠢᠷᠤᠭᠰᠠᠨ ᠢ ᠵᠠᠷᠯᠠᠯ᠎ᠠ᠃ ᠲᠠᠯ ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ᠂ ᠣᠯᠠᠨ ᠤᠯᠤᠰ ᠤᠨ ᠬᠠᠷᠢᠯᠴᠠᠭᠠᠨ ᠤ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠳᠡᠯᠭᠡᠷᠡᠩ᠋ᠭᠦᠢ ᠰᠠᠨᠠᠯ ᠰᠣᠯᠢᠯᠴᠠᠵᠤ᠂ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠲᠣᠭᠲᠠᠪᠤᠷᠢᠲᠠᠢ ᠬᠥᠭ᠍ᠵᠢᠯ ᠦᠨ ᠲᠥᠯᠥᠭᠡ ᠬᠠᠮᠲᠤ ᠢᠢᠨ ᠬᠦᠴᠦ ᠴᠢᠷᠮᠠᠢᠢᠯᠲᠠ ᠭᠠᠷᠭᠠᠵᠤ ᠠᠵᠢᠯᠯᠠᠬᠤ ᠪᠠᠨ ᠨᠣᠲᠠᠯᠠᠯ᠎ᠠ᠃

ᠬᠣᠶᠠᠷ ᠤᠯᠤᠰ ᠤᠨ ᠶᠡᠷᠦᠩᠬᠡᠢᠢᠯᠡᠭᠴᠢ ᠢᠢᠨ ᠬᠡᠯᠡᠭᠰᠡᠨ ᠦᠭᠡ ᠢᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠄

《ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠡ᠊ᠨᠳᠡ ᠴᠤᠭᠯᠠᠷᠠᠭᠰᠠᠨ ᠬᠡᠪᠯᠡᠯ ᠦᠨ ᠲᠥᠯᠥᠭᠡᠯᠡᠭᠴᠢᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠳᠡᠪᠰᠢᠭᠦᠯᠦᠶ᠎ᠡ᠃

ᠮᠣᠩ᠋ᠭᠣᠯ ᠤᠯᠤᠰ᠂ ᠰᠯᠣᠸᠧᠨᠢ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ᠂ ᠡᠷᠬᠢᠮᠰᠦᠭ ᠬᠠᠲᠤᠭᠲᠠᠢ ᠨᠠᠲ᠋ᠠᠱᠠ ᠮᠦ᠋ᠰᠠᠷ ᠲᠥᠷᠥ ᠢᠢᠨ ᠠᠢᠢᠯᠴᠢᠯᠠᠯ ᠬᠢᠵᠦ ᠪᠠᠢᠢᠭᠠᠳ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

ᠡᠷᠬᠢᠮ ᠬᠦᠨᠳᠦᠳᠥ ᠶᠡᠷᠦᠩᠬᠡᠢᠢᠯᠡᠭᠴᠢ ᠲᠠᠨ ᠤ ᠡᠨᠡ ᠠᠢᠢᠯᠴᠢᠯᠠᠯ ᠰᠯᠣᠸᠧᠨᠢ ᠤᠯᠤᠰ ᠤᠨ ᠲᠥᠷᠥ ᠢᠢᠨ ᠲᠡᠷᠢᠭᠦᠨ ᠦ ᠮᠠᠨ ᠤ ᠤᠯᠤᠰ ᠲᠤ ᠬᠢᠵᠦ ᠪᠤᠢ ᠠᠩᠬᠠᠨ ᠤ ᠲᠥᠷᠥ ᠢᠢᠨ ᠠᠢᠢᠯᠴᠢᠯᠠᠯ ᠪᠥᠭᠡᠳ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠲᠠ ᠪᠢᠳᠡ ᠬᠠᠮᠲᠤ ᠳᠠᠭᠠᠨ ᠨᠡᠭᠡᠭᠡᠵᠦ ᠪᠠᠢᠢᠨ᠎ᠠ᠃

ᠪᠦᠭᠦᠳᠡ ᠨᠠᠢᠢᠷᠠᠮᠳᠠᠬᠤ ᠰᠯᠣᠸᠧᠨᠢ ᠤᠯᠤᠰ ᠢ ᠪᠢᠳᠡ ᠭᠤᠷᠪᠠᠳᠠᠭᠴᠢ ᠬᠥᠷᠰᠢ᠂ ᠧᠦ᠋ᠷᠣᠫᠠ ᠳᠠᠬᠢ ᠴᠢᠬᠤᠯᠠ ᠲᠦᠩᠰᠢ ᠨᠤᠭᠦᠳ ᠦᠨ ᠨᠢᠭᠡ ᠭᠡᠵᠦ ᠦᠵᠡᠳᠡᠭ ᠪᠥᠭᠡᠳ ᠮᠠᠨ ᠤ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠡᠬᠦ ᠶᠣᠰᠣ ᠵᠡᠷᠭᠡ ᠠᠷᠠᠳᠴᠢᠯᠠᠯ ᠤᠨ ᠦᠨᠡᠲᠦ ᠵᠦᠢᠯ ᠳᠥ ᠲᠤᠯᠭᠠᠭᠤᠷᠢᠯᠠᠨ ᠥᠷᠭᠡᠵᠢᠨ ᠬᠥᠭ᠍ᠵᠢᠵᠦ ᠪᠠᠢᠢᠨ᠎ᠠ᠃

ᠠᠢᠢᠯᠴᠢᠯᠠᠯ ᠤᠨ ᠦᠶ᠎ᠡ ᠪᠡᠷ ᠪᠢᠳᠡ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠤᠯᠤᠰ ᠣᠷᠣᠨ ᠤ ᠬᠥᠭ᠍ᠵᠢᠯ ᠳᠡᠪᠰᠢᠯ᠂ ᠡᠳ᠋᠍ ᠦᠨ ᠵᠠᠰᠠᠭ ᠤᠨ ᠦᠷ᠎ᠡ ᠥᠭ᠍ᠭᠦᠭᠡᠵᠢ ᠲᠡᠢ ᠬᠠᠷᠢᠯᠴᠠᠭ᠎ᠠ ᠢᠢ ᠬᠥᠭ᠍ᠵᠢᠭᠦᠯᠬᠦ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ ᠳᠥ ᠴᠢᠭᠯᠡᠭᠰᠡᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠳᠡᠯᠭᠡᠷᠡᠩ᠋ᠭᠦᠢ ᠶᠠᠷᠢᠯᠴᠠᠯ᠎ᠠ᠃

ᠪᠢᠳᠡᠨ ᠦ ᠶᠠᠷᠢᠶ᠎ᠠ ᠬᠡᠯᠡᠯᠴᠡᠭᠡᠨ ᠦ ᠦᠷ᠎ᠡ ᠳ᠋ᠦᠩ ᠳᠥ 《ᠮᠣᠩ᠋ᠭᠣᠯ᠂ ᠰᠯᠣᠸᠧᠨᠢ ᠢᠢᠨ ᠬᠠᠮᠲᠤᠷᠠᠭᠰᠠᠨ ᠲᠤᠩᠬᠠᠭᠯᠠᠯ》᠂ 《ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠰᠠᠨᠠᠮᠵᠢ ᠪᠢᠴᠢᠭ᠌》᠂ 《ᠣᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠰᠠᠨᠠᠮᠵᠢ ᠪᠢᠴᠢᠭ᠌》 ᠳᠦ ᠭᠠᠷ ᠤᠨ ᠦᠰᠦᠭ ᠵᠢᠷᠤᠯ᠎ᠠ᠃

ᠮᠥᠨ 《ᠠᠭᠠᠷ ᠤᠨ ᠬᠠᠷᠢᠯᠴᠠᠭᠠᠨ ᠤ ᠲᠤᠬᠠᠢ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》᠍ ᠢ ᠣᠢᠢᠷ᠎ᠠ ᠢᠢᠨ ᠬᠤᠭᠤᠴᠠᠭᠠᠨ ᠳᠤ ᠪᠠᠢᠢᠭᠤᠯᠬᠤ ᠪᠠᠷ ᠡᠴᠦᠰᠯᠡᠨ ᠲᠣᠬᠢᠷᠠᠯᠴᠠᠯ᠎ᠠ᠃

ᠡᠳᠡᠭᠡᠷ ᠪᠠᠷᠢᠮᠲᠠ ᠪᠢᠴᠢᠭ᠌ ᠨᠢ ᠮᠠᠨ ᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠴᠢᠨᠠᠭᠰᠢᠳᠠ ᠢᠢᠨ ᠴᠢᠭᠯᠡᠯ᠂ ᠵᠠᠮ ᠤᠨ ᠵᠢᠷᠤᠭᠯᠠᠯ ᠢ ᠲᠣᠳᠣᠷᠬᠠᠢᠢᠯᠠᠵᠤ᠂ ᠬᠣᠶᠠᠷ ᠣᠷᠣᠨ ᠤ ᠬᠠᠷᠢᠯᠴᠠᠭ᠎ᠠ ᠢᠢ ᠪᠦᠬᠦᠢ ᠯᠠ ᠰᠠᠯᠪᠤᠷᠢ ᠳᠤ ᠪᠡᠬᠢᠵᠢᠭᠦᠯᠦᠨ ᠬᠥᠭ᠍ᠵᠢᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠡᠨᠡ ᠤᠳᠠᠭ᠎ᠠ ᠢᠢᠨ ᠲᠥᠷᠥ ᠢᠢᠨ ᠠᠢᠢᠯᠴᠢᠯᠠᠯ ᠨᠢ ᠬᠤᠳᠠᠯᠳᠤᠭ᠎ᠠ᠂ ᠡᠳ᠋ ᠦᠨ ᠵᠠᠰᠠᠭ᠂ ᠬᠥᠷᠥᠩ᠋ᠭᠡ ᠣᠷᠣᠭᠤᠯᠤᠯᠲᠠ᠂ ᠪᠠᠢᠢᠭᠠᠯᠢ ᠣᠷᠴᠢᠨ᠂ ᠵᠠᠮ ᠲᠡᠭᠡᠭᠡᠪᠦᠷᠢ᠂ ᠠᠶᠠᠯᠠᠯ ᠵᠢᠭᠤᠯᠴᠢᠯᠠᠯ᠂ ᠪᠣᠯᠪᠠᠰᠤᠷᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠢᠷᠭᠡᠳ ᠬᠣᠭᠣᠷᠣᠨᠳᠣ ᠢᠢᠨ ᠰᠣᠯᠢᠯᠴᠠᠭ᠎ᠠ ᠢᠢ ᠨᠡᠮᠡᠭᠳᠡᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠪᠣᠯᠵᠤ ᠪᠠᠢᠢᠨ᠎ᠠ᠃

ᠮᠥᠨ ᠬᠦᠷᠢᠶᠡᠯᠡᠩ ᠪᠤᠢ ᠣᠷᠴᠢᠨ ᠢᠶᠠᠨ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠨᠢ ᠮᠠᠨ ᠤ ᠬᠣᠶᠠᠷ ᠣᠷᠣᠨ ᠤ ᠳᠤᠮᠳᠠ ᠪᠣᠯᠤᠨ ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠲᠡᠷᠢᠭᠦᠯᠡᠬᠦ ᠵᠣᠷᠢᠯᠲᠠ ᠨᠤᠭᠤᠳ ᠤᠨ ᠨᠢᠭᠡ᠃ ᠡᠨᠡ ᠴᠢᠭᠯᠡᠯ ᠳᠥ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠠᠮᠲᠤᠷᠠᠨ ᠠᠵᠢᠯᠯᠠᠬᠤ ᠨᠢ ᠵᠦᠢᠲᠡᠢ ᠭᠡᠵᠦ ᠦᠵᠡᠯ᠎ᠡ᠃

ᠰᠯᠣᠸᠧᠨᠢ ᠤᠯᠤᠰ ᠤᠨ 《Крка》 ᠡᠮ ᠦᠨ ᠪᠦᠲᠦᠭᠡᠭ᠍ᠳᠡᠬᠦᠨ ᠮᠠᠨ ᠤ ᠵᠠᠬ᠎ᠠ ᠵᠡᠭᠡᠯᠢ ᠳᠥ ᠨᠢᠭᠡᠨᠲᠡ ᠲᠠᠨᠢᠭᠳᠠᠭᠰᠠᠨ᠂ ᠴᠢᠨᠠᠭᠰᠢᠳᠠ ᠡᠨᠡ ᠴᠢᠭᠯᠡᠯ ᠦᠨ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠥᠷᠭᠡᠨ ᠪᠣᠯᠤᠮᠵᠢ ᠪᠠᠢᠢᠨ᠎ᠠ᠃ ᠮᠣᠩ᠋ᠭᠣᠯ᠂ ᠰᠯᠣᠸᠧᠨᠢ ᠢᠢᠨ ᠪᠢᠽᠢᠨ᠋᠋ᠧᠰ ᠡᠷᠬᠢᠯᠡᠭᠴᠢᠳ ᠦᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠴᠢᠭᠯᠡᠯ ᠳᠥ ᠬᠠᠮᠲᠤᠷᠠᠨ ᠠᠵᠢᠯᠯᠠᠬᠤ ᠪᠠᠷ ᠲᠣᠬᠢᠷᠠᠯ᠎ᠠ᠃

ᠤᠯᠤᠰ ᠲᠥᠷᠥ᠂ ᠨᠡᠢᠢᠭᠡᠮ᠂ ᠡᠳ᠋ ᠦᠨ ᠵᠠᠰᠠᠭ ᠤᠨ ᠪᠦᠬᠦ ᠰᠠᠯᠪᠤᠷᠢ ᠳᠤ ᠡᠮᠡᠭᠲᠡᠢᠢᠴᠦᠳ ᠦᠨ ᠣᠷᠣᠯᠴᠠᠭ᠎ᠠ ᠢᠢ ᠨᠡᠮᠡᠭᠳᠡᠭᠦᠯᠬᠦ᠂ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ ᠨᠢ ᠮᠠᠨ ᠤ ᠬᠣᠶᠠᠷ ᠣᠷᠣᠨ ᠤ ᠨᠡᠢᠢᠲᠡᠯᠢᠭ ᠵᠣᠷᠢᠯᠲᠠ ᠪᠥᠭᠡᠳ ᠡᠨᠡ ᠵᠣᠷᠢᠯᠲᠠ ᠪᠠᠨ ᠠᠮᠵᠢᠯᠲᠠᠲᠠᠢ ᠬᠡᠷᠡᠭᠵᠢᠭᠦᠯᠬᠦ ᠳᠥ ᠬᠠᠮᠲᠤ ᠢᠢᠨ ᠬᠦᠴᠦᠨ ᠴᠢᠷᠮᠠᠢᠢᠯᠲᠠ ᠭᠠᠷᠭᠠᠬᠤ ᠨᠢ ᠴᠢᠬᠤᠯᠠ ᠭᠡᠳᠡᠭ ᠲᠡᠢ ᠰᠠᠨᠠᠯ ᠨᠢᠭᠡᠳᠦᠯ᠎ᠡ᠃

ᠡᠷᠬᠢᠮ ᠬᠦᠨᠳᠦᠳᠥ ᠶᠡᠷᠦᠩᠬᠡᠢᠢᠯᠡᠭᠴᠢ ᠲᠠ ᠮᠠᠨ ᠤ ᠰᠠᠢᠢᠬᠠᠨ ᠣᠷᠣᠨ ᠳᠤ ᠲᠥᠷᠥ ᠢᠢᠨ ᠠᠢᠢᠯᠴᠢᠯᠠᠯ ᠬᠢᠬᠦ ᠢᠢᠨ ᠵᠡᠷᠭᠡᠴᠡᠭᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠤᠯᠠᠭᠠᠨᠪᠠᠭᠠᠲᠤᠷ ᠬᠣᠲᠠᠨ᠎ᠠ ᠪᠣᠯᠵᠤ ᠪᠤᠢ 《ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ》 ᠳᠦ ᠬᠦᠨᠳᠦᠲᠦ ᠵᠣᠴᠢᠨ ᠢᠶᠠᠷ ᠤᠷᠤᠯᠴᠠᠬᠤ ᠪᠣᠯᠤᠭᠰᠠᠨ ᠳᠤ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

ᠮᠠᠨ ᠤ ᠬᠣᠶᠠᠷ ᠤᠯᠤᠰ ᠨᠡᠢᠢᠲᠡᠯᠢᠭ ᠵᠣᠷᠢᠯᠲᠠ᠂ ᠭᠠᠳᠠᠭᠠᠳᠤ ᠪᠣᠳᠣᠯᠭ᠎ᠠ ᠢᠢᠨ ᠢᠵᠢᠯ ᠲᠥᠰᠲᠡᠢ ᠪᠠᠢᠢᠷᠢ ᠰᠠᠭᠤᠷᠢ ᠪᠠᠨ ᠪᠠᠲᠤᠳᠬᠠᠵᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠪᠡᠬᠢᠵᠢᠭᠦᠯᠦᠨ ᠬᠥᠭ᠍ᠵᠢᠭᠦᠯᠬᠦ ᠪᠡᠨ ᠨᠣᠲᠠᠯᠠᠯ᠎ᠠ᠃

ᠴᠢᠨᠠᠭᠰᠢᠳᠠ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠪᠡᠬᠢᠵᠢᠵᠦ᠂ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠨ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠦᠢᠯᠡ ᠬᠡᠷᠡᠭ ᠲᠥ ᠬᠠᠮᠲᠤ ᠢᠢᠨ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠮᠣᠩ᠋ᠭᠣᠯ ᠤᠯᠤᠰ ᠤᠨ ᠡ᠊ᠩᠬᠡ ᠢᠢ ᠡᠷᠬᠢᠮᠯᠡᠭᠰᠡᠨ᠂ ᠪᠡᠶ᠎ᠡ ᠳᠠᠭᠠᠭᠠᠭᠰᠠᠨ᠂ ᠨᠡᠭᠡᠭᠡᠯᠲᠡᠲᠡᠢ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠪᠣᠯᠤᠨ ᠰᠯᠣᠸᠧᠨᠢ ᠤᠯᠤᠰ ᠤᠨ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠲᠣᠭᠲᠠᠪᠤᠷᠢᠲᠠᠢ ᠬᠥᠭ᠍ᠵᠢᠯ ᠦᠨ ᠲᠥᠯᠦᠭᠡᠬᠢ ᠬᠦᠴᠦᠨ ᠴᠢᠷᠮᠠᠢᠢᠯᠲᠠ᠂ ᠪᠣᠳᠣᠯᠭ᠎ᠠ ᠢᠢ ᠬᠠᠷᠢᠯᠴᠠᠨ ᠤᠶᠠᠯᠳᠤᠭᠤᠯᠵᠤ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠬᠦ ᠢᠢᠨ ᠲᠥᠯᠥᠭᠡ ᠪᠠᠢᠢᠨ᠎ᠠ᠃

ᠲᠠ ᠪᠢᠳᠡᠨ ᠦ ᠶᠠᠷᠢᠶ᠎ᠠ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠠᠵᠢᠯ ᠤᠳ ᠬᠣᠶᠠᠷ ᠣᠷᠣᠨ ᠤ ᠬᠥᠭ᠍ᠵᠢᠯ ᠴᠡᠴᠡᠭᠯᠡᠯᠲᠡ᠂ ᠠᠷᠠᠳ ᠢᠷᠭᠡᠳ ᠦᠨ ᠰᠠᠢᠢᠨ ᠰᠠᠢᠢᠬᠠᠨ ᠤ ᠲᠥᠯᠥᠭᠡ ᠦᠷ᠎ᠡ ᠳ᠋ᠦᠩ ᠲᠡᠢ ᠪᠡᠶᠡᠯᠡᠯ ᠢᠶᠡᠨ ᠣᠯᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠪᠡᠬᠢᠵᠢᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃

ᠡᠷᠬᠢᠮ ᠬᠦᠨᠳᠦᠳᠥ ᠶᠡᠷᠦᠩᠬᠡᠢᠢᠯᠡᠭᠴᠢ ᠨᠠᠲ᠋ᠠᠱᠠ ᠮᠦ᠋ᠰᠠᠷ ᠲᠠᠨ ᠢ ᠪᠣᠯᠤᠨ ᠡᠷᠬᠢᠮ ᠬᠦᠨᠳᠦᠳᠥ ᠵᠣᠴᠢᠳ᠂ ᠲᠥᠯᠥᠭᠡᠯᠡᠭᠴᠢᠳ ᠲᠠ ᠪᠦᠬᠦᠨ ᠢ ᠮᠥᠩᠬᠡ ᠬᠥᠬᠡ ᠲᠩᠷᠢ ᠢᠢᠨ ᠣᠷᠣᠨ ᠮᠠᠨ ᠤ ᠰᠠᠢᠢᠬᠠᠨ ᠤᠯᠤᠰ ᠲᠤ ᠲᠠᠪᠠᠲᠠᠢ ᠰᠠᠢᠢᠬᠠᠨ ᠮᠣᠷᠢᠯᠠᠬᠤ ᠢᠢ ᠬᠦᠰᠡᠶ᠎ᠡ》᠃

ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ᠄

《ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠬᠡᠪᠯᠡᠯ ᠮᠡᠳᠡᠭᠡᠯᠡᠯ ᠦᠨ ᠲᠥᠯᠥᠭᠡᠯᠡᠭᠴᠢᠳ ᠡ᠂

ᠰᠯᠣᠸᠧᠨᠢ ᠤᠯᠤᠰ 31 ᠵᠢᠯ ᠦᠨ ᠡᠮᠦᠨ᠎ᠡ ᠪᠤᠶᠤ 1993 ᠣᠨ ᠤ 02 ᠳ᠋ᠤᠭᠠᠷ ᠰᠠᠷ᠎ᠠ ᠢᠢᠨ 18 ᠍ ᠤ ᠡᠳᠦᠷ ᠮᠣᠩ᠋ᠭᠣᠯ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ ᠡᠷᠬᠢᠮ ᠬᠦᠨᠳᠦᠳᠥ ᠶᠡᠷᠦᠩᠬᠡᠢᠢᠯᠡᠭᠴᠢ ᠢᠢᠨ ᠨᠠᠢᠢᠷᠰᠠᠭ ᠤᠷᠢᠯᠭ᠎ᠠ ᠢᠢ ᠬᠦᠯᠢᠶᠡᠨ ᠠᠪᠴᠤ᠂ ᠲᠠᠨ ᠤ ᠰᠠᠢᠢᠬᠠᠨ ᠣᠷᠣᠨ ᠳᠤ ᠬᠦᠷᠦᠯᠴᠡᠨ ᠢᠷᠡᠭᠰᠡᠨ ᠳᠡᠭᠡᠨ ᠪᠠᠶᠠᠷᠲᠠᠢ ᠪᠠᠢᠢᠨ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠠᠶᠤᠯ ᠦᠭᠡᠢ ᠢᠢᠨ ᠵᠥᠪᠯᠡᠯ ᠦᠨ ᠪᠠᠢᠢᠩ᠋ᠭᠤ ᠢᠢᠨ ᠪᠤᠰᠤ ᠭᠡᠰᠢᠭᠦᠨ ᠢᠶᠡᠷ 2024-2025 ᠣᠨ ᠳᠤ ᠠᠵᠢᠯᠯᠠᠬᠤ ᠪᠠᠷ ᠰᠯᠣᠸᠧᠨᠢ ᠤᠯᠤᠰ ᠨᠡᠷ᠎ᠡ ᠪᠡᠨ ᠳᠡᠪᠰᠢᠭᠦᠯᠵᠦ᠂ ᠪᠡᠯᠡᠳᠬᠡᠯ ᠢᠶᠡᠨ ᠬᠠᠩ᠋ᠭᠠᠵᠤ ᠪᠠᠢᠢᠬᠤ ᠦᠶ᠎ᠡ ᠪᠡᠷ ᠪᠢᠳᠡ ᠬᠣᠶᠠᠷ ᠲᠠᠯ᠎ᠠ ᠢᠢᠨ ᠤᠯᠤᠰ ᠲᠥᠷᠥ ᠢᠢᠨ ᠶᠠᠷᠢᠶ᠎ᠠ ᠬᠡᠯᠡᠯᠴᠡᠭᠡ᠂ ᠬᠠᠮᠲᠤ ᠢᠢᠨ ᠠᠵᠢᠯᠯᠠᠭ᠎ᠠ ᠪᠠᠨ ᠪᠡᠬᠢᠵᠢᠭᠦᠯᠦᠭᠰᠡᠨ᠃

ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ 2023 ᠣᠨ ᠤ 05 ᠳ᠋ᠤᠭᠠᠷ ᠰᠠᠷ᠎ᠠ ᠳᠤ ᠰᠯᠣᠸᠧᠨᠢ ᠤᠯᠤᠰ ᠲᠤ ᠠᠢᠢᠯᠴᠢᠯᠠᠵᠤ᠂ 《ᠲᠥᠷᠥᠯ ᠢᠶᠡᠷ ᠤᠰᠠᠳᠬᠠᠬᠤ ᠭᠡᠮᠲᠦ ᠬᠡᠷᠡᠭ᠂ ᠬᠦᠮᠦᠨ ᠲᠥᠷᠥᠯᠬᠢᠲᠡᠨ ᠦ ᠡᠰᠡᠷᠭᠦ ᠭᠡᠮᠲᠦ ᠬᠡᠷᠡᠭ᠂ ᠳᠠᠢᠢᠨ ᠤ ᠭᠡᠮᠲᠦ ᠬᠡᠷᠡᠭ ᠮᠥᠷᠳᠡᠨ ᠰᠢᠯᠭᠠᠬᠤ᠂ ᠬᠢᠨᠠᠨ ᠰᠢᠢᠳᠪᠦᠷᠢᠯᠡᠬᠦ ᠠᠰᠠᠭᠤᠳᠠᠯ ᠢᠶᠠᠷ ᠣᠯᠠᠨ ᠤᠯᠤᠰ ᠲᠤ ᠬᠠᠮᠲᠤᠷᠠᠨ ᠠᠵᠢᠯᠯᠠᠬᠤ ᠲᠤᠬᠠᠢ ᠯᠶᠦ᠋ᠪᠯᠶᠠᠨ᠎ᠠ-ᠭᠠ ᠢᠢᠨ ᠻᠣᠨ᠋ᠸᠧᠨ᠋ᠼ / Любляна-Гаагийн конвенц /》᠍ ᠢ ᠪᠠᠲᠤᠯᠠᠭᠰᠠᠨ ᠳ᠋ᠢᠫᠯᠣᠮᠠᠲ ᠪᠠᠭ᠎ᠠ ᠬᠤᠷᠠᠯ ᠳᠤ ᠣᠷᠣᠯᠴᠠᠵᠤ ᠪᠠᠢᠢᠭᠰᠠᠨ᠃

ᠰᠯᠣᠸᠧᠨᠢ ᠪᠣᠯᠤᠨ ᠮᠣᠩ᠋ᠭᠣᠯ ᠤᠯᠤᠰ ᠨᠢᠭᠡᠳᠦᠮᠡᠯ ᠣᠯᠠᠨ ᠵᠣᠷᠢᠯᠭ᠎ᠠ᠂ ᠬᠦᠰᠡᠯ ᠡᠷᠡᠮᠡᠯᠵᠡᠯ ᠲᠡᠢ᠃ ᠮᠠᠨ ᠤ ᠬᠣᠶᠠᠷ ᠤᠯᠤᠰ ᠠᠷᠠᠳᠴᠢᠯᠠᠯ᠂ ᠡᠷᠬᠡ ᠵᠦᠢᠳᠦ ᠶᠣᠰᠣ᠂ ᠬᠦᠮᠦᠨ ᠦ ᠡᠷᠬᠡ ᠢᠢ ᠡᠷᠬᠢᠮᠯᠡᠨ ᠳᠡᠭᠡᠳᠦᠯᠡᠳᠡᠭ᠃ ᠪᠢᠳᠡ ᠮᠥᠨ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠲᠤᠭᠤᠰᠢᠲᠠᠢ ᠳᠡᠮᠵᠢᠵᠦ᠂ ᠡᠮᠡᠭᠲᠡᠢᠢᠴᠦᠳ ᠦᠨ ᠡᠷᠬᠡ᠂ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠡᠬᠢᠵᠢᠭᠦᠯᠬᠦ᠂ ᠣᠯᠠᠨ ᠤᠯᠤᠰ ᠤᠨ ᠬᠠᠤᠯᠢ ᠳᠡᠭᠡᠳᠦᠯᠡᠬᠦ᠂ ᠲᠣᠭᠲᠠᠪᠤᠷᠢᠲᠠᠢ ᠬᠥᠭ᠍ᠵᠢᠯ ᠢ ᠬᠠᠩ᠋ᠭᠠᠬᠤ ᠵᠡᠷᠭᠡ ᠣᠯᠠᠨ ᠤᠯᠤᠰ ᠤᠨ ᠬᠠᠷᠢᠯᠴᠠᠭᠠᠨ ᠤ ᠢᠵᠢᠯ ᠲᠥᠰᠲᠡᠢ ᠪᠣᠳᠣᠯᠭ᠎ᠠ ᠢᠢ ᠬᠡᠷᠡᠭᠵᠢᠭᠦᠯᠳᠡᠭ᠃

ᠮᠣᠩ᠋ᠭᠣᠯ᠂ ᠰᠯᠣᠸᠧᠨᠢ ᠡᠷᠬᠡ ᠵᠦᠢ ᠢᠢᠨ ᠬᠠᠷᠢᠯᠴᠠᠨ ᠲᠤᠰᠠᠯᠠᠯᠴᠠᠭ᠎ᠠ ᠦᠵᠡᠭᠦᠯᠬᠦ ᠣᠯᠠᠨ ᠤᠯᠤᠰ ᠤᠨ ᠭᠡᠷ᠎ᠡ ᠰᠠᠨᠠᠭᠠᠴᠢᠯᠠᠭᠴᠢ ᠤᠯᠤᠰ ᠤᠳ ᠶᠤᠮ᠃ ᠮᠠᠨ ᠤ ᠬᠣᠶᠠᠷ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠷᠦᠰᠳᠡᠯ᠂ ᠪᠥᠰᠡ ᠨᠤᠲᠤᠭ᠂ ᠣᠯᠠᠨ ᠤᠯᠤᠰ ᠤᠨ ᠭᠧᠣᠫᠣᠯᠢᠲ᠋ᠢᠻ ᠤᠨ ᠥᠭᠡᠷᠡᠴᠢᠯᠡᠯᠲᠡ ᠡᠴᠡ ᠤᠯᠪᠠᠭ᠎ᠠ ᠲᠠᠢ ᠨᠡᠢᠢᠲᠡᠯᠢᠭ ᠣᠯᠠᠨ ᠰᠣᠷᠢᠯᠲᠠ ᠲᠠᠢ ᠲᠤᠯᠭᠠᠷᠠᠵᠤ ᠪᠠᠢᠢᠨ᠎ᠠ᠃ ᠮᠣᠩ᠋ᠭᠣᠯ ᠤᠯᠤᠰ ᠥᠩ᠋ᠭᠡᠷᠡᠭᠰᠡᠨ ᠡᠪᠦᠯ ᠰᠡᠭᠦᠯ ᠦᠨ ᠵᠢᠯ ᠦᠳ ᠲᠥ ᠲᠣᠬᠢᠶᠠᠵᠤ ᠪᠠᠢᠢᠭ᠎ᠠ ᠦᠭᠡᠢ ᠬᠦᠨᠳᠦᠷᠡᠯᠲᠡᠢ ᠲᠤᠯᠭᠠᠷᠠᠭᠰᠠᠨ ᠪᠣᠯ ᠰᠯᠣᠸᠧᠨᠢ ᠤᠯᠤᠰ ᠮᠥᠨ ᠦᠶᠡᠷ ᠦᠨ ᠭᠠᠮᠰᠢᠭ ᠲᠤ ᠨᠡᠷᠪᠡ᠍ᠭ᠍ᠳᠡᠭᠰᠡᠨ᠃ ᠴᠢᠭ᠌ ᠪᠣᠳᠣᠯᠭ᠎ᠠ ᠨᠢᠭᠡᠲᠡᠢ ᠤᠯᠤᠰ ᠤᠳ ᠤᠨ ᠨᠢᠭ᠌ᠲᠠ ᠬᠠᠮᠲᠤ ᠢᠢᠨ ᠠᠵᠢᠯᠯᠠᠭ᠎ᠠ ᠪᠠᠨ᠂ ᠡᠪ ᠨᠢᠭᠡᠳᠦᠯ᠂ ᠳ᠋ᠢᠫᠯᠣᠮᠠᠲ ᠬᠦᠴᠦ ᠴᠢᠷᠮᠠᠢᠢᠯᠲᠠ ᠨᠡᠩ ᠴᠢᠬᠤᠯᠠ ᠭᠡᠳᠡᠭ ᠢ ᠡᠳᠡᠭᠡᠷ ᠰᠣᠷᠢᠯᠲᠠ ᠬᠠᠷᠠᠭᠤᠯᠵᠤ ᠪᠠᠢᠢᠨ᠎ᠠ᠃

ᠰᠯᠣᠸᠧᠨᠢ ᠤᠯᠤᠰ ᠣᠢ ᠢᠢᠨ ᠠᠵᠤ ᠠᠬᠤᠢ ᠢᠢᠨ ᠲᠣᠭᠲᠠᠪᠤᠷᠢᠲᠠᠢ ᠮᠧᠨᠧᠵᠮᠧᠨ᠋ᠲ ᠦᠨ ᠴᠢᠭᠯᠡᠯ ᠢᠶᠡᠷ ᠮᠡᠳᠡᠯᠭᠡ᠂ ᠲᠤᠷᠰᠢᠯᠭ᠎ᠠ ᠪᠠᠨ ᠮᠣᠩ᠋ᠭᠣᠯ ᠤᠯᠤᠰ ᠲᠠᠢ ᠬᠤᠪᠢᠶᠠᠯᠴᠠᠵᠤ ᠪᠠᠢᠢᠭ᠎ᠠ ᠳᠤ ᠪᠠᠶᠠᠷᠲᠠᠢ ᠪᠠᠢᠢᠨ᠎ᠠ᠃ ᠬᠥᠳᠡᠭᠡ ᠣᠷᠣᠨ ᠨᠤᠲᠤᠭ ᠤᠨ ᠡᠮᠡᠭᠲᠡᠢᠢᠴᠦᠳ ᠦᠨ ᠴᠢᠳᠠᠪᠬᠢ ᠢᠢ ᠪᠡᠬᠢᠵᠢᠭᠦᠯᠬᠦ ᠲᠥᠰᠥᠯ ᠨᠢ ᠰᠯᠣᠸᠧᠨᠢ ᠤᠯᠤᠰ ᠤᠨ ᠳᠡᠮᠵᠢᠯᠭᠡ ᠲᠡᠢ ᠪᠡᠷ ᠬᠣᠶᠠᠷ ᠳᠠᠬᠢ ᠵᠢᠯ ᠳᠡᠭᠡᠨ ᠦᠷᠭᠦᠯᠵᠢᠯᠡᠵᠦ ᠪᠠᠢᠢᠨ᠎ᠠ᠃ ᠲᠥᠰᠥᠯ ᠦᠨ ᠦᠷ᠎ᠡ ᠳ᠋ᠦᠩ ᠳᠥ ᠣᠢ ᠢᠢᠨ ᠠᠵᠤ ᠠᠬᠤᠢ ᠡᠷᠬᠢᠯᠡᠭᠴᠢ ᠡᠮᠡᠭᠲᠡᠢᠢᠴᠦᠳ ᠦᠨ ᠠᠩᠬᠠᠨ ᠤ ᠬᠣᠯᠪᠣᠭ᠎ᠠ ᠮᠣᠩ᠋ᠭᠣᠯ ᠳᠤ ᠪᠠᠢᠢᠭᠤᠯᠤᠭᠳᠠᠯ᠎ᠠ᠃

ᠡ᠊ᠩᠬᠡ ᠢᠢ ᠰᠠᠬᠢᠭᠤᠯᠬᠤ ᠠᠵᠢᠯᠯᠠᠭᠠᠨ ᠳᠤ ᠡᠮᠡᠭᠲᠡᠢᠢᠴᠦᠳ ᠦᠨ ᠣᠷᠣᠯᠴᠠᠭ᠎ᠠ ᠢᠢ ᠨᠡᠮᠡᠭᠳᠡᠭᠦᠯᠬᠦ᠂ ᠵᠧᠨ᠋ᠳᠧᠷ ᠦᠨ ᠲᠡᠭᠰᠢ ᠪᠠᠢᠢᠳᠠᠯ ᠢ ᠬᠠᠩ᠋ᠭᠠᠬᠤ ᠰᠤᠷᠭᠠᠯᠲᠠ ᠢᠢ ᠰᠯᠣᠸᠧᠨᠢ ᠤᠯᠤᠰ 2023 ᠣᠨ ᠳᠤ ᠮᠣᠩ᠋ᠭᠣᠯ ᠤᠨ ᠡ᠊ᠩᠬᠡ ᠢᠢ ᠰᠠᠬᠢᠭᠤᠯᠤᠭᠴᠢᠳ ᠲᠤ ᠶᠠᠪᠤᠭᠤᠯᠤᠭᠰᠠᠨ᠃ ᠡᠭᠦᠨ ᠢ ᠮᠣᠩ᠋ᠭᠣᠯ ᠤᠨ ᠡ᠊ᠩᠬᠡ ᠢᠢ ᠰᠠᠬᠢᠭᠤᠯᠤᠭᠴᠢᠳ ᠰᠠᠢᠢᠰᠢᠶᠠᠭᠰᠠᠨ᠃ ᠡᠨᠡ ᠲᠥᠰᠥᠯ ᠢ ᠰᠯᠣᠸᠧᠨᠢ ᠤᠯᠤᠰ ᠤᠨ ᠡ᠊ᠩᠬᠡ ᠢᠢ ᠰᠠᠬᠢᠭᠤᠯᠬᠤ ᠠᠵᠢᠯᠯᠠᠭᠠᠨ ᠤ ᠰᠤᠷᠭᠠᠯᠲᠠ ᠢᠢᠨ ᠲᠥᠪ ᠬᠡᠷᠡᠭᠵᠢᠭᠦᠯᠦᠭᠰᠡᠨ ᠪᠥᠭᠡᠳ ᠵᠧᠨ᠋ᠳᠧᠷ ᠲᠥ ᠰᠠᠭᠤᠷᠢᠯᠠᠭᠰᠠᠨ ᠬᠦᠴᠦᠷᠬᠡᠢᠢᠯᠡᠯ ᠡᠴᠡ ᠤᠷᠢᠳᠴᠢᠯᠠᠨ ᠰᠡᠷᠭᠡᠢᠢᠯᠡᠬᠦ ᠲᠥᠰᠥᠯ ᠢ ᠧᠦ᠋ᠷᠣᠫᠠ ᠳᠤ ᠬᠡᠷᠡᠭᠵᠢᠭᠦᠯᠬᠦ ᠪᠡᠷ ᠰᠣᠩ᠋ᠭᠣᠭᠳᠠᠭᠠᠳ ᠪᠠᠢᠢᠨ᠎ᠠ᠃

ᠵᠧᠨ᠋ᠳᠧᠷ ᠦᠨ ᠲᠡᠭᠰᠢ ᠪᠠᠢᠢᠳᠠᠯ ᠢ ᠬᠠᠩ᠋ᠭᠠᠬᠤ᠂ ᠥᠬᠢᠳ᠂ ᠡᠮᠡᠭᠲᠡᠢᠢᠴᠦᠳ ᠦᠨ ᠨᠡᠢᠢᠭᠡᠮ ᠤᠨ ᠴᠢᠳᠠᠪᠬᠢ ᠢᠢ ᠪᠡᠬᠢᠵᠢᠭᠦᠯᠬᠦ ᠴᠢᠭᠯᠡᠯ ᠢᠶᠡᠷ ᠮᠣᠩ᠋ᠭᠣᠯ ᠤᠯᠤᠰ ᠮᠠᠩᠯᠠᠢᠢᠯᠠᠨ ᠠᠵᠢᠯᠯᠠᠵᠤ ᠪᠠᠢᠢᠭ᠎ᠠ ᠢᠢ ᠰᠯᠣᠸᠧᠨᠢ ᠤᠯᠤᠰ ᠭᠦᠨ ᠢᠢᠡᠨ ᠲᠠᠯᠠᠷᠬᠠᠨ ᠰᠠᠢᠢᠰᠢᠶᠠᠵᠤ ᠪᠤᠢ ᠢᠢ ᠣᠨᠴᠠᠯᠠᠨ ᠲᠡᠮᠳᠡᠭᠯᠡᠬᠦ ᠢᠢ ᠬᠦᠰᠡᠵᠦ ᠪᠠᠢᠢᠨ᠎ᠠ᠃

ᠮᠥᠨ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠢᠢ ᠡᠬᠡ ᠣᠷᠣᠨ ᠳᠠᠭᠠᠨ ᠵᠣᠬᠢᠶᠠᠨ ᠪᠠᠢᠢᠭᠤᠯᠵᠤ ᠪᠤᠢ ᠢᠢ ᠪᠢᠳᠡ ᠰᠠᠢᠢᠰᠢᠶᠠᠵᠤ ᠪᠠᠢᠢᠭ᠎ᠠ ᠪᠥᠭᠡᠳ ᠶᠡᠷᠦᠩᠬᠡᠢᠢᠯᠡᠭᠴᠢ ᠢᠢᠨ ᠤᠷᠢᠯᠭ᠎ᠠ ᠢᠢ ᠬᠦᠯᠢᠶᠡᠨ ᠠᠪᠴᠤ᠂ ᠴᠢᠭᠤᠯᠭ᠎ᠠ ᠠᠭᠤᠯᠵᠠᠯᠲᠠ ᠳᠤ ᠬᠦᠨᠳᠦᠲᠦ ᠵᠣᠴᠢᠨ ᠢᠶᠠᠷ ᠣᠷᠣᠯᠴᠠᠵᠤ ᠪᠠᠢᠢᠭ᠎ᠠ ᠳᠠᠭᠠᠨ ᠲᠤᠢᠢᠯ ᠤᠨ ᠪᠠᠶᠠᠷᠲᠠᠢ ᠪᠠᠢᠢᠨ᠎ᠠ᠃

ᠡᠨᠡ ᠠᠷᠭ᠎ᠠ ᠬᠡᠮᠵᠢᠶ᠎ᠡ ᠨᠢ ᠨᠡᠢᠢᠭᠡᠮ ᠤᠨ ᠪᠦᠬᠦᠢ ᠯᠠ ᠰᠠᠯᠪᠤᠷᠢ ᠳᠤ ᠡᠮᠡᠭᠲᠡᠢᠢᠴᠦᠳ ᠦᠨ ᠡᠭᠦᠷᠭᠡ ᠣᠷᠣᠯᠴᠠᠭ᠎ᠠ ᠢᠢ ᠲᠣᠳᠣᠳᠬᠠᠬᠤ᠂ ᠲᠤᠯᠭᠠᠷᠠᠵᠤ ᠪᠤᠢ ᠰᠣᠷᠢᠯᠲᠠ ᠢᠢ ᠰᠢᠢᠳᠪᠦᠷᠢᠯᠡᠬᠦ᠂ ᠡᠮᠡᠭᠲᠡᠢᠢᠴᠦᠳ ᠢ ᠴᠢᠳᠠᠪᠬᠢᠵᠢᠭᠤᠯᠬᠤ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠵᠡᠷᠭᠡ ᠠᠰᠠᠭᠤᠳᠠᠯ ᠢᠶᠠᠷ ᠶᠠᠷᠢᠶ᠎ᠠ ᠬᠡᠯᠡᠴᠡᠯ ᠬᠢᠬᠦ ᠴᠢᠬᠤᠯᠠ ᠲᠠᠯᠠᠪᠤᠷ ᠪᠣᠯᠵᠤ ᠪᠠᠢᠢᠨ᠎ᠠ᠃

ᠰᠯᠣᠸᠧᠨᠢ ᠤᠯᠤᠰ ᠬᠦᠮᠦᠨ ᠦ ᠡᠷᠬᠡ ᠢᠢᠨ ᠠᠰᠠᠭᠤᠳᠠᠯ ᠳᠤ ᠣᠨᠴᠠᠭᠠᠢ ᠠᠴᠢ ᠬᠣᠯᠪᠣᠭᠳᠠᠯ ᠥᠭᠳᠡᠭ᠃ ᠡᠮᠡᠭᠲᠡᠢᠢᠴᠦᠳ ᠦᠨ ᠡᠷᠬᠡ ᠢᠢ ᠬᠠᠩ᠋ᠭᠠᠬᠤ ᠠᠰᠠᠭᠤᠳᠠᠯ ᠣᠯᠠᠨ ᠤᠯᠤᠰ ᠤᠨ ᠲᠠᠯᠠᠪᠤᠷ ᠲᠤ ᠬᠡᠷᠡᠭᠵᠢᠭᠦᠯᠵᠦ ᠪᠤᠢ ᠪᠢᠳᠡᠨ ᠦ ᠲᠡᠷᠢᠭᠦᠯᠡᠬᠦ ᠴᠢᠭᠯᠡᠯ ᠦᠨ ᠨᠢᠭᠡ ᠶᠤᠮ᠎᠃ ᠡᠨᠡ ᠴᠢᠭᠤᠯᠭ᠎ᠠ ᠠᠭᠤᠯᠵᠠᠯᠲᠠ ᠦᠷ᠎ᠡ ᠳ᠋ᠦᠩ ᠲᠡᠢ ᠬᠡᠯᠡᠯᠴᠡᠭᠦᠯᠭᠡ ᠥᠷᠨᠢᠭᠦᠯᠬᠦ ᠪᠣᠯᠤᠮᠵᠢ ᠢᠢ ᠣᠯᠭᠤᠵᠤ᠂ ᠵᠢᠵᠢᠭ ᠮᠡᠲᠦ ᠪᠣᠯᠪᠠᠴᠤ ᠢᠯᠡᠭᠦᠦ ᠰᠠᠢᠢᠬᠠᠨ ᠢᠷᠡᠭᠡᠳᠦᠢ ᠢᠢ ᠴᠣᠭᠴᠠᠯᠠᠭᠠᠬᠤ ᠳᠤ ᠨᠡᠩ ᠴᠢᠬᠤᠯᠠ ᠠᠯᠬᠤᠮ ᠤᠳ ᠢ ᠬᠢᠵᠦ ᠪᠤᠢ ᠪᠥᠭᠡᠳ ᠨᠡᠭᠡᠭᠡᠯᠲᠡ ᠢᠢᠨ ᠬᠤᠷᠠᠯᠳᠤᠭᠠᠨ ᠳᠤ ᠬᠦᠨᠳᠦᠲᠦ ᠵᠣᠴᠢᠨ ᠢᠶᠠᠷ ᠤᠷᠤᠯᠴᠠᠬᠤ ᠨᠢ ᠨᠡᠩ ᠥᠨᠳᠥᠷ ᠬᠦᠨᠳᠦᠳᠬᠡᠯ ᠶᠤᠮ᠃

ᠰᠯᠣᠸᠧᠨᠢ᠂ ᠮᠣᠩ᠋ᠭᠣᠯ ᠬᠣᠭᠣᠷᠣᠨᠳᠣ ᠢᠢᠨ ᠬᠤᠳᠠᠯᠳᠤᠭ᠎ᠠ᠂ ᠡᠳ᠋ ᠦᠨ ᠵᠠᠰᠠᠭ ᠤᠨ ᠬᠡᠮᠵᠢᠶ᠎ᠡ ᠬᠠᠷᠢᠴᠠᠩ᠋ᠭᠤᠢ ᠪᠠᠭ᠎ᠠ ᠪᠣᠯᠪᠠᠴᠤ ᠲᠥᠷᠥ ᠢᠢᠨ ᠠᠢᠢᠯᠴᠢᠯᠠᠯ ᠤᠨ ᠦᠶ᠎ᠡ ᠪᠡᠷ ᠵᠣᠬᠢᠶᠠᠬᠤ ᠪᠢᠽᠢᠨ᠋᠋ᠧᠰ ᠹᠣᠷᠦ᠋ᠮ ᠴᠢᠨᠠᠭᠰᠢᠳᠠ ᠥᠷᠭᠡᠵᠢᠭᠦᠯᠬᠦ᠂ ᠲᠡᠯᠡᠬᠦ᠂ ᠬᠠᠮᠲᠤ ᠢᠢᠨ ᠠᠵᠢᠯᠯᠠᠭᠠᠨ ᠤ ᠰᠢᠨ᠎ᠡ ᠴᠢᠭᠯᠡᠯ ᠦᠨ ᠡᠭᠦᠳᠡ ᠬᠠᠭᠠᠯᠭ᠎ᠠ ᠢᠢ ᠨᠡᠭᠡᠭᠡᠬᠦ ᠴᠢᠬᠤᠯᠠ ᠪᠣᠯᠤᠮᠵᠢ ᠢᠢ ᠪᠦᠷᠢᠳᠦᠭᠦᠯᠵᠦ ᠪᠠᠢᠢᠨ᠎ᠠ᠃

ᠡᠨᠡ ᠹᠣᠷᠦ᠋ᠮ ᠡᠮ᠂ ᠡᠮ ᠦᠨ ᠪᠦᠲᠦᠭᠡᠭ᠍ᠳᠡᠬᠦᠨ᠂ ᠤᠬᠠᠭᠠᠯᠢᠭ ᠬᠥᠳᠡᠭᠡ ᠠᠵᠤ ᠠᠬᠤᠢ᠂ ᠬᠦᠨᠡᠰᠦ ᠲᠡᠵᠢᠭᠡᠯ᠂ ᠴᠠᠬᠢᠮ ᠬᠥᠭ᠍ᠵᠢᠯ᠂ ᠬᠢᠮᠡᠯ ᠣᠶᠤᠨ ᠤᠬᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠢᠢ ᠣᠯᠭᠣᠬᠤ ᠶᠤᠮ᠃

《ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠰᠯᠣᠸᠧᠨᠢ ᠤᠯᠤᠰ ᠤᠨ ᠡᠳ᠋ ᠦᠨ ᠵᠠᠰᠠᠭ᠂ ᠠᠶᠠᠯᠠᠯ ᠵᠢᠭᠤᠯᠴᠢᠯᠠᠯ ᠤᠨ ᠶᠠᠮᠤ᠂ ᠮᠣᠩ᠋ᠭᠣᠯ ᠤᠯᠤᠰ ᠤᠨ ᠰᠤᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤ ᠬᠣᠭᠣᠷᠣᠨᠳᠣ ᠢᠢᠨ ᠰᠠᠨᠠᠮᠵᠢ ᠪᠢᠴᠢᠭ᠌》ᠪᠠᠢᠢᠭᠤᠯᠤᠯ᠎ᠠ᠃

ᠡᠨᠡ ᠠᠢᠢᠯᠴᠢᠯᠠᠯ ᠨᠢ ᠤᠯᠤᠰ ᠲᠥᠷᠥ᠂ ᠡᠳ᠋ ᠦᠨ ᠵᠠᠰᠠᠭ ᠤᠨ ᠠᠭᠤᠯᠭ᠎ᠠ ᠠᠴᠠ ᠭᠠᠳᠠᠨ᠎ᠠ ᠰᠤᠶᠤᠯ ᠤᠨ ᠳ᠋ᠢᠫᠯᠣᠮᠠᠲ ᠠᠵᠢᠯᠯᠠᠭ᠎ᠠ ᠢᠢ ᠡᠷᠴᠢᠮᠵᠢᠭᠦᠯᠦᠨ᠎ᠡ᠃ ᠰᠯᠣᠸᠧᠨᠢ ᠢᠢᠨ ᠭᠡᠷᠡᠯ ᠵᠢᠷᠤᠭᠴᠢᠨ ᠮᠠᠲ᠋ᠶᠠᠵ ᠲᠠᠨ᠋ᠴᠢᠴᠢ ᠢᠢᠨ 《ᠡᠬᠡ ᠳᠡᠯᠡᠬᠡᠢ ᠢᠢ ᠬᠠᠮᠠᠭᠠᠯᠠᠭᠴᠢᠳ》 ᠰᠡᠳᠦᠪᠲᠦ ᠭᠡᠷᠡᠯ ᠵᠢᠷᠤᠭ ᠤᠨ ᠦᠵᠡᠰᠬᠦᠯᠡᠩ ᠬᠥᠳᠡᠭᠡ ᠣᠷᠣᠨ ᠨᠤᠲᠤᠭ ᠤᠨ ᠡᠮᠡᠭᠲᠡᠢᠢᠴᠦᠳ ᠦᠨ ᠲᠤᠬᠠᠢ᠂ ᠲᠡᠳᠡ ᠪᠠᠢᠢᠭᠠᠯᠢ ᠲᠠᠢ ᠬᠡᠷᠬᠢᠨ ᠬᠠᠷᠢᠯᠴᠠᠨ ᠰᠢᠲᠦᠯᠴᠡᠭᠡ ᠲᠡᠢ ᠪᠠᠢᠢᠳᠠᠭ ᠢ ᠬᠠᠷᠠᠭᠤᠯᠤᠨ᠎ᠠ᠃

ᠮᠣᠩ᠋ᠭᠣᠯ ᠤᠯᠤᠰ ᠭᠤᠷᠪᠠᠳᠠᠭᠴᠢ ᠬᠥᠷᠰᠢ ᠢᠢᠨ ᠪᠣᠳᠣᠯᠭ᠎ᠠ ᠢᠢᠨ ᠢᠶᠠᠨ ᠬᠦᠷᠢᠶᠡᠨ ᠳᠥ ᠰᠯᠣᠸᠧᠨᠢ ᠤᠯᠤᠰ ᠪᠣᠯᠤᠨ ᠧᠦ᠋ᠷᠣᠫᠠ ᠢᠢᠨ ᠬᠣᠯᠪᠣᠭᠠᠨ ᠤ ᠭᠡᠰᠢᠭᠦᠨ ᠪᠤᠰᠤᠳ ᠣᠷᠣᠨ ᠲᠠᠢ ᠨᠢᠭ᠌ᠲᠠ ᠬᠠᠮᠲᠤᠷᠠᠨ ᠠᠵᠢᠯᠯᠠᠬᠤ ᠬᠦᠰᠡᠯ ᠲᠡᠢ ᠪᠠᠢᠢᠭᠠᠳ ᠲᠠᠯᠠᠷᠬᠠᠵᠤ ᠪᠠᠢᠢᠨ᠎ᠠ᠃

ᠧᠦ᠋ᠷᠣᠫᠠ ᠢᠢᠨ ᠬᠣᠯᠪᠣᠭ᠎ᠠ᠂ ᠮᠣᠩ᠋ᠭᠣᠯ ᠤᠯᠤᠰ 2013 ᠣᠨ ᠳᠤ ᠪᠠᠢᠢᠭᠤᠯᠤᠭᠰᠠᠨ 《ᠲᠦᠩᠰᠢᠯᠡᠯ᠂ ᠬᠠᠮᠲᠤ ᠢᠢᠨ ᠠᠵᠢᠯᠯᠠᠭᠠᠨ ᠤ ᠬᠡᠯᠡᠯᠴᠡᠭᠡᠷ》᠍ ᠢ ᠡᠷᠴᠢᠮᠲᠡᠢ ᠬᠡᠷᠡᠭᠵᠢᠭᠦᠯᠬᠦ ᠢᠢ ᠰᠯᠣᠸᠧᠨᠢ ᠤᠯᠤᠰ ᠳᠡᠮᠵᠢᠵᠦ ᠪᠠᠢᠢᠨ᠎ᠠ᠃ ᠬᠥᠭ᠍ᠵᠢᠯ ᠳᠡᠪᠰᠢᠯ᠂ ᠠᠷᠠᠳᠴᠢᠯᠠᠯ ᠤᠨ ᠵᠠᠷᠴᠢᠮ ᠤᠳ ᠢᠶᠠᠨ ᠬᠠᠮᠠᠭᠠᠯᠠᠬᠤ ᠢᠢᠨ ᠲᠥᠯᠦᠭᠡᠬᠢ ᠮᠣᠩ᠋ᠭᠣᠯ ᠤᠯᠤᠰ ᠤᠨ ᠠᠷᠠᠳ ᠢᠷᠭᠡᠳ ᠦᠨ ᠲᠤᠭᠤᠰᠢᠲᠠᠢ ᠵᠣᠷᠢᠯᠲᠠ ᠢᠢ ᠧᠦ᠋ᠷᠣᠫᠠ ᠢᠢᠨ ᠬᠣᠯᠪᠣᠭ᠎ᠠ ᠰᠠᠢᠢᠰᠢᠶᠠᠵᠤ ᠪᠠᠢᠢᠭ᠎ᠠ ᠪᠥᠭᠡᠳ ᠡᠷᠬᠡ ᠵᠦᠢᠳᠦ ᠶᠣᠰᠣ ᠢᠢ ᠡᠷᠬᠢᠮᠯᠡᠭᠰᠡᠨ ᠮᠣᠩ᠋ᠭᠣᠯ ᠤᠯᠤᠰ ᠤᠨ ᠵᠠᠰᠠᠭᠯᠠᠯ ᠢ ᠪᠡᠬᠢᠵᠢᠭᠦᠯᠬᠦ ᠢᠢ ᠳᠡᠮᠵᠢᠨ᠎ᠡ᠃

ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ᠪᠣᠯᠤᠨ ᠵᠡᠭᠦᠨ ᠬᠣᠢᠢᠳᠤ ᠠᠽᠢ ᠳᠤ ᠲᠣᠭᠲᠠᠪᠤᠷᠢᠲᠠᠢ ᠪᠠᠢᠢᠳᠠᠯ ᠢ ᠬᠠᠩ᠋ᠭᠠᠬᠤ ᠢᠢᠨ ᠲᠥᠯᠦᠭᠡᠬᠢ ᠮᠣᠩ᠋ᠭᠣᠯ ᠤᠯᠤᠰ ᠤᠨ ᠬᠦᠴᠦ ᠴᠢᠷᠮᠠᠢᠢᠯᠲᠠ᠂ ᠶᠠᠷᠢᠶ᠎ᠠ ᠬᠡᠯᠡᠯᠴᠡᠭᠡ ᠢᠢ ᠰᠯᠣᠸᠧᠨᠢ ᠤᠯᠤᠰ ᠬᠦᠨᠳᠦᠳᠬᠡᠨ ᠳᠡᠮᠵᠢᠵᠦ ᠪᠠᠢᠢᠨ᠎ᠠ᠃ ᠰᠯᠣᠸᠧᠨᠢ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠠᠶᠤᠯ ᠦᠭᠡᠢ ᠢᠢᠨ ᠵᠥᠪᠯᠡᠯ ᠦᠨ ᠪᠠᠢᠢᠩ᠋ᠭᠤ ᠢᠢᠨ ᠪᠤᠰᠤ ᠭᠡᠰᠢᠭᠦᠨ ᠦ ᠬᠤᠪᠢ ᠳᠤ ᠶᠠᠷᠢᠶ᠎ᠠ ᠬᠡᠯᠡᠯᠴᠡᠭᠡ᠂ ᠢᠲᠡᠭᠡᠯᠴᠡᠯ ᠢ ᠪᠡᠬᠢᠵᠢᠭᠦᠯᠬᠦ᠂ ᠣᠯᠠᠨ ᠤᠯᠤᠰ ᠤᠨ ᠬᠠᠤᠯᠢ ᠡᠷᠬᠡ ᠵᠦᠢ ᠢᠢ ᠡᠷᠬᠢᠮᠯᠡᠳᠡᠭ ᠤᠯᠤᠰ ᠣᠷᠣᠨ ᠨᠤᠭᠤᠳ ᠲᠠᠢ ᠬᠠᠮᠲᠤᠷᠠᠨ ᠠᠵᠢᠯᠯᠠᠬᠤ ᠢᠢ ᠢᠯᠡᠭᠦᠦ ᠴᠢᠬᠤᠯᠠᠴᠢᠯᠠᠵᠤ ᠪᠠᠢᠢᠨ᠎ᠠ᠃

ᠰᠣᠯᠣᠩ᠋ᠭᠣᠰ ᠤᠨ ᠬᠣᠢᠢᠭ ᠪᠣᠯᠤᠨ ᠡᠨᠡᠳᠬᠡᠭ᠌-ᠨᠣᠮᠣᠬᠠᠨ ᠳᠠᠯᠠᠢ ᠢᠢᠨ ᠪᠥᠰᠡ ᠨᠤᠲᠤᠭ ᠤᠨ ᠨᠥᠬᠥᠴᠡᠯ ᠪᠠᠢᠢᠳᠠᠯ ᠳᠤ ᠰᠠᠨᠠᠭ᠎ᠠ ᠵᠣᠪᠠᠨᠢᠵᠤ ᠪᠠᠢᠢᠨ᠎ᠠ᠃ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩ᠋ᠭᠣᠰ ᠠᠷᠠᠳ ᠤᠯᠤᠰ᠂ ᠣᠷᠣᠰ ᠤᠨ ᠬᠣᠯᠪᠣᠭᠠᠨ ᠤ ᠤᠯᠤᠰ ᠬᠣᠭᠣᠷᠣᠨᠳᠣ ᠢᠢᠨ ᠴᠡᠷᠢᠭ ᠦᠨ ᠬᠠᠮᠲᠤ ᠢᠢᠨ ᠠᠵᠢᠯᠯᠠᠭ᠎ᠠ ᠪᠠᠨ ᠠᠯᠢ ᠠᠯᠢ ᠪᠥᠰᠡ ᠨᠤᠲᠤᠭ ᠲᠤ ᠨᠥᠯᠥᠭᠡ ᠦᠵᠡᠭᠦᠯᠦᠨ᠎ᠡ ᠭᠡᠳᠡᠭ ᠲᠥ ᠰᠯᠣᠸᠧᠨᠢ ᠪᠣᠯᠤᠨ ᠧᠦ᠋ᠷᠣᠫᠠ ᠢᠢᠨ ᠬᠣᠯᠪᠣᠭ᠎ᠠ ᠮᠥᠨ ᠰᠠᠨᠠᠭ᠎ᠠ ᠵᠣᠪᠠᠨᠢᠵᠤ ᠪᠠᠢᠢᠨ᠎ᠠ᠃

ᠪᠥᠰᠡ ᠨᠤᠲᠤᠭ ᠲᠤ ᠲᠡᠳᠦᠢ ᠦᠭᠡᠢ᠂ ᠢᠯᠡᠭᠦᠦ ᠥᠷᠭᠡᠨ ᠬᠦᠷᠢᠶᠡᠨ ᠳᠥ ᠰᠥᠷᠭᠦ ᠦᠷ᠎ᠡ ᠳᠠᠭᠠᠪᠤᠷᠢ ᠲᠠᠢ ᠪᠠᠢᠢᠵᠤ ᠪᠣᠯᠵᠣᠰᠢ ᠦᠭᠡᠢ ᠪᠥᠰᠡ ᠨᠤᠲᠤᠭ ᠤᠨ ᠲᠣᠭᠲᠠᠪᠤᠷᠢ ᠦᠭᠡᠢ ᠪᠠᠢᠢᠳᠠᠯ ᠠᠴᠠ ᠤᠷᠢᠳᠴᠢᠯᠠᠨ ᠰᠡᠷᠭᠡᠢᠢᠯᠡᠬᠦ ᠢᠢᠨ ᠲᠥᠯᠥᠭᠡ ᠪᠢᠳᠡ ᠬᠠᠮᠲᠤᠷᠠᠨ ᠠᠵᠢᠯᠯᠠᠬᠤ ᠨᠢ ᠴᠢᠬᠤᠯᠠ ᠪᠠᠢᠢᠨ᠎ᠠ᠃

ᠡᠷᠬᠢᠮ ᠬᠦᠨᠳᠦᠳᠥ ᠶᠡᠷᠦᠩᠬᠡᠢᠢᠯᠡᠭᠴᠢ ᠲᠠᠨ ᠲᠠᠢ ᠬᠠᠮᠲᠤ ᠭᠠᠷ ᠤᠨ ᠦᠰᠦᠭ ᠵᠢᠷᠤᠭᠰᠠᠨ 《ᠰᠯᠣᠸᠧᠨᠢ᠂ ᠮᠣᠩ᠋ᠭᠣᠯ ᠤᠨ ᠬᠠᠮᠲᠤᠷᠠᠭᠰᠠᠨ ᠲᠤᠩᠬᠠᠭᠯᠠᠯ》 ᠢᠢᠠᠷ ᠨᠠᠢᠢᠷᠰᠠᠭ ᠬᠠᠷᠢᠯᠴᠠᠭ᠎ᠠ ᠢᠢ ᠤᠯᠠᠮ ᠪᠦᠷᠢ ᠪᠡᠬᠢᠵᠢᠭᠦᠯᠵᠦ᠂ ᠬᠠᠷᠢᠯᠴᠠᠨ ᠰᠣᠨᠢᠷᠬᠠᠭᠰᠠᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠡᠭᠦᠷᠭᠡ᠂ ᠠᠮᠠᠯᠠᠯᠲᠠ ᠪᠠᠨ ᠪᠢᠳᠡ ᠪᠠᠲᠤᠳᠬᠠᠯ᠎ᠠ᠃

ᠨᠡᠢᠢᠭᠡᠮ᠂ ᠡᠳ᠋ ᠦᠨ ᠵᠠᠰᠠᠭ ᠤᠨ ᠪᠦᠬᠦᠢ ᠯᠠ ᠰᠠᠯᠪᠤᠷᠢ ᠳᠤ ᠡᠮᠡᠭᠲᠡᠢᠢᠴᠦᠳ ᠦᠨ ᠡᠷᠬᠡ᠂ ᠵᠧᠨ᠋ᠳᠧᠷ ᠦᠨ ᠲᠡᠭᠰᠢ ᠪᠠᠢᠢᠳᠠᠯ ᠢ ᠬᠠᠩ᠋ᠭᠠᠬᠤ ᠳᠤ ᠪᠢᠳᠡ ᠣᠨᠴᠠᠭᠠᠢ ᠠᠩᠬᠠᠷᠴᠤ᠂ ᠪᠢᠳᠡᠨ ᠦ ᠡᠮᠦᠨ᠎ᠡ ᠲᠤᠯᠭᠠᠷᠠᠵᠤ ᠪᠤᠢ᠂ ᠴᠢᠨᠠᠭᠰᠢᠳᠠ ᠴᠤ ᠲᠤᠯᠭᠠᠷᠠᠬᠤ ᠣᠯᠠᠨ ᠰᠣᠷᠢᠯᠲᠠ ᠲᠠᠢ ᠤᠶᠠᠯᠳᠤᠭᠤᠯᠤᠨ ᠬᠠᠮᠲᠤᠷᠠᠨ ᠠᠵᠢᠯᠯᠠᠬᠤ ᠪᠣᠯᠤᠨ᠎ᠠ᠃

ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠮᠠᠨ ᠤ ᠬᠣᠶᠠᠷ ᠤᠯᠤᠰ ᠠᠯᠤᠰ ᠬᠣᠯᠠ ᠣᠷᠣᠰᠢᠳᠠᠭ ᠬᠡᠳᠦᠢ ᠴᠤ ᠨᠡᠢᠢᠲᠡᠯᠢᠭ ᠲᠥᠰᠲᠡᠢ ᠵᠦᠢᠯ ᠣᠯᠠᠨ ᠪᠤᠢ᠃ ᠰᠯᠣᠸᠧᠨᠢᠴᠤᠳ᠂ ᠮᠣᠩ᠋ᠭᠣᠯᠴᠤᠳ ᠪᠢᠳᠡ ᠬᠣᠣᠰ ᠦᠭᠡᠢ ᠮᠣᠷᠢᠳ ᠢᠶᠠᠨ ᠡᠷᠬᠢᠮᠯᠡᠨ ᠳᠡᠭᠡᠳᠦᠯᠡᠳᠡᠭ᠃ ᠳᠡᠭᠵᠢᠨ ᠪᠥᠭᠡᠳ ᠡᠷᠬᠢᠮᠰᠦᠭ ᠲᠥᠷᠬᠥ ᠲᠡᠢ ᠯᠢᠫᠢᠽᠽᠠᠨ ᠠᠳᠤᠭᠤ ᠨᠢ ᠰᠯᠣᠸᠧᠨᠢ ᠢᠢᠨ ᠻᠠᠷᠰᠲ᠋ ᠨᠤᠲᠤᠭ ᠠᠴᠠ ᠭᠠᠷᠤᠯᠲᠠᠢ᠃ ᠮᠣᠩ᠋ᠭᠣᠯᠴᠤᠳ ᠲᠡᠰᠪᠦᠷᠢ ᠬᠠᠲᠠᠭᠤᠵᠢᠯᠲᠠᠢ᠂ ᠬᠤᠷᠳᠤᠨ ᠮᠣᠷᠢᠳ ᠢᠶᠠᠷ ᠢᠶᠠᠨ ᠪᠠᠬᠠᠷᠬᠠᠵᠤ᠂ ᠡᠨᠡ ᠬᠦᠯᠦᠭ ᠢᠶᠡᠷ ᠢᠶᠡᠨ ᠰᠯᠣᠸᠧᠨᠢ ᠢᠢᠨ ᠥᠨᠥ ᠢᠢᠨ ᠬᠢᠯᠢ ᠬᠢᠵᠠᠭᠠᠷ ᠬᠦᠷᠲᠡᠯ᠎ᠡ ᠳᠠᠪᠬᠢᠵᠤ ᠪᠠᠢᠢᠵᠠᠢ᠃

ᠠᠩ᠋ᠭ᠍ᠯᠢ ᠬᠡᠯᠡ ᠪᠡᠷ LOVE ᠪᠤᠶᠤ 《ᠬᠠᠢᠢᠷ᠎ᠠ》 ᠭᠡᠰᠡᠨ ᠦᠭᠡ ᠢᠢ ᠨᠡᠷ᠎ᠡ ᠳᠡᠭᠡᠨ ᠠᠭᠤᠯᠠᠭᠰᠠᠨ СЛОВЕниа᠂ ᠤᠷᠤᠭᠰᠢᠯᠠᠬᠤ ᠪᠤᠶᠤ 《GO》 ᠦᠭᠡ ᠢᠢ ᠠᠭᠤᠯᠠᠭᠰᠠᠨ МонГолиа  ‍‍‍‍ᠢᠢᠨ ᠠᠯᠢ ᠠᠯᠢ ᠨᠢ ᠲᠣᠭᠲᠠᠪᠤᠷᠢᠲᠠᠢ ᠬᠥᠭ᠍ᠵᠢᠯ᠂ ᠪᠠᠢᠢᠭᠠᠯᠢ ᠬᠠᠮᠠᠭᠠᠯᠠᠯ ᠢ ᠤᠷᠢᠶᠠᠯᠠᠵᠤ ᠪᠠᠢᠢᠨ᠎ᠠ᠃ ᠮᠠᠨ ᠤ ᠬᠣᠶᠠᠷ ᠠᠷᠠᠳ ᠲᠦᠮᠡᠨ ᠢ ᠨᠢᠭᠡᠳᠬᠡᠵᠦ ᠪᠤᠢ ᠣᠯᠠᠨ ᠵᠦᠢᠯ ᠪᠠᠢᠢᠭ᠎ᠠ ᠪᠥᠭᠡᠳ ᠬᠣᠶᠠᠷ ᠣᠷᠣᠨ ᠤ ᠬᠥᠭ᠍ᠵᠢᠯ ᠳᠡᠪᠰᠢᠯ ᠦᠨ ᠲᠥᠯᠥᠭᠡ ᠬᠠᠮᠲᠤ ᠢᠢᠨ ᠠᠵᠢᠯᠯᠠᠭ᠎ᠠ ᠪᠠᠨ ᠣᠯᠠᠨ ᠴᠢᠭᠯᠡᠯ ᠳᠥ ᠤᠯᠠᠮ ᠪᠡᠬᠢᠵᠢᠭᠦᠯᠦᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ》᠃