Та "Internet explorer"-ийн сүүлийн хувилбар болох "Microsoft edge"-г ашиглана уу

Хэрэв "Microsoft edge"-г татах бол энд дарж татаж авна уу

ᠳᠡᠯᠡᠬᠡᠢ ᠢᠢᠨ ᠤᠯᠤᠰ ᠣᠷᠣᠨ ᠨᠤᠭᠤᠳ ᠤᠨ ᠮᠠᠩᠯᠠᠢᠢᠯᠠᠭᠴᠢ ᠡᠮᠡᠭᠲᠡᠢᠢᠴᠦᠳ ᠴᠢᠭᠤᠯᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠭᠠᠳᠠᠭᠠᠳᠤ ᠬᠠᠷᠢᠯᠴᠠᠭᠠᠨ ᠤ ᠶᠠᠮᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠬᠠᠮᠲᠤᠷᠠᠨ ᠠᠩᠬ᠎ᠠ ᠤᠳᠠᠭ᠎ᠠ ᠵᠣᠬᠢᠶᠠᠨ ᠪᠠᠢᠢᠭᠤᠯᠵᠤ ᠪᠤᠢ 《ᠨᠣᠭᠣᠭᠠᠨ ᠢᠷᠡᠭᠡᠳᠦᠢ ᠢᠢᠨ ᠲᠥᠯᠥᠭᠡ》 ᠰᠡᠳᠦᠪᠲᠦ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠲᠥᠷᠥ ᠢᠢᠨ ᠣᠷᠳᠣᠨ ᠳᠤ ᠡᠬᠢᠯᠡᠯ᠎ᠡ᠃

ᠴᠢᠭᠤᠯᠭ᠎ᠠ ᠠᠭᠤᠯᠵᠠᠯᠲᠠ ᠳᠤ ᠳᠡᠯᠡᠬᠡᠢ ᠢᠢᠨ 19 ᠤᠯᠤᠰ ᠤᠨ ᠲᠥᠷᠥ᠂ ᠵᠠᠰᠠᠭ ᠤᠨ ᠲᠡᠷᠢᠭᠦᠨ᠂ ᠬᠠᠤᠯᠢ ᠲᠣᠭᠲᠠᠭᠠᠬᠤ ᠪᠠᠢᠢᠭᠤᠯᠤᠯᠭ᠎ᠠ ᠢᠢᠨ ᠳᠠᠷᠤᠭ᠎ᠠ᠂ ᠰᠠᠢᠢᠳ᠂ ᠣᠯᠠᠨ ᠤᠯᠤᠰ ᠤᠨ 20 ᠣᠷᠴᠢᠮ ᠪᠠᠢᠢᠭᠤᠯᠤᠯᠭ᠎ᠠ᠂ ᠣᠯᠠᠨ ᠤᠯᠤᠰ ᠤᠨ ᠲᠥᠷᠥ ᠢᠢᠨ ᠪᠤᠰᠤ ᠪᠠᠢᠢᠭᠤᠯᠤᠯᠭ᠎ᠠ ᠪᠣᠯᠤᠨ ᠪᠢᠽᠢᠨ᠋᠋ᠧᠰ᠂ ᠰᠫᠣᠷᠲ᠂ ᠤᠷᠠᠯᠢᠭ ᠵᠡᠷᠭᠡ ᠰᠠᠯᠪᠤᠷᠢ ᠢᠢᠨ ᠡᠮᠡᠭᠲᠡᠢ ᠮᠠᠩᠯᠠᠢᠢᠯᠠᠭᠴᠢᠳ ᠣᠷᠣᠯᠴᠠᠵᠤ ᠪᠠᠢᠢᠨ᠎ᠠ᠃

ᠲᠤᠬᠠᠢᠢᠯᠠᠪᠠᠯ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠳ᠋ᠷ᠊᠂ ᠨᠠᠲ᠋ᠠᠱᠠ ᠫᠢᠷᠼ ᠮᠦ᠋ᠰᠠᠷ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠠᠮᠢᠨ᠎ᠠ ᠮᠣᠬᠠᠮᠧᠳ᠋᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠰᠢᠰᠲ᠋ᠧᠮ ᠦᠨ ᠪᠣᠯᠤᠨ ᠲᠥᠷᠦᠯᠵᠢᠭᠰᠡᠨ ᠪᠠᠢᠢᠭᠤᠯᠤᠯᠭ᠎ᠠ ᠨᠤᠭᠤᠳ ᠤᠨ ᠲᠥᠯᠥᠭᠡᠯᠡᠭᠴᠢᠳ᠂ ᠯᠠᠣᠰ ᠤᠯᠤᠰ ᠤᠨ ᠳᠡᠳ᠋ ᠶᠡᠷᠦᠩᠬᠡᠢᠢᠯᠡᠭᠴᠢ᠂ ᠪᠣᠯᠭᠠᠷᠢᠶ ᠠ ᠤᠯᠤᠰ ᠤᠨ ᠫᠠᠷᠯᠠᠮᠧᠨ᠋ᠲ ᠤᠨ ᠣᠷᠣᠯᠠᠭᠴᠢ ᠳᠠᠷᠤᠭ᠎ᠠ᠂ ᠬᠢᠷᠭᠢᠰ ᠤᠯᠤᠰ ᠤᠨ ᠲᠡᠷᠢᠭᠦᠨ ᠬᠠᠲᠤᠭᠲᠠᠢ᠂ ᠱᠸᠢᠽᠧᠷᠯᠠᠨ᠋ᠳ᠋᠂ ᠪᠧᠯᠠᠷᠦ᠋ᠰ᠂ ᠦᠽᠪᠧᠻᠢᠰᠲ᠋ᠠᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠣᠷᠣᠰ ᠤᠨ ᠬᠣᠯᠪᠣᠭᠠᠨ ᠤ ᠤᠯᠤᠰ᠂ ᠠᠮᠧᠷᠢᠻᠠ ᠢᠢᠨ ᠨᠢᠭᠡᠳᠦᠭᠰᠡᠨ ᠤᠯᠤᠰ᠂ ᠶᠠᠫᠣᠨ᠂ ᠹᠷᠠᠨ᠋ᠼᠠ᠂ ᠠᠦᠢᠰᠲ᠋ᠷᠠᠯᠢᠶ᠎ᠠ᠂ ᠲᠦᠷᠦᠭ᠂ ᠻᠦᠪᠠ᠂ ᠢ᠊᠂ ᠪᠷᠢ᠊᠂ ᠤ᠊᠂ ᠢ᠊᠂ ᠨᠢ᠊᠂ ᠬᠠ᠊᠂ ᠤᠯᠤᠰ ᠪᠣᠯᠤᠨ ᠣᠯᠠᠨ ᠤᠯᠤᠰ ᠤᠨ ᠤᠯᠠᠭᠠᠨ ᠵᠠᠭᠠᠯᠮᠠᠢ ᠢᠢᠨ ᠬᠣᠯᠪᠣᠭ᠎ᠠ ᠵᠡᠷᠭᠡ ᠪᠠᠢᠢᠭᠤᠯᠤᠯᠭ᠎ᠠ ᠢᠢᠨ ᠥᠨᠳᠥᠷ ᠠᠯᠪᠠᠨ ᠲᠤᠰᠢᠶᠠᠯᠲᠠᠨ ᠨᠤᠭᠤᠳ ᠬᠦᠷᠦᠯᠴᠡᠨ ᠢᠷᠡᠵᠡᠢ᠃

ᠴᠢᠭᠤᠯᠭ᠎ᠠ ᠠᠭᠤᠯᠵᠠᠯᠲᠠ ᠪᠠᠷ᠄

• ᠪᠠᠢᠢᠭᠠᠯᠢ ᠤᠷᠴᠢᠨ ᠳᠤ ᠴᠢᠭᠯᠡᠭᠰᠡᠨ ᠦᠢᠯᠡ ᠠᠵᠢᠯᠯᠠᠭ᠎ᠠ ᠢᠢ ᠡᠷᠴᠢᠮᠵᠢᠭᠦᠯᠬᠦ ᠳᠥ ᠡᠮᠡᠭᠲᠡᠢ ᠮᠠᠩᠯᠠᠢᠢᠯᠠᠭᠴᠢᠳ ᠤᠨ ᠣᠷᠣᠯᠴᠠᠭ᠎ᠠ᠂

• ᠲᠣᠭᠲᠠᠪᠤᠷᠢᠲᠠᠢ ᠢᠷᠡᠭᠡᠳᠦᠢ᠄ ᠬᠦᠨᠡᠰᠦᠨ ᠦ ᠲᠣᠭᠲᠠᠯᠴᠠᠭ᠎ᠠ ᠢᠢ ᠪᠦᠷᠢᠳᠦᠭᠦᠯᠬᠦ ᠳᠥ ᠡᠮᠡᠭᠲᠡᠢᠢᠴᠦᠳ ᠦᠨ ᠡᠭᠦᠷᠭᠡ᠂

• ᠴᠠᠬᠢᠮ ᠡᠳ᠋ ᠦᠨ ᠵᠠᠰᠠᠭ ᠳᠠᠬᠢ ᠧᠨ᠋ᠲ᠋ᠷᠧᠫᠷᠧᠨᠧᠷ ᠡᠮᠡᠭᠲᠡᠢᠢᠴᠦᠳ ᠦᠨ ᠣᠷᠣᠯᠴᠠᠭ᠎ᠠ᠂

• ᠵᠧᠨ᠋ᠳᠧᠷ ᠦᠨ ᠲᠡᠭᠰᠢ ᠡᠳ᠋ ᠦᠨ ᠵᠠᠰᠠᠭ᠂

• ᠡᠮᠡᠭᠲᠡᠢᠢᠴᠦᠳ ᠣᠬᠢᠳ ᠢ ᠴᠢᠳᠠᠪᠬᠢᠵᠢᠭᠤᠯᠬᠤ ᠳᠤ ᠪᠣᠯᠪᠠᠰᠤᠷᠠᠯ ᠤᠨ ᠠᠴᠢ ᠬᠣᠯᠪᠣᠭᠳᠠᠯ᠂ ᠨᠥᠯᠥᠭᠡ᠂

• ᠰᠫᠣᠷᠲ᠂ ᠤᠷᠠᠯᠢᠭ᠂ ᠰᠤᠶᠤᠯ ᠤᠨ ᠰᠠᠯᠪᠤᠷᠢ ᠳᠠᠬᠢ ᠵᠧᠨ᠋ᠳᠧᠷ ᠦᠨ ᠲᠡᠭᠰᠢ ᠪᠠᠢᠢᠳᠠᠯ ᠵᠡᠷᠭᠡ ᠰᠡᠳᠦᠪ ᠢᠶᠡᠷ ᠢᠯᠡᠳᠬᠡᠯ ᠰᠣᠨᠣᠰᠴᠤ ᠬᠡᠯᠡᠯᠴᠡᠨ᠎ᠡ᠃

ᠴᠢᠭᠤᠯᠭ᠎ᠠ ᠠᠭᠤᠯᠵᠠᠯᠲᠠ ᠢᠢ ᠨᠡᠭᠡᠭᠡᠵᠦ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠡᠯᠡᠭᠰᠡᠨ ᠦᠭᠡ ᠢᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄

《ᠡᠷᠬᠢᠮ ᠬᠦᠨᠳᠦᠳᠥ ᠵᠣᠴᠢᠳ᠂ ᠲᠥᠯᠥᠭᠡᠯᠡᠭᠴᠢᠳ ᠡ᠂

ᠡᠷᠬᠢᠮᠰᠦᠭ ᠬᠠᠲᠤᠭᠲᠠᠢ᠂ ᠨᠣᠶᠠᠳ ᠠ᠋᠂

ᠮᠥᠩᠬᠡ ᠬᠥᠬᠡ ᠲᠩᠷᠢ ᠢᠢᠨ ᠣᠷᠣᠨ ᠮᠠᠨ ᠤ ᠰᠠᠢᠢᠬᠠᠨ ᠤᠯᠤᠰ ᠲᠤ ᠮᠣᠷᠢᠯᠠᠨ ᠰᠠᠭᠠᠳᠠᠵᠤ᠂ ᠪᠢᠳᠡᠨ ᠦ ᠰᠠᠨᠠᠭᠠᠴᠢᠯᠠᠨ ᠵᠣᠬᠢᠶᠠᠨ ᠪᠠᠢᠢᠭᠤᠯᠵᠤ ᠪᠤᠢ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠳᠤ ᠬᠦᠷᠦᠯᠴᠡᠨ ᠢᠷᠡᠭᠰᠡᠨ ᠰᠠᠯᠪᠤᠷᠢ ᠰᠠᠯᠪᠤᠷᠢ ᠢᠢᠨ ᠮᠠᠩᠯᠠᠢᠢᠯᠠᠭᠴᠢ ᠡᠮᠡᠭᠲᠡᠢᠢᠴᠦᠳ ᠲᠠ ᠪᠦᠬᠦᠨ ᠳᠥ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠵᠦ᠂ ᠡᠨᠡ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ᠎ᠡ᠃

ᠢᠷᠡᠬᠦ ᠰᠠᠷ᠎ᠠ ᠳᠤ ᠪᠣᠯᠬᠤ ᠢᠷᠡᠭᠡᠳᠦᠢ ᠢᠢᠨ ᠠᠰᠠᠭᠤᠳᠠᠯ ᠢᠶᠠᠷ ᠬᠢ ᠳᠡᠭᠡᠳᠦ ᠲᠦᠪᠰᠢᠨ ᠦ ᠠᠭᠤᠯᠵᠠᠯᠲᠠ᠂ 2025 ᠣᠨ ᠳᠤ ᠲᠡᠮᠳᠡᠭᠯᠡᠬᠦ 《ᠪᠡᠭᠡᠵᠢᠩ+30》 ᠪᠣᠯᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠠᠶᠤᠯ ᠦᠭᠡᠢ ᠢᠢᠨ ᠵᠥᠪᠯᠡᠯ ᠦᠨ 《ᠡᠮᠡᠭᠲᠡᠢᠢᠴᠦᠳ᠂ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠤᠬᠠᠢ》 1325 ᠳ᠋ᠤᠭᠠᠷ ᠲᠣᠭᠲᠠᠭᠠᠯ ᠤᠨ 25 ᠵᠢᠯ ᠦᠨ ᠣᠢ ᠢᠢᠨ ᠪᠡᠯᠡᠳᠬᠡᠯ ᠢ ᠬᠠᠩ᠋ᠭᠠᠵᠤ ᠪᠤᠢ ᠡᠨᠡ ᠦᠶ᠎ᠡ ᠳᠥ ᠮᠣᠩ᠋ᠭᠣᠯ ᠤᠯᠤᠰ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠢᠢ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠵᠤ ᠪᠠᠢᠢᠨ᠎ᠠ᠃

ᠴᠢᠭᠤᠯᠭ᠎ᠠ ᠠᠭᠤᠯᠵᠠᠯᠲᠠ ᠢᠢ ᠬᠠᠮᠲᠤᠷᠠᠨ ᠵᠣᠬᠢᠶᠠᠨ ᠪᠠᠢᠢᠭᠤᠯᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠲᠡᠭᠦᠨ ᠦ ᠰᠢᠰᠲ᠋ᠧᠮ ᠦᠨ ᠪᠣᠯᠤᠨ ᠲᠥᠷᠦᠯᠵᠢᠭᠰᠡᠨ ᠪᠠᠢᠢᠭᠤᠯᠤᠯᠭ᠎ᠠ ᠨᠤᠭᠤᠳ᠂ ᠳᠡᠮᠵᠢᠯᠭᠡ ᠦᠵᠡᠭᠦᠯᠦᠭᠰᠡᠨ ᠪᠤᠰᠤᠳ ᠪᠦᠬᠦ ᠪᠠᠢᠢᠭᠤᠯᠤᠯᠭ᠎ᠠ ᠢᠢᠨ ᠤᠳᠤᠷᠢᠳᠤᠯᠭ᠎ᠠ᠂ ᠬᠠᠮᠲᠤ ᠣᠯᠠᠨ ᠳᠤ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

ᠠᠯᠢᠪᠠ ᠤᠯᠤᠰ ᠦᠨᠳᠦᠰᠦᠲᠡᠨ ᠦ ᠡᠪ ᠨᠠᠢᠢᠷᠠᠮᠳᠠᠯ᠂ ᠬᠥᠭ᠍ᠵᠢᠯ ᠴᠡᠴᠡᠭᠯᠡᠯᠲᠡ᠂ ᠭᠡᠷ ᠪᠦᠯᠢ ᠢᠢᠨ ᠰᠠᠢᠢᠨ ᠰᠠᠢᠢᠬᠠᠨ ᠪᠦᠬᠦᠨ ᠳᠥ ᠡᠮᠡᠭᠲᠡᠢᠢᠴᠦᠳ ᠦᠨ ᠡᠭᠦᠷᠭᠡ᠂ ᠣᠷᠣᠯᠴᠠᠭ᠎ᠠ ᠣᠨᠴᠠᠭᠠᠢ ᠴᠢᠬᠤᠯᠠ ᠪᠠᠢᠢᠳᠠᠭ ᠤᠨ ᠠᠳᠠᠯᠢ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ᠂ ᠰᠢᠳᠤᠷᠭᠤ᠂ ᠡᠨᠡᠷᠢᠩ᠋ᠭᠦᠢ ᠨᠡᠢᠢᠭᠡᠮ ᠢ ᠴᠣᠭᠴᠠᠯᠠᠭᠠᠬᠤ ᠳᠤ ᠡᠮᠡᠭᠲᠡᠢᠢᠴᠦᠳ᠂ ᠡᠮᠡᠭᠲᠡᠢ ᠤᠳᠤᠷᠢᠳᠤᠭᠴᠢᠳ ᠤᠨ ᠡᠭᠦᠷᠭᠡ ᠣᠷᠣᠯᠴᠠᠭ᠎ᠠ ᠠᠰᠤᠷᠤ ᠴᠢᠬᠤᠯᠠ ᠶᠤᠮ᠃

ᠳᠡᠯᠡᠬᠡᠢ ᠢᠢᠨ ᠤᠯᠤᠰ ᠣᠷᠣᠨ ᠨᠤᠭᠤᠳ ᠤᠨ ᠪᠠᠲᠤᠯᠠᠭᠰᠠᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ ᠬᠤᠭᠤᠴᠠᠭᠠᠨ ᠤ ᠲᠠᠯ᠎ᠠ ᠠᠴᠠ ᠢᠯᠡᠭᠦᠦ ᠬᠤᠪᠢ ᠨᠢ ᠥᠩ᠋ᠭᠡᠷᠡᠭᠡᠳ ᠪᠠᠢᠢᠬᠤ ᠳᠤ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ 5 ᠳ᠋ᠤᠭᠠᠷ ᠵᠣᠷᠢᠯᠲᠠ ᠢᠢᠨ ᠬᠡᠷᠡᠭᠵᠢᠯᠲᠡ ᠬᠠᠩ᠋ᠭᠠᠯᠲᠠ ᠦᠭᠡᠢ ᠬᠡᠪ ᠢᠶᠡᠷ ᠪᠠᠢᠢᠨ᠎ᠠ᠃

ᠬᠡᠳᠦᠢ ᠪᠡᠷ ᠡᠨᠡ ᠴᠢᠭᠯᠡᠯ ᠢᠶᠡᠷ ᠳᠡᠯᠡᠬᠡᠢ ᠢᠢᠨ ᠤᠯᠤᠰ ᠣᠷᠣᠨ ᠨᠤᠭᠤᠳ ᠲᠣᠳᠣᠷᠬᠠᠢ ᠠᠬᠢᠴᠠ ᠳᠡᠪᠰᠢᠯ ᠭᠠᠷᠭᠠᠵᠤ ᠪᠠᠢᠢᠭ᠎ᠠ ᠴᠤ ᠬᠡᠷᠡᠭᠵᠢᠯᠲᠡ ᠨᠢ ᠲᠡᠳᠦᠶ ᠯᠡ ᠬᠠᠩ᠋ᠭᠠᠯᠲᠠ ᠦᠭᠡᠢ ᠪᠠᠢᠢᠭ᠎ᠠ ᠢᠢ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠠᠩᠬᠠᠷᠤᠭᠤᠯᠵᠠᠢ᠃

ᠣᠯᠠᠨ ᠤᠯᠤᠰ ᠤᠨ ᠸᠠᠯᠦ᠋ᠲ᠋ᠠ ᠢᠢᠨ ᠰᠠᠩ ᠦᠨ ᠰᠤᠳᠤᠯᠭ᠎ᠠ ᠪᠠᠷ ᠣᠯᠠᠨ ᠤᠯᠤᠰ ᠣᠷᠣᠨ ᠳᠤ ᠡᠮᠡᠭᠲᠡᠢᠢᠴᠦᠳ ᠦᠨ ᠡᠳ᠋᠍ ᠦᠨ ᠵᠠᠰᠠᠭ ᠤᠨ ᠣᠷᠣᠯᠴᠠᠭ᠎ᠠ ᠢᠢ ᠬᠢᠵᠠᠭᠠᠷᠯᠠᠭᠰᠠᠨ ᠡᠷᠬᠡ ᠵᠦᠢ ᠢᠢᠨ ᠵᠣᠬᠢᠴᠠᠭᠤᠯᠤᠯᠲᠠ ᠨᠤᠭᠤᠳ ᠪᠠᠢᠢᠭᠰᠠᠭᠠᠷ ᠪᠠᠢᠢᠭ᠎ᠠ ᠲᠡᠳᠦᠢ ᠦᠭᠡᠢ ᠰᠢᠢᠳᠪᠦᠷᠢ ᠭᠠᠷᠭᠠᠬᠤ ᠲᠦᠪᠰᠢᠨ ᠳᠥ ᠴᠤ ᠡᠮᠡᠭᠲᠡᠢᠢᠴᠦᠳ ᠦᠨ ᠡᠵᠡᠯᠡᠬᠦ ᠬᠤᠪᠢ ᠡᠷᠡᠭᠲᠡᠢᠢᠴᠦᠳ ᠡᠴᠡ ᠪᠠᠭ᠎ᠠ ᠬᠡᠪ ᠢᠶᠡᠷ ᠪᠠᠢᠢᠨ᠎ᠠ᠃

ᠲᠤᠬᠠᠢᠢᠯᠠᠪᠠᠯ᠂ ᠡᠨᠡ ᠣᠨ ᠤ ᠵᠢᠷᠭᠤᠭᠠᠳᠤᠭᠠᠷ ᠰᠠᠷ᠎ᠠ ᠢᠢᠨ ᠪᠠᠢᠢᠳᠠᠯ ᠢᠶᠠᠷ ᠳᠡᠯᠡᠬᠡᠢ ᠢᠢᠨ 26 ᠤᠯᠤᠰ ᠤᠨ ᠲᠥᠷᠥ᠂ ᠵᠠᠰᠠᠭ ᠢ ᠡᠮᠡᠭᠲᠡᠢᠢᠴᠦᠳ ᠤᠳᠤᠷᠢᠳᠴᠤ ᠪᠠᠢᠢᠭ᠎ᠠ ᠪᠥᠭᠡᠳ ᠳᠡᠯᠡᠬᠡᠢ ᠢᠢᠨ ᠤᠯᠤᠰ ᠣᠷᠣᠨ ᠨᠤᠭᠤᠳ ᠤᠨ ᠫᠠᠷᠯᠠᠮᠧᠨ᠋ᠲ ᠤᠨ ᠭᠡᠰᠢᠭᠦᠳ ᠦᠨ 26.5 ᠬᠤᠪᠢ᠂ ᠰᠠᠢᠢᠳ ᠤᠨ ᠲᠦᠪᠰᠢᠨ ᠦ ᠠᠯᠪᠠᠨ ᠲᠤᠰᠢᠶᠠᠯ ᠤᠨ 22 ᠬᠤᠪᠢ ᠢ ᠡᠮᠡᠭᠲᠡᠢᠢᠴᠦᠳ ᠬᠠᠰᠢᠵᠤ ᠪᠠᠢᠢᠨ᠎ᠠ᠃

ᠮᠥᠨ ᠡᠮᠡᠭᠲᠡᠢᠢᠴᠦᠳ ᠠᠯᠪᠠᠨ ᠪᠤᠰᠤ᠂ ᠴᠠᠯᠢᠩ ᠬᠥᠯᠦᠰᠦ ᠦᠭᠡᠢ ᠠᠵᠢᠯ ᠬᠥᠳᠡᠯᠮᠦᠷᠢ ᠡᠷᠬᠢᠯᠡᠭᠴᠢᠳ ᠦᠨ ᠳᠡᠢᠢᠯᠦᠩᠬᠢ ᠢᠢ ᠡᠵᠡᠯᠡᠵᠦ ᠪᠠᠢᠢᠭ᠎ᠠ ᠢᠢᠨ ᠵᠡᠷᠭᠡᠴᠡᠭᠡ ᠡᠷᠡᠴᠦᠳ ᠡᠴᠡ ᠳᠤᠮᠳᠠᠴᠢ ᠪᠠᠷ 12 ᠣᠷᠴᠢᠮ ᠬᠤᠪᠢ ᠪᠠᠷ ᠪᠠᠭ᠎ᠠ ᠴᠠᠯᠢᠩ ᠬᠥᠯᠥᠰᠥ ᠠᠪᠴᠤ ᠪᠠᠢᠢᠨ᠎ᠠ᠃ ᠬᠡᠷᠪᠡ ᠤᠯᠤᠰ ᠣᠷᠣᠨ ᠨᠤᠭᠤᠳ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠪᠦᠷᠢᠨ ᠬᠠᠩ᠋ᠭᠠᠵᠤ ᠴᠢᠳᠠᠪᠠᠯ ᠳᠡᠯᠡᠬᠡᠢ ᠢᠢᠨ ᠡᠳ᠋ ᠦᠨ ᠵᠠᠰᠠᠭ 23 ᠬᠤᠪᠢ ᠪᠠᠷ ᠲᠡᠯᠡᠬᠦ ᠪᠣᠯᠤᠮᠵᠢ ᠲᠠᠢ ᠪᠣᠯᠬᠤ ᠢᠢ ᠣᠯᠠᠨ ᠤᠯᠤᠰ ᠤᠨ ᠸᠠᠯᠦ᠋ᠲ᠋ᠠ ᠢᠢᠨ ᠰᠠᠩ ᠦᠨ ᠰᠤᠳᠤᠯᠭᠠᠨ ᠳᠤ ᠳᠤᠷᠠᠳᠴᠠᠢ᠃

ᠡᠷᠬᠢᠮ ᠬᠦᠨᠳᠦᠳᠥ ᠵᠣᠴᠢᠳ ᠲᠥᠯᠥᠭᠡᠯᠡᠭᠴᠢᠳ ᠡ᠂

ᠬᠠᠲᠤᠭᠲᠠᠢ᠂ ᠨᠣᠶᠠᠳ ᠠ᠋᠂

ᠮᠣᠩ᠋ᠭᠣᠯᠴᠤᠳ ᠪᠢᠳᠡ ᠡᠷᠲᠡ ᠴᠠᠭ ᠠᠴᠠ ᠡᠬᠡ ᠬᠦᠮᠦᠨ ᠢ ᠢᠵᠢᠢ ᠪᠤᠷᠬᠠᠨ ᠬᠡᠮᠡᠨ ᠬᠦᠨᠳᠦᠯᠡᠨ ᠳᠡᠭᠡᠳᠦᠯᠡᠵᠦ ᠢᠷᠡᠭᠰᠡᠨ ᠪᠥᠭᠡᠳ ᠲᠥᠷᠥ ᠢᠢᠨ ᠦᠢᠯᠡ ᠬᠡᠷᠡᠭ᠂ ᠤᠯᠤᠰ ᠬᠣᠭᠣᠷᠣᠨᠳᠣ ᠢᠢᠨ ᠳ᠋ᠢᠫᠯᠣᠮᠠᠲ ᠬᠠᠷᠢᠯᠴᠠᠭᠠᠨ ᠳᠤ ᠪᠦᠰᠡᠭᠦᠢ ᠬᠦᠮᠦᠨ ᠦ ᠬᠠᠲᠤᠨ ᠤᠬᠠᠭᠠᠨ᠂ ᠲᠣᠷᠭᠠᠨ ᠮᠡᠳᠡᠷᠡᠮᠵᠢ᠂ ᠨᠢᠩᠵᠢᠨ ᠰᠡᠳᠬᠢᠯ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ ᠲᠤᠬᠠᠢ ᠲᠡᠦᠬᠡ ᠱᠠᠰᠲᠢᠷ ᠲᠤ ᠲᠡᠮᠳᠡᠭᠯᠡᠨ ᠦᠯᠡᠳᠡᠭᠡᠭ᠍ᠰᠡᠨ ᠪᠠᠢᠢᠳᠠᠭ᠃

ᠮᠠᠨ ᠤ ᠤᠯᠤᠰ ᠡᠨᠡ ᠲᠡᠦᠬᠡᠨ ᠤᠯᠠᠮᠵᠢᠯᠠᠯ ᠢᠶᠠᠨ ᠤᠯᠠᠮ ᠪᠦᠷᠢ ᠪᠠᠶᠠᠵᠢᠭᠤᠯᠤᠨ ᠬᠥᠭ᠍ᠵᠢᠭᠦᠯᠵᠦ᠂ ᠦᠨᠳᠦᠰᠦᠨ ᠦ ᠬᠡᠮᠵᠢᠶᠡᠨ ᠳᠥ ᠰᠠᠯᠪᠤᠷᠢ ᠪᠦᠷᠢ ᠳᠥ᠂ ᠪᠦᠬᠦ ᠲᠦᠪᠰᠢᠨ ᠳᠥ ᠡᠮᠡᠭᠲᠡᠢᠢᠴᠦᠳ ᠦᠨ ᠲᠡᠭᠰᠢ ᠣᠷᠣᠯᠴᠠᠭ᠎ᠠ ᠢᠢ ᠬᠠᠩ᠋ᠭᠠᠬᠤ ᠨᠥᠬᠥᠴᠡᠯ ᠢ ᠪᠦᠷᠢᠳᠦᠭᠦᠯᠵᠦ᠂ ᠪᠥᠰᠡ ᠨᠤᠲᠤᠭ ᠲᠠᠭᠠᠨ ᠮᠠᠩᠯᠠᠢᠢᠯᠠᠯ ᠦᠵᠡᠭᠦᠯᠦᠨ ᠠᠵᠢᠯᠯᠠᠬᠤ ᠢᠢ ᠵᠣᠷᠢᠵᠤ ᠪᠠᠢᠢᠨ᠎ᠠ᠃

ᠮᠣᠩ᠋ᠭᠣᠯ ᠤᠯᠤᠰ ᠣᠳᠣ ᠠᠴᠠ 100 ᠵᠢᠯ ᠦᠨ ᠡᠮᠦᠨ᠎ᠡ ᠪᠠᠲᠤᠯᠠᠭᠰᠠᠨ ᠠᠩᠬᠠᠳᠤᠭᠠᠷ ᠦᠨᠳᠦᠰᠦᠨ ᠬᠠᠤᠯᠢ ᠳᠠᠭᠠᠨ ᠡᠷᠡᠭᠲᠡᠢ᠂ ᠡᠮᠡᠭᠲᠡᠢ ᠬᠦᠮᠦᠨ ᠡᠷᠬᠡ ᠲᠡᠭᠰᠢ ᠬᠡᠮᠡᠨ ᠦᠵᠡᠵᠦ᠂ ᠡᠮᠡᠭᠲᠡᠢᠢᠴᠦᠳ ᠦᠨ ᠤᠯᠤᠰ ᠲᠥᠷᠥ ᠢᠢᠨ ᠡᠷᠬᠡ ᠢᠢ ᠬᠦᠯᠢᠶᠡᠨ ᠵᠥᠪᠰᠢᠶᠡᠷᠡᠵᠥ᠂ ᠰᠤᠩ᠋ᠭᠤᠬᠤ᠂ ᠰᠣᠩ᠋ᠭᠣᠭᠳᠠᠬᠤ ᠡᠷᠬᠡ ᠢᠢ ᠪᠠᠲᠤᠯᠠᠭᠠᠵᠢᠭᠤᠯᠤᠭᠰᠠᠨ ᠠᠽᠢ ᠲᠢᠢᠪ ᠦᠨ ᠠᠩᠬᠠᠳᠠᠭᠴᠢ ᠤᠯᠤᠰ ᠪᠣᠯᠤᠭᠰᠠᠨ ᠪᠢᠯᠡ᠃

ᠮᠥᠨ ᠮᠣᠩ᠋ᠭᠣᠯ ᠤᠨ ᠡᠮᠡᠭᠲᠡᠢᠢᠴᠦᠳ ᠦᠨ ᠡᠷᠬᠡ ᠠᠰᠢᠭ ᠢ ᠬᠠᠮᠠᠭᠠᠯᠠᠬᠤ ᠠᠩᠬᠠᠨ ᠤ ᠲᠥᠷᠥ ᠢᠢᠨ ᠪᠤᠰᠤ ᠪᠠᠢᠢᠭᠤᠯᠤᠯᠭ᠎ᠠ ᠪᠣᠯᠬᠤ ᠮᠣᠩ᠋ᠭᠣᠯ ᠤᠨ ᠡᠮᠡᠭᠲᠡᠢᠢᠴᠦᠳ ᠦᠨ ᠬᠣᠯᠪᠣᠭ᠎ᠠ ᠡᠭᠦᠰᠦᠨ ᠪᠠᠢᠢᠭᠤᠯᠤᠭᠳᠠᠰᠤᠨ ᠤ ᠲᠡᠦᠬᠡᠲᠦ 100 ᠵᠢᠯ ᠦᠨ ᠣᠢ ᠡᠨᠡ ᠵᠢᠯ ᠲᠣᠬᠢᠶᠠᠵᠤ ᠪᠠᠢᠢᠭ᠎ᠠ ᠢᠢ ᠲᠡᠮᠳᠡᠭᠯᠡᠬᠦ ᠳᠥ ᠲᠠᠭᠠᠲᠠᠢ ᠪᠠᠢᠢᠨ᠎ᠠ᠃

ᠮᠣᠩ᠋ᠭᠣᠯ ᠤᠯᠤᠰ ᠡᠮᠡᠭᠲᠡᠢᠢᠴᠦᠳ ᠦᠨ ᠰᠢᠢᠳᠪᠦᠷᠢ ᠭᠠᠷᠭᠠᠬᠤ ᠲᠦᠪᠰᠢᠨ ᠳ᠋ᠡᠬᠢ ᠣᠷᠣᠯᠴᠠᠭ᠎ᠠ᠂ ᠲᠡᠳᠡᠨ ᠦ ᠫᠠᠷᠯᠠᠮᠧᠨ᠋ᠲ ᠲᠤ ᠰᠣᠩ᠋ᠭᠣᠭᠳᠠᠬᠤ ᠪᠣᠯᠤᠮᠵᠢ ᠢᠢ ᠨᠡᠮᠡᠭᠳᠡᠭᠦᠯᠬᠦ ᠡᠭᠦᠳᠡᠨ ᠡᠴᠡ ᠡᠷᠬᠡ ᠵᠦᠢ ᠢᠢᠨ ᠣᠷᠴᠢᠨ ᠢ ᠰᠠᠢᠢᠵᠢᠷᠠᠭᠤᠯᠤᠭᠰᠠᠨ ᠢᠶᠠᠷ ᠤᠯᠤᠰ ᠤᠨ ᠶᠡᠬᠡ ᠬᠤᠷᠠᠯ ᠳᠤ 32 ᠡᠮᠡᠭᠲᠡᠢ ᠰᠣᠩ᠋ᠭᠣᠭᠳᠠᠵᠤ᠂ ᠨᠡᠢᠢᠲᠡ ᠭᠡᠰᠢᠭᠦᠨ ᠦ 25 ᠬᠤᠪᠢ ᠶᠢ ᠪᠦᠷᠢᠳᠦᠭᠦᠯᠦᠭᠰᠡᠨ ᠨᠢ ᠠᠽᠢ ᠲᠢᠢᠪ ᠲᠡᠭᠡᠨ ᠫᠠᠷᠯᠠᠮᠧᠨ᠋ᠲ ᠳᠠᠬᠢ ᠡᠮᠡᠭᠲᠡᠢ ᠭᠡᠰᠢᠭᠦᠳ ᠦᠨ ᠲᠥᠯᠥᠭᠡᠯᠡᠯ ᠢᠶᠡᠷ ᠲᠡᠷᠢᠭᠦᠯᠡᠬᠦ ᠦᠵᠡᠭᠦᠯᠦᠯᠲᠡ ᠪᠣᠯᠤᠯ᠎ᠠ᠃

ᠮᠣᠩ᠋ᠭᠣᠯ ᠤᠯᠤᠰ ᠥᠬᠢᠳ᠂ ᠡᠮᠡᠭᠲᠡᠢᠢᠴᠦᠳ ᠦᠨ ᠡᠷᠬᠡ ᠢᠢ ᠬᠠᠮᠠᠭᠠᠯᠠᠬᠤ᠂ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ ᠴᠢᠭᠯᠡᠯ ᠢᠶᠡᠷ ᠣᠯᠠᠨ ᠤᠯᠤᠰ ᠤᠨ ᠭᠡᠷ᠎ᠡ᠂ ᠻᠣᠨ᠋ᠸᠧᠨ᠋ᠼᠢ᠂ ᠰᠠᠨᠠᠭᠠᠴᠢᠯᠠᠭ᠎ᠠ ᠳᠤ ᠨᠢᠭᠡᠳᠦᠨ ᠣᠷᠣᠵᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠡᠳ᠋ ᠦᠨ ᠵᠠᠰᠠᠭ᠂ ᠨᠡᠢᠢᠭᠡᠮ ᠤᠨ ᠵᠥᠪᠯᠡᠯ ᠦᠨ ᠡᠮᠡᠭᠲᠡᠢᠢᠴᠦᠳ ᠦᠨ ᠠᠵᠤ ᠪᠠᠢᠢᠳᠠᠯ ᠤᠨ ᠻᠣᠮᠢᠰᠰ ᠤᠨ ᠭᠡᠰᠢᠭᠦᠨ ᠢᠶᠡᠷ ᠰᠣᠩ᠋ᠭᠣᠭᠳᠠᠨ᠂ 《ᠬᠥᠳᠡᠭᠡ ᠢᠢᠨ ᠡᠮᠡᠭᠲᠡᠢᠢᠴᠦᠳ᠂ ᠣᠬᠢᠳ ᠤᠨ ᠠᠵᠤ ᠪᠠᠢᠢᠳᠠᠯ ᠢ ᠰᠠᠢᠢᠵᠢᠷᠠᠭᠤᠯᠬᠤ ᠲᠤᠬᠠᠢ》 ᠲᠣᠭᠲᠠᠭᠠᠯ ᠰᠠᠨᠠᠭᠠᠴᠢᠯᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠢᠢᠨ ᠴᠢᠭᠤᠯᠭᠠᠨ ᠢᠶᠠᠷ 1997 ᠣᠨ ᠠᠴᠠ ᠬᠣᠢᠢᠰᠢ ᠬᠣᠶᠠᠷ ᠵᠢᠯ ᠲᠤᠲᠤᠮ ᠪᠠᠲᠤᠯᠠᠭᠤᠯᠵᠤ ᠢᠷᠡᠯ᠎ᠡ᠃

ᠮᠣᠩ᠋ᠭᠣᠯ ᠤᠯᠤᠰ ᠰᠡᠭᠦᠯ ᠦᠨ 20 ᠭᠠᠷᠤᠢ ᠵᠢᠯ ᠦᠨ ᠬᠤᠭᠤᠴᠠᠭᠠᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠡ᠊ᠩᠬᠡ ᠢᠢ ᠰᠠᠬᠢᠭᠤᠯᠬᠤ ᠠᠵᠢᠯᠯᠠᠭᠠᠨ ᠳᠤ ᠢᠳᠡᠪᠬᠢᠲᠡᠢ ᠣᠷᠣᠯᠴᠠᠵᠤ᠂ 20 ᠭᠠᠷᠤᠢ ᠮᠢᠩ᠋ᠭᠠᠨ ᠴᠡᠩᠬᠡᠷ ᠳᠠᠭᠤᠯᠭᠠᠲᠠᠨ᠂ ᠴᠡᠷᠢᠭ ᠳᠠᠢᠢᠴᠢᠳ ᠢᠶᠠᠨ ᠬᠦᠮᠦᠨ ᠲᠥᠷᠥᠯᠬᠢᠲᠡᠨ ᠦ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠥᠯᠦᠭᠡᠬᠢ ᠦᠢᠯᠡᠰ ᠲᠥ ᠳᠡᠯᠡᠬᠡᠢ ᠢᠢᠨ ᠬᠠᠯᠠᠭᠤᠨ ᠴᠡᠭ ‍ᠦᠳ ᠲᠥ ᠢᠯᠡᠭᠡᠨ᠂ ᠡᠮᠡᠭᠲᠡᠢ ᠡ᠊ᠩᠬᠡ ᠢᠢ ᠰᠠᠬᠢᠭᠤᠯᠤᠭᠴᠢᠳ ᠤᠨ ᠲᠣᠭ᠎ᠠ ᠪᠠᠷ ᠢᠶᠠᠨ ᠴᠡᠷᠢᠭ ᠬᠠᠨᠳᠢᠪᠯᠠᠭᠴᠢ 120 ᠭᠠᠷᠤᠢ ᠤᠯᠤᠰ ᠤᠨ ᠡᠬᠢᠨ ᠦ 18 ᠍ ᠳᠤ ᠡᠷᠢᠮᠪᠡᠯᠡᠭᠳᠡᠵᠦ ᠪᠠᠢᠢᠨ᠎ᠠ᠃

ᠴᠢᠨᠠᠭᠰᠢᠳᠠ ᠪᠢᠳᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠠᠶᠤᠯ ᠦᠭᠡᠢ ᠢᠢᠨ ᠵᠥᠪᠯᠡᠯ ᠦᠨ 2000 ᠣᠨ ᠳᠤ ᠪᠠᠲᠤᠯᠠᠭᠰᠠᠨ 《ᠡᠮᠡᠭᠲᠡᠢᠢᠴᠦᠳ᠂ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠤᠬᠠᠢ》 1325 ᠳ᠋ᠤᠭᠠᠷ ᠲᠣᠭᠲᠠᠭᠠᠯ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ‍ ᠭᠦᠲ᠋ᠧᠷᠷᠧᠱ ᠢᠢᠨ 2018 ᠣᠨ ᠳᠤ ᠳᠡᠪᠰᠢᠭᠦᠯᠦᠭᠰᠡᠨ 《ᠡ᠊ᠩᠬᠡ ᠢᠢ ᠰᠠᠬᠢᠭᠤᠯᠬᠤ ᠦᠢᠯᠡ ᠠᠵᠢᠯᠯᠠᠭ᠎ᠠ》 ᠰᠠᠨᠠᠭᠠᠴᠢᠯᠠᠭ᠎ᠠ ᠢᠢ ᠪᠦᠬᠦ ᠲᠠᠯ᠎ᠠ ᠪᠠᠷ ᠳᠡᠮᠵᠢᠨ᠂ ᠣᠯᠠᠨ ᠤᠯᠤᠰ ᠤᠨ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠦᠢᠯᠡ ᠬᠡᠷᠡᠭ ᠲᠥ ᠡᠮᠡᠭᠲᠡᠢᠢᠴᠦᠳ ᠦᠨ ᠣᠷᠣᠯᠴᠠᠭ᠎ᠠ ᠢᠢ ᠤᠯᠠᠮ ᠨᠡᠮᠡᠭᠳᠡᠭᠦᠯᠬᠦ ᠢᠢᠨ ᠲᠥᠯᠥᠭᠡ ᠢᠳᠡᠪᠬᠢᠲᠡᠢ ᠠᠵᠢᠯᠯᠠᠬᠤ ᠪᠣᠯᠤᠨ᠎ᠠ᠃

ᠡᠷᠬᠢᠮ ᠬᠦᠨᠳᠦᠳᠥ ᠵᠣᠴᠢᠳ ᠲᠥᠯᠥᠭᠡᠯᠡᠭᠴᠢᠳ ᠡ᠂

ᠬᠦᠮᠦᠨ ᠲᠥᠷᠥᠯᠬᠢᠲᠡᠨ ᠠᠭᠤᠷ ᠠᠮᠢᠰᠬᠤᠯ ᠤᠨ ᠥᠭᠡᠷᠡᠴᠢᠯᠡᠯᠲᠡ ᠡᠷᠴᠢᠮᠵᠢᠭᠰᠡᠨ᠂ ᠴᠠᠷ᠎ ᠲᠠᠬᠤᠯ᠂ ᠳᠠᠢᠢᠨ ᠲᠤᠯᠤᠭᠠᠨ᠂ ᠵᠡᠪᠰᠡᠭᠲᠦ ᠮᠥᠷᠭᠥᠯᠳᠦᠭᠡᠨ ᠲᠡᠢ ᠬᠦᠨᠳᠦᠬᠡᠨ ᠴᠠᠭ ᠦᠶ᠎ᠡ ᠢᠢ ᠬᠠᠮᠲᠤ ᠳᠠᠭᠠᠨ ᠲᠤᠭᠤᠯᠵᠤ ᠪᠠᠢᠢᠨ᠎ᠠ᠃ ᠻᠣᠸᠢᠳ᠋-19 ᠴᠠᠷ᠎ ᠲᠠᠬᠤᠯ ᠢᠶᠠᠷ ᠬᠦᠮᠦᠨ ᠲᠥᠷᠥᠯᠬᠢᠲᠡᠨ 7 ᠰᠠᠶ᠎ᠠ ᠭᠠᠷᠤᠢ ᠬᠦᠮᠦᠨ ᠢᠶᠡᠨ ᠠᠯᠠᠳᠠᠭᠰᠠᠨ ᠪᠢᠯᠡ᠃

ᠮᠥᠨ ᠠᠭᠤᠷ ᠠᠮᠢᠰᠬᠤᠯ ᠤᠨ ᠥᠭᠡᠷᠡᠴᠢᠯᠡᠯᠲᠡ᠂ ᠪᠠᠢᠢᠭᠠᠯᠢ ᠢᠢᠨ ᠭᠠᠮᠰᠢᠭ᠂ ᠭᠧᠣᠫᠣᠯᠢᠲ᠋ᠢᠻ ᠤᠨ ᠵᠥᠷᠢᠴᠡᠯ᠂ ᠮᠥᠷᠭᠥᠯᠳᠦᠭᠡᠨ ᠡᠴᠡ ᠰᠢᠯᠲᠠᠭᠠᠯᠠᠨ ᠰᠡᠭᠦᠯ ᠦᠨ 16 ᠰᠠᠷ᠎ᠠ ᠢᠢᠨ ᠬᠤᠭᠤᠴᠠᠭᠠᠨ ᠳᠤ 120 ᠭᠠᠷᠤᠢ ᠰᠠᠶ᠎ᠠ ᠬᠦᠮᠦᠨ ᠣᠷᠣᠨ ᠭᠡᠷ᠂ ᠡᠬᠡ ᠣᠷᠣᠨ ᠢᠶᠠᠨ ᠣᠷᠬᠢᠨ ᠳᠦᠷᠪᠡᠭ᠍ᠰᠡᠨ ᠮᠡᠳᠡᠭᠡ ᠲᠡᠢ ᠪᠠᠢᠢᠨ᠎ᠠ᠃

ᠨᠡᠩ ᠢᠯᠠᠩ᠋ᠭᠤᠶ᠎ᠠ ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠪᠣᠯᠵᠤ ᠳᠦᠷᠪᠡᠭ᠍ᠰᠡᠨ ᠬᠦᠮᠦᠰ ᠦᠨ 80 ᠣᠷᠴᠢᠮ ᠬᠤᠪᠢ ᠨᠢ ᠬᠡᠦᠬᠡᠳ᠂ ᠡᠮᠡᠭᠲᠡᠢᠢᠴᠦᠳ ᠪᠠᠢᠢᠭ᠎ᠠ ᠢᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠪᠠᠢᠢᠭᠠᠯᠢ ᠣᠷᠴᠢᠨ ᠤ ᠰᠤᠳᠤᠯᠭᠠᠨ ᠳᠤ ᠳᠤᠷᠠᠳᠴᠠᠢ᠃ ᠳᠡᠯᠡᠬᠡᠢ ᠢᠢᠨ ᠴᠠᠭ ᠠᠭᠤᠷ ᠤᠨ ᠪᠠᠢᠢᠭᠤᠯᠤᠯᠭ᠎ᠠ ᠠᠴᠠ ᠥᠩ᠋ᠭᠡᠷᠡᠭᠰᠡᠨ ᠳᠣᠯᠣᠭᠠᠳᠤᠭᠠᠷ ᠰᠠᠷ᠎ᠠ ᠢᠢ ᠳᠡᠯᠡᠬᠡᠢ ᠢᠢᠨ ᠬᠠᠮᠤᠭ ᠤᠨ ᠬᠠᠯᠠᠭᠤᠨ ᠬᠣᠶᠠᠷ ᠰᠠᠷ᠎ᠠ ᠢᠢᠨ ᠨᠢᠭᠡ ᠪᠡᠷ ᠲᠡᠮᠳᠡᠭᠯᠡᠭᠰᠡᠨ ᠢ ᠵᠠᠷᠯᠠᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠬᠣᠮᠰᠠᠳᠠᠯ᠂ ᠴᠥᠯᠵᠢᠯᠲᠡ᠂ ᠭᠠᠵᠠᠷ ᠤᠨ ᠳᠣᠷᠣᠢᠢᠲᠠᠯ᠂ ᠤᠰᠤᠨ ᠤ ᠬᠣᠮᠰᠠᠳᠠᠯ᠂ ᠭᠠᠩ ᠭᠠᠴᠢᠭ᠂ ᠦᠶᠡᠷ ᠤᠰᠤᠨ ᠤ ᠠᠶᠤᠯ ᠵᠡᠷᠭᠡ ᠨᠢ ᠬᠦᠮᠦᠨ ᠲᠥᠷᠥᠯᠬᠢᠲᠡᠨ ᠡᠴᠡ ᠠᠰᠤᠷᠤ ᠶᠡᠬᠡ ᠬᠦᠴᠦᠨ ᠴᠢᠷᠮᠠᠢᠢᠯᠲᠠ᠂ ᠦᠷ᠎ᠡ ᠳ᠋ᠦᠩ ᠲᠡᠢ ᠬᠠᠮᠲᠤ ᠢᠢᠨ ᠠᠵᠢᠯᠯᠠᠭ᠎ᠠ ᠢᠢ ᠤᠯᠠᠮ ᠶᠡᠬᠡ ᠪᠡᠷ ᠱᠠᠭᠠᠷᠳᠠᠬᠤ ᠪᠣᠯᠤᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠨᠢ ᠳᠡᠯᠡᠬᠡᠢ ᠢᠢᠨ ᠬᠦᠮᠦᠨ ᠪᠦᠷᠢ ᠳᠥ ᠨᠥᠯᠦᠭᠡᠯᠡᠵᠦ ᠪᠠᠢᠢᠭ᠎ᠠ ᠬᠡᠳᠦᠢ ᠴᠤ ᠨᠥᠯᠥᠭᠡᠯᠡᠯ ᠨᠢ ᠨᠠᠰᠤ ᠬᠦᠢᠰᠦ᠂ ᠦᠨᠳᠦᠰᠦ ᠤᠭᠰᠠᠭ᠎ᠠ᠂ ᠨᠡᠢᠢᠭᠡᠮ ᠡᠳ᠋ ᠦᠨ ᠵᠠᠰᠠᠭ ᠤᠨ ᠪᠤᠰᠤᠳ ᠬᠦᠴᠦᠨ ᠵᠦᠢᠯᠡᠰ ᠡᠴᠡ ᠰᠢᠯᠲᠠᠭᠠᠯᠠᠨ ᠬᠠᠷᠢᠯᠴᠠᠨ ᠠᠳᠠᠯᠢ ᠦᠭᠡᠢ ᠪᠠᠢᠢᠭ᠎ᠠ ᠪᠥᠭᠡᠳ ᠢᠯᠠᠩ᠋ᠭᠤᠶ᠎ᠠ᠂ ᠥᠬᠢᠳ᠂ ᠡᠮᠡᠭᠲᠡᠢᠢᠴᠦᠳ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠥᠭᠡᠯᠡᠯ ᠳᠥ ᠢᠯᠡᠭᠦᠦ ᠶᠡᠬᠡ ᠥᠷᠲᠥᠵᠦ ᠪᠠᠢᠢᠨ᠎ᠠ᠃

ᠲᠤᠬᠠᠢᠢᠯᠠᠪᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠢᠯᠡᠭᠦᠦ ᠥᠷᠢᠲᠦᠮᠡᠲᠡᠭᠡᠢ ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠳᠤ ᠥᠬᠢᠳ᠂ ᠡᠮᠡᠭᠲᠡᠢᠢᠴᠦᠳ ᠭᠣᠣᠯᠯᠠᠨ ᠠᠵᠢᠯᠯᠠᠵᠤ ᠪᠠᠢᠢᠭ᠎ᠠ ᠨᠢ ᠲᠡᠳᠡᠨ ᠳᠥ ᠢᠯᠡᠭᠦᠦ ᠬᠦᠨᠳᠦ ᠪᠡᠷ ᠲᠤᠰᠳᠠᠭ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠡᠮᠡᠭᠲᠡᠢᠢᠴᠦᠳ ᠦᠨ ᠪᠠᠢᠢᠭᠤᠯᠤᠯᠭ᠎ᠠ ᠢᠢᠨ ᠰᠤᠳᠤᠯᠭ᠎ᠠ ᠪᠠᠷ ᠬᠡᠷᠪᠡ ᠳᠡᠯᠡᠬᠡᠢ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ ᠵᠣᠷᠢᠯᠲᠠ ᠳᠠᠭᠠᠨ ᠬᠦᠷᠴᠦ ᠴᠢᠳᠠᠬᠤ ᠦᠭᠡᠢ ᠪᠣᠯ 2050 ᠣᠨ ᠬᠦᠷᠲᠡᠯ᠎ᠡ 160 ᠰᠠᠶ᠎ᠠ ᠣᠷᠴᠢᠮ ᠥᠬᠢᠳ᠂ ᠡᠮᠡᠭᠲᠡᠢᠢᠴᠦᠳ ᠰᠢᠨ᠎ᠡ ᠪᠡᠷ ᠶᠠᠳᠠᠭᠤᠷᠠᠯ ᠳᠤ ᠥᠷᠲᠥᠵᠦ᠂ 240 ᠰᠠᠶ᠎ᠠ ᠣᠷᠴᠢᠮ ᠥᠬᠢᠳ᠂ ᠡᠮᠡᠭᠲᠡᠢᠢᠴᠦᠳ ᠦᠨ ᠬᠦᠨᠡᠰᠦᠨ ᠦ ᠠᠶᠤᠯ ᠦᠭᠡᠢ ᠪᠠᠢᠢᠳᠠᠯ ᠠᠯᠳᠠᠭᠳᠠᠬᠤ ᠡᠷᠦᠰᠳᠡᠯ ᠲᠡᠢ ᠪᠠᠢᠢᠭ᠎ᠠ ᠢᠢ ᠠᠩᠬᠠᠷᠤᠭᠤᠯᠵᠠᠢ᠃

ᠡᠬᠡ ᠭᠠᠵᠠᠷ ᠤᠨ ᠡᠷᠡᠰ ᠲᠡᠰ ᠠᠭᠤᠷ ᠠᠮᠢᠰᠬᠤᠯ ᠲᠠᠢ ᠮᠠᠨ ᠤ ᠣᠷᠣᠨ ᠠᠭᠤᠷ ᠠᠮᠢᠰᠬᠤᠯ ᠤᠨ ᠥᠭᠡᠷᠡᠴᠢᠯᠡᠯᠲᠡ ᠳᠥ ᠶᠡᠬᠡ ᠪᠡᠷ ᠥᠷᠲᠥᠵᠦ ᠪᠠᠢᠢᠭ᠎ᠠ ᠤᠯᠤᠰ ᠤᠳ ᠤᠨ ᠨᠢᠭᠡ᠃ ᠠᠭᠠᠷ ᠤᠨ ᠳᠤᠮᠳᠠᠴᠢ ᠲᠧᠮᠫᠧᠷᠠᠲ᠋ᠦ᠋ᠷ ᠰᠡᠭᠦᠯ ᠦᠨ 80 ᠵᠢᠯ ᠳᠥ 2.25 ᠬᠤᠪᠢ ᠪᠠᠷ ᠥᠰᠦᠭᠰᠡᠨ ᠨᠢ ᠳᠡᠯᠡᠬᠡᠢ ᠢᠢᠨ ᠳᠤᠮᠳᠠᠴᠢ ᠠᠴᠠ ᠬᠣᠶᠠᠷ ᠳᠠᠬᠢᠨ ᠥᠨᠳᠥᠷ ᠦᠵᠡᠭᠦᠯᠦᠯᠲᠡ ᠶᠤᠮ᠃

ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠰᠢᠯᠲᠠᠭᠠᠯᠠᠨ ᠰᠡᠭᠦᠯ ᠦᠨ 20 ᠭᠠᠷᠤᠢ ᠵᠢᠯ ᠦᠨ ᠬᠤᠭᠤᠴᠠᠭᠠᠨ ᠳᠤ ᠴᠠᠭ ᠠᠭᠠᠷ ᠤᠨ ᠭᠠᠷᠤᠯ ᠲᠠᠢ ᠭᠠᠮᠰᠢᠭᠲᠤ ᠦᠵᠡᠭᠳᠡᠯ ᠦᠨ ᠲᠣᠭ᠎ᠠ ᠬᠣᠶᠠᠷ ᠳᠠᠬᠢᠨ ᠨᠡᠮᠡᠭᠳᠡᠵᠦ᠂ ᠵᠢᠯ ᠪᠦᠷᠢ ᠮᠠᠨ ᠤ ᠤᠯᠤᠰ ᠤᠨ ᠨᠡᠢᠢᠲᠡ ᠬᠦᠮᠦᠨ ᠠᠮᠠ ᠢᠢᠨ ᠨᠠᠢᠮᠠ ᠬᠤᠪᠢ ᠶᠢᠨ ᠠᠬᠤᠢ ᠠᠮᠢᠳᠤᠷᠠᠯ ᠳᠤ ᠰᠥᠷᠭᠦ ᠪᠡᠷ ᠨᠥᠯᠥᠭᠡᠯᠡᠨ᠂ ᠳᠣ᠊᠂ ᠨᠡᠶᠢ᠊᠂ ᠪᠦ᠊᠂ ᠍ ᠦ 0.6 ᠬᠤᠪᠢ ᠲᠠᠢ ᠲᠡᠩᠴᠡᠬᠦ ᠬᠡᠮᠵᠢᠶᠡᠨ ᠦ ᠡᠳ᠋ ᠦᠨ ᠵᠠᠰᠠᠭ ᠤᠨ ᠬᠣᠬᠢᠷᠠᠯ ᠤᠴᠠᠷᠠᠭᠤᠯᠳᠠᠭ ᠭᠡᠰᠡᠨ ᠰᠤᠳᠤᠯᠭᠠᠨ ᠤ ᠦᠷ᠎ᠡ ᠳ᠋ᠦᠩ ᠪᠠᠢᠢᠳᠠᠭ᠃

ᠠᠭᠤᠷ ᠠᠮᠢᠰᠬᠤᠯ ᠤᠨ ᠥᠭᠡᠷᠡᠴᠢᠯᠡᠯᠲᠡ᠂ ᠬᠥᠷᠦᠰᠦᠨ ᠦ ᠳᠣᠷᠣᠢᠢᠲᠠᠯ᠂ ᠴᠥᠯᠵᠢᠯᠲᠡ᠂ ᠰᠢᠷᠤᠢ ᠶᠢᠨ ᠰᠢᠭᠤᠷᠭ᠎ᠠ᠂ ᠭᠠᠩ ᠵᠤᠳ ᠨᠢ ᠪᠢᠳᠡᠨ ᠦ ᠤᠯᠠᠮᠵᠢᠯᠠᠯᠲᠤ ᠮᠠᠯ ᠠᠵᠤ ᠠᠬᠤᠢ ᠳᠤ ᠬᠦᠨᠳᠦ ᠪᠡᠷ ᠲᠤᠰᠴᠤ᠂ ᠤᠯᠠᠮ ᠢᠶᠠᠷ ᠨᠡᠭᠦᠳᠡᠯ ᠦᠨ ᠰᠤᠶᠤᠯ ᠢᠷᠭᠡᠨᠰᠢᠯ ᠢ ᠬᠠᠳᠠᠭᠠᠯᠠᠨ ᠬᠠᠮᠠᠭᠠᠯᠠᠬᠤ ᠳᠤ ᠲᠣᠮᠣᠬᠠᠨ ᠰᠣᠷᠢᠯᠲᠠ ᠪᠣᠯᠵᠤ ᠪᠠᠢᠢᠨ᠎ᠠ᠃

ᠲᠡᠢᠢᠮᠦ ᠡᠴᠡ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠥᠭᠡᠯᠡᠯ ᠢ ᠪᠠᠭᠤᠷᠠᠭᠤᠯᠬᠤ ᠵᠣᠷᠢᠯᠭ᠎ᠠ ᠪᠠᠷ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠡᠷᠡᠭᠦᠯ ᠮᠣᠩ᠋ᠭᠣᠯ ᠬᠦᠮᠦᠨ》᠂ 《ᠴᠠᠭᠠᠨ ᠠᠯᠲᠠ》 ᠵᠡᠷᠭᠡ ᠲᠣᠮᠣᠬᠠᠨ ᠬᠥᠳᠡᠯᠭᠡᠭᠡᠨ ᠢ ᠥᠷᠨᠢᠭᠦᠯᠵᠦ ᠪᠠᠢᠢᠨ᠎ᠠ᠃

ᠮᠥᠨ 2026 ᠣᠨ ᠳᠤ 《ᠴᠥᠯᠵᠢᠯᠲᠡ ᠢᠢᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠻᠣᠨ᠋ᠸᠧᠨ᠋ᠼᠢ》 ᠍‍ᠶᠢᠨ ᠲᠠᠯ ᠠ ᠨᠤᠭᠤᠳ ᠤᠨ 17 ᠳ᠋ᠤᠭᠠᠷ ᠪᠠᠭ᠎ᠠ ᠬᠤᠷᠠᠯ》 ᠍‍ᠢ ᠮᠣᠩ᠋ᠭᠣᠯ ᠤᠯᠤᠰ ᠬᠦᠯᠢᠶᠡᠨ ᠠᠪᠴᠤ ᠵᠣᠬᠢᠶᠠᠨ ᠪᠠᠢᠢᠭᠤᠯᠬᠤ ᠪᠠᠷ ᠪᠡᠯᠡᠳᠬᠡᠯ ᠢᠶᠡᠨ ᠬᠠᠩ᠋ᠭᠠᠵᠤ ᠪᠠᠢᠢᠨ᠎ᠠ᠃

ᠮᠣᠩ᠋ᠭᠣᠯ ᠤᠯᠤᠰ ᠢᠷᠡᠬᠦ 2026 ᠣᠨ ᠢ 《ᠪᠡᠯᠴᠢᠭᠡᠷ ᠪᠠ ᠨᠡᠭᠦᠳᠡᠯ ᠦᠨ ᠮᠠᠯ ᠠᠵᠤ ᠠᠬᠤᠢ ᠡᠷᠬᠢᠯᠡᠭᠴᠢᠳ ᠦᠨ ᠣᠯᠠᠨ ᠤᠯᠤᠰ ᠤᠨ ᠵᠢᠯ》 ᠪᠣᠯᠭᠠᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠢᠢᠨ ᠲᠣᠭᠲᠠᠭᠠᠯ ᠢ ᠰᠠᠨᠠᠭᠠᠴᠢᠯᠠᠨ ᠪᠠᠲᠤᠯᠠᠭᠤᠯᠤᠯ᠎ᠠ᠃

ᠫᠠᠷᠢᠰ ᠤᠨ ᠬᠡᠯᠡᠯᠴᠡᠭᠡᠷ ᠦᠨ ᠬᠡᠷᠡᠭᠵᠢᠯᠲᠡ ᠢᠢᠨ ᠲᠠᠢᠢᠯᠤᠨ ᠳᠤ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠻᠣᠨ᠋ᠸᠧᠨ᠋ᠼᠢ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠤᠬᠠᠢ ᠪᠣᠯᠤᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠶᠢᠨ ᠤᠶᠠᠯᠳᠤᠭ᠎ᠠ ᠬᠣᠯᠪᠣᠭ᠎ᠠ ᠢᠢ ᠰᠠᠢᠢᠵᠢᠷᠠᠭᠤᠯᠬᠤ᠂ ᠲᠡᠭᠦᠨ ᠢ ᠬᠡᠷᠡᠭᠵᠢᠭᠦᠯᠬᠦ ᠳᠥ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠬᠠᠩ᠋ᠭᠠᠵᠤ᠂ ᠡᠮᠡᠭᠲᠡᠢᠢᠴᠦᠳ ᠦᠨ ᠣᠷᠣᠯᠴᠠᠭ᠎ᠠ᠂ ᠮᠠᠩᠯᠠᠢᠢᠯᠠᠯ ᠢ ᠨᠡᠮᠡᠭᠳᠡᠭᠦᠯᠬᠦ ᠢᠢ ᠵᠥᠪᠯᠡᠮᠵᠢ ᠪᠣᠯᠭᠠᠭᠰᠠᠨ᠃

ᠨᠡᠩ ᠢᠯᠠᠩ᠋ᠭᠤᠶ᠎ᠠ ᠥᠬᠢᠳ᠂ ᠡᠮᠡᠭᠲᠡᠢᠢᠴᠦᠳ ᠦᠨ ᠪᠣᠯᠪᠠᠰᠤᠷᠠᠯ᠂ ᠤᠷ᠎ᠠ ᠴᠢᠳᠠᠪᠤᠷᠢ ᠢᠢ ᠰᠠᠢᠢᠵᠢᠷᠠᠭᠤᠯᠬᠤ ᠨᠢ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ ᠨᠢᠭᠡ ᠭᠣᠣᠯ ᠴᠢᠭᠯᠡᠯ ᠪᠢᠯᠡ᠃

ᠳᠡᠯᠡᠬᠡᠢ ᠳᠠᠶᠠᠭᠠᠷ ᠪᠠᠭ᠎ᠠ᠂ ᠳᠤᠮᠳᠠ ᠪᠣᠯᠪᠠᠰᠤᠷᠠᠯ ᠳᠤ ᠣᠬᠢᠳ ᠤᠨ ᠬᠠᠮᠤᠷᠤᠭᠳᠠᠬᠤ᠂ ᠪᠢᠴᠢᠭ᠌ ᠦᠰᠦᠭ ᠲᠠᠢᠢᠯᠤᠭᠳᠠᠭᠰᠠᠨ ᠪᠠᠢᠢᠳᠠᠯ ᠨᠡᠮᠡᠭᠳᠡᠵᠦ ᠪᠠᠢᠢᠭ᠎ᠠ ᠬᠡᠳᠦᠢ ᠴᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠬᠡᠦᠬᠡᠳ ᠦᠨ ᠰᠠᠩ ᠤᠨ ᠮᠡᠳᠡᠭᠡᠯᠡᠭᠰᠡᠨ ᠢᠶᠡᠷ ᠳᠡᠯᠡᠬᠡᠢ ᠳᠡᠭᠡᠷ᠎ᠡ 120 ᠭᠠᠷᠤᠢ ᠰᠠᠶ᠎ᠠ ᠥᠬᠢᠳ ᠪᠣᠯᠪᠠᠰᠤᠷᠠᠯ ᠡᠵᠡᠮᠰᠢᠬᠦ ᠡᠷᠬᠡ ᠪᠡᠨ ᠡᠳ᠋ᠯᠡᠵᠦ ᠴᠢᠳᠠᠳᠠᠭ ᠦᠭᠡᠢ᠃

ᠮᠠᠨ ᠤ ᠤᠯᠤᠰ ᠤᠨ ᠬᠤᠪᠢ ᠳᠤ ᠪᠦᠬᠦ ᠱᠠᠲᠤᠨ ᠤ ᠪᠣᠯᠪᠠᠰᠤᠷᠠᠯ ᠣᠯᠭᠣᠬᠤ ᠰᠤᠷᠭᠠᠯᠲᠠ ᠳᠤ ᠡᠮᠡᠭᠲᠡᠢᠢᠴᠦᠳ ᠡᠷᠡᠭᠲᠡᠢᠢᠴᠦᠳ ᠡᠴᠡ ᠢᠯᠡᠭᠦᠦ ᠣᠯᠠᠨ ᠪᠠᠢᠢᠳᠠᠭ ᠬᠡᠳᠦᠢ ᠴᠤ ᠡᠮᠡᠭᠲᠡᠢᠢᠴᠦᠳ ᠦᠨ ᠡᠳ᠋ ᠦᠨ ᠵᠠᠰᠠᠭ᠂ ᠨᠡᠢᠢᠭᠡᠮ᠂ ᠤᠯᠤᠰ ᠲᠥᠷᠥ ᠢᠢᠨ ᠣᠷᠣᠯᠴᠠᠭ᠎ᠠ᠂ ᠮᠠᠩᠯᠠᠢᠢᠯᠠᠯ ᠢ ᠨᠡᠮᠡᠭᠳᠡᠭᠦᠯᠬᠦ ᠳᠥ ᠠᠩᠬᠠᠷᠬᠤ ᠱᠠᠭᠠᠷᠳᠠᠯᠭ᠎ᠠ ᠲᠠᠢ ᠪᠠᠢᠢᠨ᠎ᠠ᠃

ᠤᠳᠤᠬᠤ ᠦᠭᠡᠢ ᠪᠣᠯᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠶᠢᠨ ᠢᠷᠡᠭᠡᠳᠦᠢ ᠢᠢᠨ ᠠᠰᠠᠭᠤᠳᠠᠯ ᠢᠶᠠᠷ ᠬᠢ ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ ᠪᠠᠷ ᠬᠡᠯᠡᠯᠴᠡᠬᠦ 《ᠢᠷᠡᠭᠡᠳᠦᠢ ᠢᠢᠨ ᠲᠥᠯᠦᠭᠡᠬᠢ ᠭᠡᠷ ᠡ》 ᠪᠠᠷᠢᠮᠲᠠ ᠪᠢᠴᠢᠭ᠌ ᠲᠥ ᠡᠮᠡᠭᠲᠡᠢᠢᠴᠦᠳ ᠦᠨ ᠡᠷᠬᠡ ᠢᠢ ᠬᠠᠮᠠᠭᠠᠯᠠᠬᠤ᠂ ᠲᠡᠳᠡᠨ ᠦ ᠮᠠᠩᠯᠠᠢᠢᠯᠠᠯ᠂ ᠤᠯᠤᠰ ᠲᠥᠷᠥ ᠢᠢᠨ ᠣᠷᠣᠯᠴᠠᠭ᠎ᠠ ᠢᠢ ᠨᠡᠮᠡᠭᠳᠡᠭᠦᠯᠬᠦ᠂ ᠲᠡᠳᠡᠨ ᠦ ᠡᠳ᠋ ᠦᠨ ᠵᠠᠰᠠᠭ ᠤᠨ ᠴᠢᠳᠠᠪᠬᠢ ᠢᠢ ᠰᠠᠢᠢᠵᠢᠷᠠᠭᠤᠯᠬᠤ ᠵᠡᠷᠭᠡ ᠴᠢᠬᠤᠯᠠ ᠠᠰᠠᠭᠤᠳᠠᠯ ᠢ ᠲᠤᠰᠬᠠᠵᠤ ᠪᠠᠢᠢᠭ᠎ᠠ ᠨᠢ ᠨᠡᠩ ᠰᠠᠢᠢᠰᠢᠶᠠᠯᠲᠠᠢ᠃

ᠡᠷᠬᠢᠮ ᠬᠦᠨᠳᠦᠳᠥ ᠵᠣᠴᠢᠳ᠂ ᠲᠥᠯᠥᠭᠡᠯᠡᠭᠴᠢᠳ᠂

ᠬᠠᠲᠤᠭᠲᠠᠢ᠂ ᠨᠣᠶᠠᠳ ᠠ᠋᠂

ᠳᠡᠯᠡᠬᠡᠢ ᠢᠢᠨ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ᠂ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ᠂ ᠬᠦᠨᠡᠰᠦᠨ ᠦ ᠠᠶᠤᠯ ᠦᠭᠡᠢ ᠪᠠᠢᠢᠳᠠᠯ ᠵᠡᠷᠭᠡ ᠲᠤᠯᠭᠠᠮᠳᠠᠵᠤ ᠪᠤᠢ ᠣᠯᠠᠨ ᠰᠣᠷᠢᠯᠲᠠ᠂ ᠪᠡᠷᠬᠡᠰᠢᠶᠡᠯ ᠢ ᠳᠠᠪᠠᠨ ᠲᠤᠭᠤᠯᠬᠤ ᠳᠤ ᠥᠬᠢᠳ᠂ ᠡᠮᠡᠭᠲᠡᠢᠢᠴᠦᠳ ᠦᠨ ᠳᠠᠭᠤᠤ ᠬᠣᠭᠣᠯᠠᠢ᠂ ᠣᠷᠣᠯᠴᠠᠭ᠎ᠠ᠂ ᠮᠠᠩᠯᠠᠢᠢᠯᠠᠯ ᠣᠨᠴᠠᠭᠠᠢ ᠡᠭᠦᠷᠭᠡ ᠲᠡᠢ ᠪᠥᠭᠡᠳ ᠲᠠ ᠪᠦᠬᠦᠨ ᠦ ᠰᠠᠨᠠᠯ᠂ ᠰᠠᠨᠠᠭᠠᠴᠢᠯᠠᠭ᠎ᠠ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠮᠣᠩ᠋ᠭᠣᠯ ᠤᠯᠤᠰ 《ᠡ᠊ᠩᠬᠡ ᠢᠢ ᠡᠷᠬᠢᠮᠯᠡᠭᠰᠡᠨ᠂ ᠨᠡᠭᠡᠭᠡᠯᠲᠡᠲᠡᠢ᠂ ᠣᠯᠠᠨ ᠲᠤᠯᠭᠠᠭᠤᠷᠢᠲᠤ》 ᠭᠠᠳᠠᠭᠠᠳᠤ ᠪᠣᠳᠣᠯᠭ᠎ᠠ ᠢᠢ ᠲᠤᠭᠤᠰᠢᠲᠠᠢ ᠪᠠᠷᠢᠮᠲᠠᠯᠠᠳᠠᠭ ᠣᠷᠣᠨ ᠤ ᠬᠤᠪᠢ ᠳᠤ ᠠᠯᠢᠪᠠ ᠤᠯᠤᠰ ᠣᠷᠣᠨ ᠤ ᠲᠡᠦᠬᠡ᠂ ᠰᠤᠶᠤᠯ᠂ ᠰᠤᠶᠤᠯ ᠢᠷᠭᠡᠨᠰᠢᠯ᠂ ᠦᠨᠳᠦᠰᠦᠨ ᠦ ᠢᠵᠠᠭᠤᠷ ᠡᠷᠬᠡ ᠠᠰᠢᠭ᠂ ᠬᠥᠭ᠍ᠵᠢᠯ ᠦᠨ ᠵᠠᠮᠨᠠᠯ ᠠᠴᠠ ᠡᠭᠦᠳᠦᠯᠲᠡᠢ ᠣᠯᠠᠨ ᠤᠷᠭᠤᠯᠴᠢ ᠦᠵᠡᠯ ᠢ ᠬᠦᠨᠳᠦᠳᠬᠡᠨ ᠦᠵᠡᠵᠦ᠂ ᠣᠯᠠᠨ ᠤᠯᠤᠰ ᠤᠨ ᠬᠠᠷᠢᠯᠴᠠᠭ᠎ᠠ ᠢᠢ ᠣᠯᠠᠨ ᠲᠤᠯᠭᠠᠭᠤᠷᠢᠲᠤ ᠵᠠᠷᠴᠢᠮ ᠢᠶᠠᠷ ᠴᠣᠭᠴᠠᠯᠠᠭᠠᠬᠤ ᠢᠢ ᠡᠷᠡᠮᠡᠯᠵᠡᠳᠡᠭ᠃

ᠲᠡᠢᠢᠮᠦ ᠡᠴᠡ ᠮᠠᠨ ᠤ ᠤᠯᠤᠰ ᠣᠯᠠᠨ ᠤᠯᠤᠰ ᠤᠨ ᠠᠯᠢᠪᠠ ᠬᠦᠨᠳᠦᠷᠡᠯ ᠪᠡᠷᠬᠡᠰᠢᠶᠡᠯ᠂ ᠦᠯᠦ ᠣᠢᠢᠯᠠᠭᠠᠯᠴᠠᠯ ᠢ ᠬᠠᠷᠢᠯᠴᠠᠨ ᠣᠢᠢᠯᠠᠭᠠᠯᠴᠠᠯ᠂ ᠬᠠᠷᠢᠯᠴᠠᠨ ᠢᠲᠡᠭᠡᠯᠴᠡᠯ᠂ ᠬᠠᠷᠢᠯᠴᠠᠨ ᠬᠦᠨᠳᠦᠯᠡᠯ᠂ ᠶᠠᠷᠢᠶ᠎ᠠ ᠬᠡᠯᠡᠯᠴᠡᠭᠡᠨ ᠦ ᠵᠠᠮ ᠢᠶᠠᠷ ᠳᠠᠪᠠᠨ ᠲᠤᠭᠤᠯᠬᠤ ᠶᠣᠰᠣᠲᠠᠢ ᠭᠡᠵᠦ ᠦᠵᠡᠳᠡᠭ ᠪᠥᠭᠡᠳ ᠡᠭᠦᠨ ᠳᠥ ᠡᠨᠡ ᠴᠢᠭᠤᠯᠭ᠎ᠠ ᠠᠭᠤᠯᠵᠠᠯᠲᠠ ᠵᠣᠬᠢᠬᠤ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭᠠᠨ ᠠᠴᠠ ᠭᠠᠷᠬᠤ 《ᠲᠣᠭᠲᠠᠪᠤᠷᠢᠲᠠᠢ ᠢᠷᠡᠭᠡᠳᠦᠢ ᠢᠢᠨ ᠲᠥᠯᠦᠭᠡᠬᠢ ᠤᠯᠠᠭᠠᠨᠪᠠᠭᠠᠲᠤᠷ ᠤᠨ ᠲᠤᠩᠬᠠᠭᠯᠠᠯ》 ᠨᠢ ᠥᠬᠢᠳ᠂ ᠡᠮᠡᠭᠲᠡᠢᠢᠴᠦᠳ ᠦᠨ ᠮᠠᠩᠯᠠᠢᠢᠯᠠᠯ᠂ ᠣᠷᠣᠯᠴᠠᠭ᠎ᠠ᠂ ᠪᠠᠢᠢᠷᠢ ᠰᠠᠭᠤᠷᠢ ᠢᠢ ᠤᠯᠠᠮ ᠪᠡᠬᠢᠵᠢᠭᠦᠯᠦᠨ᠎ᠡ᠃

ᠡᠨᠡ ᠲᠤᠩᠬᠠᠭᠯᠠᠯ ᠪᠡᠭᠡᠵᠢᠩ ᠬᠣᠲᠠᠨ᠎ᠠ 1995 ᠣᠨ ᠳᠤ ᠪᠠᠲᠤᠯᠠᠭᠰᠠᠨ 《ᠦᠢᠯᠡ ᠠᠵᠢᠯᠯᠠᠭᠠᠨ ᠤ ᠬᠥᠲᠥᠯᠪᠦᠷᠢ》‍ᠶᠢᠨ ᠠᠮᠠᠯᠠᠯᠲᠠ ᠢᠢᠨ ᠬᠡᠷᠡᠭᠵᠢᠯᠲᠡ ᠢᠢ ᠬᠠᠩ᠋ᠭᠠᠬᠤ᠂ ᠨᠶᠦ᠋-ᠢᠣᠷᠻ ᠬᠣᠲᠠᠨ᠎ᠠ ᠤᠳᠠᠬᠤ ᠦᠭᠡᠢ ᠵᠣᠬᠢᠶᠠᠨ ᠪᠠᠢᠢᠭᠤᠯᠬᠤ 《ᠢᠷᠡᠭᠡᠳᠦᠢ ᠢᠢᠨ ᠠᠰᠠᠭᠤᠳᠠᠯ ᠢᠶᠠᠷ ᠬᠢ ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ》 ᠍ ᠳᠤ ᠳᠡᠮᠵᠢᠯᠭᠡ ᠪᠣᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠡᠷᠬᠢᠮ ᠬᠦᠨᠳᠦᠳᠦ ᠡᠮᠡᠭᠲᠡᠢᠢᠴᠦᠳ᠂ ᠡᠮᠡᠭᠲᠡᠢ ᠤᠳᠤᠷᠢᠳᠤᠭᠴᠢ᠂ ᠮᠠᠩᠯᠠᠢᠢᠯᠠᠭᠴᠢᠳ ᠲᠠ ᠪᠦᠬᠦᠨ ᠦ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ ᠶᠡᠬᠡ ᠦᠢᠯᠡ ᠬᠡᠷᠡᠭ ᠲᠥ ᠥᠨᠳᠥᠷ ᠠᠮᠵᠢᠯᠲᠠ ᠬᠦᠰᠡᠶ᠎ᠡ᠃

ᠮᠥᠩᠬᠡ ᠬᠥᠬᠡ ᠲᠩᠷᠢ ᠢᠢᠨ ᠣᠷᠣᠨ ᠮᠠᠨ ᠤ ᠰᠠᠢᠢᠬᠠᠨ ᠤᠯᠤᠰ ᠲᠤ ᠬᠦᠷᠦᠯᠴᠡᠨ ᠢᠷᠡᠭᠰᠡᠨ ᠡᠷᠬᠢᠮ ᠬᠦᠨᠳᠦᠳᠥ ᠡᠮᠡᠭᠲᠡᠢ ᠮᠠᠩᠯᠠᠢᠢᠯᠠᠭᠴᠢᠳ ᠲᠠ ᠪᠦᠬᠦᠨ ᠳᠥ ᠡᠷᠡᠭᠦᠯ ᠡ᠊ᠩᠬᠡ᠂ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ》᠃

ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ 1995 ᠣᠨ ᠳᠤ ᠪᠡᠭᠡᠵᠢᠩ ᠬᠣᠲᠠᠨ᠎ᠠ ᠪᠣᠯᠤᠭᠰᠠᠨ ᠳᠡᠯᠡᠬᠡᠢ ᠢᠢᠨ ᠡᠮᠡᠭᠲᠡᠢᠢᠴᠦᠳ ᠦᠨ ᠳᠥᠷᠪᠡᠳᠦᠭᠡᠷ ᠪᠠᠭ᠎ᠠ ᠬᠤᠷᠠᠯ ᠠᠴᠠ ᠬᠣᠢᠢᠰᠢ ᠠᠽᠢ ᠲᠢᠢᠪ ᠲᠥ ᠪᠣᠯᠵᠤ ᠪᠠᠢᠢᠭ᠎ᠠ ᠬᠠᠮᠤᠭ ᠤᠨ ᠥᠷᠭᠡᠨ ᠴᠠᠷ ᠬᠦᠷᠢᠶ᠎ᠡ ᠲᠡᠢ ᠠᠭᠤᠯᠵᠠᠯᠲᠠ ᠶᠤᠮ᠃

2022 ᠣᠨ ᠳᠤ ᠤᠯᠠᠭᠠᠨᠪᠠᠭᠠᠲᠤᠷ ᠬᠣᠲᠠᠨ᠎ᠠ ᠠᠩᠬ᠎ᠠ ᠤᠳᠠᠭ᠎ᠠ ᠵᠣᠬᠢᠶᠠᠨ ᠪᠠᠢᠢᠭᠤᠯᠤᠭᠰᠠᠨ 《ᠡᠮᠡᠭᠲᠡᠢᠢᠴᠦᠳ᠂ ᠡ᠊ᠩᠬᠡ ᠲᠠᠢᠢᠪᠤᠩ ᠪᠠ ᠠᠶᠤᠯ ᠦᠭᠡᠢ ᠪᠠᠢᠢᠳᠠᠯ》 ᠰᠡᠳᠦᠪᠲᠦ ᠣᠯᠠᠨ ᠤᠯᠤᠰ ᠤᠨ ᠡ᠊ᠩᠬᠡ ᠢᠢ ᠰᠠᠬᠢᠭᠤᠯᠤᠭᠴᠢ ᠡᠮᠡᠭᠲᠡᠢᠢᠴᠦᠳ ᠦᠨ ᠪᠠᠭ᠎ᠠ ᠬᠤᠷᠠᠯ ᠳᠤ 30 ᠭᠠᠷᠤᠢ ᠣᠷᠣᠨ ᠤ ᠡ᠊ᠩᠬᠡ ᠢᠢ ᠰᠠᠬᠢᠭᠤᠯᠤᠭᠴᠢ ᠡᠮᠡᠭᠲᠡᠢᠢᠴᠦᠳ ᠣᠷᠣᠯᠴᠠᠭᠰᠠᠨ᠃

ᠮᠥᠨ ᠥᠩ᠋ᠭᠡᠷᠡᠭᠰᠡᠨ ᠣᠨ ᠳᠤ ᠭᠠᠳᠠᠭᠠᠳᠤ ᠬᠡᠷᠡᠭ ᠦᠨ ᠡᠮᠡᠭᠲᠡᠢ ᠰᠠᠢᠢᠳ ᠨᠠᠷ ᠤᠨ ᠠᠭᠤᠯᠵᠠᠯᠲᠠ ᠢᠢ ᠠᠽᠢ ᠲᠢᠢᠪ ᠲᠡᠭᠡᠨ ᠠᠩᠬ᠎ᠠ ᠤᠳᠠᠭ᠎ᠠ ᠵᠣᠬᠢᠶᠠᠨ ᠪᠠᠢᠢᠭᠤᠯᠵᠤ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ᠂ ᠲᠡᠭᠦᠨ ᠳᠣᠲᠣᠷ᠎ᠠ ᠪᠠᠨ ᠵᠧᠨ᠋ᠳᠧᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ᠂ ᠳᠡᠯᠡᠬᠡᠢ ᠳᠠᠬᠢᠨ ᠤ ᠡᠮᠦᠨ᠎ᠡ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠳᠥ ᠡᠮᠡᠭᠲᠡᠢᠢᠴᠦᠳ ᠦᠨ ᠮᠠᠩᠯᠠᠢᠢᠯᠠᠯ᠂ ᠣᠷᠣᠯᠴᠠᠭ᠎ᠠ ᠢᠢ ᠨᠡᠮᠡᠭᠳᠡᠭᠦᠯᠬᠦ ᠳᠥ ᠥᠪᠡᠷ ᠦᠨ ᠬᠤᠪᠢ ᠨᠡᠮᠡᠷᠢ ᠪᠡᠨ ᠣᠷᠣᠭᠤᠯᠤᠯ᠎ᠠ᠃

ᠮᠣᠩ᠋ᠭᠣᠯ ᠤᠯᠤᠰ ᠵᠧᠨ᠋ᠳᠧᠷ ᠦᠨ ᠡᠷᠬᠡ ᠲᠡᠭᠰᠢ ᠪᠠᠢᠢᠳᠠᠯ᠂ ᠡᠮᠡᠭᠲᠡᠢᠢᠴᠦᠳ ᠦᠨ ᠮᠠᠩᠯᠠᠢᠢᠯᠠᠯ ᠤᠨ ᠴᠢᠭᠯᠡᠯ ᠢᠶᠡᠷ ᠪᠥᠰᠡ ᠨᠤᠲᠤᠭ ᠲᠡᠳᠦᠢ ᠦᠭᠡᠢ ᠣᠯᠠᠨ ᠤᠯᠤᠰ ᠤᠨ ᠲᠦᠪᠰᠢᠨ ᠳᠥ ᠢᠳᠡᠪᠬᠢ᠂ ᠰᠠᠨᠠᠭᠠᠴᠢᠯᠠᠭ᠎ᠠ ᠲᠠᠢ ᠠᠵᠢᠯᠯᠠᠳᠠᠭ᠂ ᠳᠡᠯᠡᠬᠡᠢ ᠢᠢᠨ ᠣᠷᠣᠨ ᠨᠤᠭᠤᠳ ᠤᠨ ᠠᠩᠬᠠᠷᠤᠯ ᠢ ᠲᠠᠲᠠᠵᠤ ᠪᠤᠢ ᠣᠷᠣᠨ ᠤ ᠲᠣᠭᠠᠨ ᠳᠤ ᠣᠷᠣᠳᠠᠭ ᠶᠤᠮ᠃