Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠢᠢᠨ ᠣᠷᠣᠯᠠᠭᠴᠢ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠳᠤ ᠣᠷᠣᠯᠴᠠᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠠᠮᠢᠨ᠎ᠠ ᠮᠣᠬᠠᠮᠧᠳ᠋ ᠢ ᠬᠦᠯᠢᠶᠡᠨ ᠠᠪᠴᠤ ᠠᠭᠤᠯᠵᠠᠯ᠎ᠠ᠃

ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠨᠢ ᠵᠧᠨ᠋ᠳᠧᠷ ᠦᠨ ᠡᠷᠬᠡ ᠲᠡᠭᠰᠢ ᠪᠠᠢᠢᠳᠠᠯ᠂ ᠡᠮᠡᠭᠲᠡᠢᠢᠴᠦᠳ ᠦᠨ ᠡᠷᠬᠡ ᠢᠢ ᠨᠡᠮᠡᠭᠳᠡᠭᠦᠯᠬᠦ᠂ ᠲᠣᠭᠲᠠᠪᠤᠷᠢᠲᠠᠢ ᠬᠥᠭ᠍ᠵᠢᠯ ᠳᠥ ᠬᠦᠷᠬᠦ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦ ᠴᠢᠷᠮᠠᠢᠢᠯᠲᠠ᠂ ᠡᠷᠡᠮᠡᠯᠵᠡᠯ ᠦᠨ ᠨᠣᠲᠠᠯᠠᠭ᠎ᠠ ᠭᠡᠳᠡᠭ ᠲᠥ ᠲᠠᠯ᠎ᠠ ᠨᠤᠭᠤᠳ ᠰᠠᠨᠠᠯ ᠨᠢᠭᠡᠳᠦᠯ᠎ᠡ᠃

ᠠᠭᠤᠯᠵᠠᠯᠲᠠ ᠢᠢᠨ ᠦᠶ᠎ᠡ ᠪᠡᠷ ᠮᠣᠩ᠋ᠭᠣᠯ-ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠶᠠᠷᠢᠯᠴᠠᠵᠤ᠂ ᠥᠩ᠋ᠭᠡᠷᠡᠭᠰᠡᠨ 60 ᠭᠠᠷᠤᠢ ᠵᠢᠯ ᠦᠨ ᠬᠤᠭᠤᠴᠠᠭᠠᠨ ᠳᠤ ᠬᠦᠷᠦᠭᠰᠡᠨ ᠣᠯᠤᠯᠲᠠ ᠠᠮᠵᠢᠯᠲᠠ ᠢᠢ ᠪᠠᠲᠤᠳᠬᠠᠬᠤ᠂ ᠰᠢᠨ᠎ᠡ ᠠᠭᠤᠯᠭ᠎ᠠ᠂ ᠴᠢᠭᠯᠡᠯ ᠢᠶᠡᠷ ᠪᠠᠶᠠᠵᠢᠭᠤᠯᠬᠤ ᠲᠠᠯ᠎ᠠ ᠪᠠᠷ ᠰᠠᠨᠠᠯ ᠰᠣᠯᠢᠯᠴᠠᠯ᠎ᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠲᠡᠷᠢᠭᠦᠯᠡᠬᠦ ᠠᠴᠢ ᠬᠣᠯᠪᠣᠭᠳᠠᠯ ᠥᠭᠴᠦ᠂ ᠲᠤᠰ ᠪᠠᠢᠢᠭᠤᠯᠤᠯᠭ᠎ᠠ ᠢᠢᠨ ᠬᠦᠷᠢᠶᠡᠨ ᠳᠥ ᠳᠡᠯᠡᠬᠡᠢ ᠨᠡᠢᠢᠲᠡ ᠢᠢᠨ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠢᠢᠨ ᠲᠥᠯᠦᠭᠡᠬᠢ ᠬᠦᠴᠦ ᠴᠢᠷᠮᠠᠢᠢᠯᠲᠠ ᠳᠤ ᠬᠤᠪᠢ ᠨᠡᠮᠡᠷᠢ ᠣᠷᠣᠭᠤᠯᠬᠤ ᠢᠢ ᠡᠷᠡᠮᠡᠯᠵᠡᠵᠦ ᠢᠷᠡᠭᠰᠡᠨ ᠢ ᠲᠡᠮᠳᠡᠭᠯᠡᠯ ᠡ᠃ ᠮᠥᠨ ᠮᠣᠩ᠋ᠭᠣᠯ ᠤᠯᠤᠰ ᠤᠨ ᠳᠡᠪᠰᠢᠭᠦᠯᠦᠭᠰᠡᠨ ᠰᠠᠨᠠᠭᠠᠴᠢᠯᠠᠭ᠎ᠠ ᠨᠤᠭᠤᠳ ᠤᠨ ᠦᠷ᠎ᠡ ᠥᠭ᠍ᠭᠦᠭᠡᠵᠢ ᠢᠢ ᠨᠡᠮᠡᠭᠳᠡᠭᠦᠯᠬᠦ ᠢᠢᠨ ᠲᠥᠯᠥᠭᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠢ ᠦᠷᠭᠦᠯᠵᠢᠯᠡᠭᠦᠯᠦᠨ ᠨᠢᠭ᠌ᠲᠠ ᠬᠠᠮᠲᠤᠷᠠᠨ ᠠᠵᠢᠯᠯᠠᠬᠤ ᠪᠠᠨ ᠨᠣᠲᠠᠯᠠᠪᠠ᠃

ᠪᠥᠰᠡ ᠨᠤᠲᠤᠭ᠂ ᠣᠯᠠᠨ ᠤᠯᠤᠰ ᠤᠨ ᠡᠮᠦᠨ᠎ᠡ ᠲᠤᠯᠭᠠᠷᠠᠵᠤ ᠪᠤᠢ ᠰᠣᠷᠢᠯᠲᠠ ᠪᠡᠷᠬᠡᠰᠢᠶᠡᠯ ᠢ ᠰᠢᠢᠳᠪᠦᠷᠢᠯᠡᠬᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠬᠥᠭ᠍ᠵᠢᠯ ᠦᠨ ᠦᠢᠯᠡ ᠠᠵᠢᠯᠯᠠᠭ᠎ᠠ᠂ ᠡ᠊ᠩᠬᠡ ᠢᠢ ᠰᠠᠬᠢᠭᠤᠯᠬᠤ ᠦᠢᠯᠡᠰ ᠲᠥ ᠣᠷᠣᠭᠤᠯᠵᠤ ᠪᠠᠢᠢᠭ᠎ᠠ ᠮᠣᠩ᠋ᠭᠣᠯ ᠤᠯᠤᠰ ᠤᠨ ᠬᠤᠪᠢ ᠨᠡᠮᠡᠷᠢ ᠢᠢ ᠥᠨᠳᠥᠷ ᠢᠶᠡᠷ ᠦᠨᠡᠯᠡᠳᠡᠭ ᠢᠶᠡᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠠᠮᠢᠨ᠎ᠠ ᠮᠣᠬᠠᠮᠧᠳ᠋ ᠢᠯᠡᠷᠬᠡᠢᠢᠯᠡᠵᠦ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠬᠦ ᠢᠢᠨ ᠲᠥᠯᠥᠭᠡ ᠪᠤᠢ ᠪᠠᠨ ᠣᠨᠴᠠᠯᠠᠯ᠎ᠠ᠃

ᠠᠮᠢᠨ᠎ᠠ ᠮᠣᠬᠠᠮᠧᠳ᠋ ᠨᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠲᠡᠦᠬᠡᠨ ᠳᠥ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠢᠢᠨ ᠠᠯᠪᠠ ᠢᠢ ᠬᠠᠰᠢᠵᠤ ᠪᠠᠢᠢᠭ᠎ᠠ ᠬᠣᠶᠠᠷ ᠳᠠᠬᠢ ᠡᠮᠡᠭᠲᠡᠢ ᠶᠤᠮ᠃