Та "Internet explorer"-ийн сүүлийн хувилбар болох "Microsoft edge"-г ашиглана уу

Хэрэв "Microsoft edge"-г татах бол энд дарж татаж авна уу

ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠢᠢ ᠠᠯᠪᠠᠨ ᠶᠣᠰᠤ ᠪᠠᠷ ᠤᠭᠲᠤᠵᠤ ᠠᠪᠤᠯ᠎ᠠ

ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊ᠳᠢᠮᠢᠷ ᠸᠯᠠᠳᠢᠮᠢᠷᠣᠸᠢᠴ ᠫᠦᠲ᠋ᠢᠨ 2024 ᠣᠨ ᠤ 09 ᠳᠤᠭᠡᠷ ᠰᠠᠷ ᠠ ᠢᠢᠨ 2-3 ᠤ ᠡᠳᠦᠷ ‍ᠦᠳ ᠲᠥ ᠮᠣᠩᠭ᠋ᠤᠯ ᠤᠯᠤᠰ ᠲᠤ ᠠᠯᠪᠠᠨ ᠶᠣᠰᠤᠨ ᠤ ᠠᠢᠢᠯᠴᠢᠯᠠᠯ ᠬᠢᠵᠦ ᠪᠠᠢᠢᠨ᠎ᠠ᠃

ᠮᠣᠩᠭ᠋ᠤᠯ ᠤᠯᠤᠰ ᠤᠨ ᠶᠡᠷᠦᠩᠬᠡᠢᠢᠯᠡᠭᠴᠢ ᠤ‍ᠬᠤᠨ᠎ᠠ ᠢᠢᠨ ᠬᠦᠷᠡᠯᠰᠦ᠋ᠬᠡ ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠢ ᠲᠠ᠊᠂ ᠰᠦᠬᠡᠪᠠᠭᠠᠲᠤᠷ ᠤᠨ ᠲᠠᠯᠠᠪᠠᠢ ᠳᠤ ᠠᠯᠪᠠᠨ ᠶᠣᠰᠤ ᠪᠠᠷ ᠤᠭᠲᠤᠵᠤ ᠠᠪᠤᠯ᠎ᠠ᠃ ᠲᠥᠷᠦ ᠢᠢᠨ ᠬᠦᠨᠳᠦᠲᠦ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ‍ᠦ ᠳᠠᠷᠠᠭ᠎ᠠ ᠬᠥᠭ᠍ᠵᠢᠮ ᠳᠥ ᠬᠣᠶᠠᠷ ᠤᠯᠤᠰ ᠤᠨ ᠲᠥᠷᠦ ᠢᠢᠨ ᠳᠠᠭᠤᠯᠠᠯ ᠡᠭᠡᠰᠢᠭ᠍ᠯᠡᠪᠡ᠃

ᠶᠡᠷᠦᠩᠬᠡᠢᠢᠯᠡᠭᠴᠢᠳ ᠲᠥᠷᠦ ᠢᠢᠨ ᠶᠣᠰᠤᠯᠠᠯ ᠤᠨ ᠴᠡᠷᠢᠭ ‍ᠦᠨ ᠴᠠᠭᠠᠨ ᠲᠤᠭ ᠲᠤ ᠮᠡᠬᠦᠢᠢᠨ ᠶᠣᠰᠤᠯᠠᠵᠤ᠂ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠲᠥᠷᠦ ᠢᠢᠨ ᠬᠦᠨᠳᠦᠲᠦ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠯ ᠡ᠃

ᠶᠡᠷᠦᠩᠬᠡᠢᠢᠯᠡᠭᠴᠢᠳ ᠶᠡᠬᠡ ᠡᠵᠡᠨ ᠴᠢᠩᠭᠢᠰ ᠭᠠᠬᠠᠨ ᠤ ᠬᠥᠰᠢᠶᠡᠨ ᠳᠥ ᠬᠦᠨᠳᠦᠳᠬᠡᠯ ᠦᠵᠡᠭᠦᠯᠵᠦ᠂ ᠸᠯᠠ᠊᠂ ᠸᠯᠠ᠊᠂ ᠫᠦᠲ᠋ᠢᠨ ᠲᠥᠷᠦ ᠢᠢᠨ ᠣᠷᠳᠤᠨ ᠤ ᠬᠦᠨᠳᠦᠲᠦ ᠵᠣᠴᠢᠨ ᠤ ᠳᠡᠪᠲᠡᠷ ᠲᠦ ᠭᠠᠷ ᠤᠨ ᠦᠰᠦᠭ ᠵᠢᠷᠤᠯ ᠠ᠃

ᠠᠢᠢᠯᠴᠢᠯᠠᠯ ᠤᠨ ᠦᠶ ᠡ ᠪᠡᠷ ᠮᠣᠩᠭ᠋ᠤᠯ ᠤᠯᠤᠰ ᠤᠨ ᠶᠡᠷᠦᠩᠬᠡᠢᠢᠯᠡᠭᠴᠢ ᠤ‍ᠬᠤᠨ᠎ᠠ ᠢᠢᠨ ᠬᠦᠷᠡᠯᠰᠦ᠋ᠬᠡ᠂ ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠨᠠᠷ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ ᠭᠠᠵᠠᠷ ᠤᠨ ᠲᠣᠰᠤ᠂ ᠪᠠᠢᠢᠭᠠᠯᠢ ᠣᠷᠴᠢᠨ ᠵᠡᠷᠭᠡ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠦᠷᠭᠡᠵᠢᠭᠦᠯᠦᠨ ᠬᠥᠭ᠍ᠵᠢᠭᠦᠯᠬᠦ ᠪᠠᠷᠢᠮᠲᠠ ᠪᠢᠴᠢᠭ᠌ ‍ᠦᠳ ᠲᠥ ᠭᠠᠷ ᠤᠨ ᠦᠰᠦᠭ ᠵᠢᠷᠤᠬᠤ ᠶᠣᠰᠤᠯᠠᠯ ᠳᠤ ᠤᠷᠤᠯᠴᠠᠨ᠎ᠠ᠃

ᠬᠣᠶᠠᠷ ᠤᠯᠤᠰ ᠤᠨ ᠲᠥᠷᠦ ᠢᠢᠨ ᠲᠡᠷᠢᠭᠦᠨ ᠠᠯᠪᠠᠨ ᠶᠣᠰᠤᠨ ᠤ ᠬᠡᠯᠡᠯᠴᠡᠭᠡᠨ ‍ᠦ ᠦᠷ ᠡ ᠳ᠋ᠦᠩ ‍ᠦᠨ ᠲᠠᠯ ᠠ ᠪᠠᠷ ᠬᠡᠪᠯᠡᠯ ᠮᠡᠳᠡᠭᠡᠯᠡᠯ ‍ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠦᠭ᠍ᠬᠦ ᠪᠡᠷ ᠲᠥᠯᠦᠪᠯᠡᠵᠦ ᠪᠠᠢᠢᠨ᠎ᠠ᠃

2019 ᠣᠨ ᠳᠤ 《ᠨᠠᠢᠢᠷᠰᠠᠭ ᠬᠠᠷᠢᠯᠴᠠᠭ᠎ᠠ᠂ ᠢᠵᠢ ᠪᠦᠷᠢᠨ ᠰᠲ᠋ᠷᠠᠲ᠋ᠧᠭᠢ ᠢᠢᠨ ᠲᠥᠩᠰᠢᠯᠡᠯ ‍ᠦᠨ ᠲᠤᠬᠠᠢ ᠮᠣᠩᠭ᠋ᠤᠯ ᠤᠯᠤᠰ᠂ ᠣᠷᠤᠰ ᠤᠨ ᠬᠣᠯᠪᠤᠭᠠᠨ ᠤ ᠤᠯᠤᠰ ᠬᠣᠭᠤᠷᠤᠨᠳᠤ ᠢᠢᠨ ᠭᠡᠷ ᠡ》 ᠳᠥ ᠭᠠᠷ ᠤᠨ ᠦᠰᠦᠭ ᠵᠢᠷᠤᠭᠰᠠᠨ ᠢᠢᠠᠷ ᠢᠵᠢ ᠪᠦᠷᠢᠨ ᠰᠲ᠋ᠷᠠᠲ᠋ᠧᠭᠢ ᠢᠢᠨ ᠲᠥᠩᠰᠢᠯᠡᠯ ‍ᠦᠨ ᠬᠠᠷᠢᠯᠴᠠᠭ᠎ᠠ ᠲᠣᠭᠲᠠᠭᠠᠭᠰᠠᠨ᠃

ᠬᠣᠶᠠᠷ ᠤᠯᠤᠰ 1921 ᠣᠨ ᠤ 11 ᠳᠤᠭᠡᠷ ᠰᠠᠷ ᠠ ᠢᠢᠨ 05 ᠤ ᠡᠳᠦᠷ ᠳ᠋ᠢᠫᠯᠤᠮᠠᠲ᠋ ᠬᠠᠷᠢᠯᠴᠠᠭ᠎ᠠ ᠲᠣᠭᠲᠠᠭᠠᠵᠤ᠂ ᠳᠠᠷᠠᠭ᠎ᠠ ᠵᠢᠯ ᠨᠢ ᠡᠯᠴᠢᠨ ᠰᠠᠢᠢᠳ ᠤᠨ ᠶᠠᠮᠤᠨ ᠨᠤᠭᠤᠳ ᠢᠢᠠᠨ ᠤᠯᠠᠭᠠᠨᠪᠠᠭᠠᠲᠤᠷ᠂ ᠮᠣᠰᠻᠸᠠ ᠬᠣᠲᠠᠨ᠎ᠠ ᠬᠠᠷᠢᠯᠴᠠᠨ ᠨᠡᠭᠡᠭᠡᠭ᠍ᠰᠡᠨ ᠲᠡᠦᠬᠡ ᠲᠡᠢ᠃