Та "Internet explorer"-ийн сүүлийн хувилбар болох "Microsoft edge"-г ашиглана уу

Хэрэв "Microsoft edge"-г татах бол энд дарж татаж авна уу

ᠤ‍᠂ ᠬᠦᠷᠡᠯᠰᠦ᠋ᠬᠡ᠄ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ‍ᠦ ᠠᠢᠢᠯᠴᠢᠯᠠᠯ ᠨᠠᠢᠢᠷᠰᠠᠭ ᠬᠠᠷᠢᠯᠴᠠᠭ᠎ᠠ᠂ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠵᠢ ᠡᠳ᠋ ‍ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠤᠯ᠎ᠠ

ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊ᠳᠢᠮᠢᠷ ᠸᠯᠠᠳᠢᠮᠢᠷᠣᠸᠢᠴ ᠫᠦᠲ᠋ᠢᠨ ᠤ ᠮᠣᠩᠭ᠋ᠤᠯ ᠤᠯᠤᠰ ᠲᠤ ᠬᠢᠵᠦ ᠪᠤᠢ ᠠᠯᠪᠠᠨ ᠶᠣᠰᠤᠨ ᠤ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠬᠣᠶᠠᠷ ᠤᠯᠤᠰ ᠤᠨ ᠲᠥᠷᠦ ᠢᠢᠨ ᠲᠡᠷᠢᠭᠦᠨ ‍ᠦ ᠬᠢᠭ᠍ᠰᠡᠨ ᠠᠯᠪᠠᠨ ᠶᠣᠰᠤᠨ ᠤ ᠬᠡᠯᠡᠯᠴᠡᠭᠡᠨ ‍ᠦ ᠦᠷ ᠡ ᠳ᠋ᠦᠩ ‍ᠦᠨ ᠲᠠᠯ ᠠ ᠪᠠᠷ ᠮᠣᠩᠭ᠋ᠤᠯ ᠤᠯᠤᠰ ᠤᠨ ᠶᠡᠷᠦᠩᠬᠡᠢᠢᠯᠡᠭᠴᠢ ᠤ‍ᠬᠤᠨ᠎ᠠ ᠢᠢᠨ ᠬᠦᠷᠡᠯᠰᠦ᠋ᠬᠡ ᠬᠡᠪᠯᠡᠯ ᠮᠡᠳᠡᠭᠡᠯᠡᠯ ‍ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠢ ᠬᠦᠷᠭᠡᠵᠦ ᠪᠠᠢᠢᠨ᠎ᠠ᠃

ᠮᠣᠩᠭ᠋ᠤᠯ ᠤᠯᠤᠰ ᠤᠨ ᠶᠡᠷᠦᠩᠬᠡᠢᠢᠯᠡᠭᠴᠢ ᠤ‍᠂ ᠬᠦᠷᠡᠯᠰᠦ᠋ᠬᠡ᠄

ᠡᠷᠬᠢᠮ ᠬᠦᠨᠳᠦᠲᠦ ᠸᠯᠠ᠊ᠳᠢᠮᠢᠷ ᠸᠯᠠᠳᠢᠮᠢᠷᠣᠸᠢᠴ᠂

ᠡ᠊ᠨᠳᠡ ᠴᠤᠭᠯᠠᠷᠠᠭᠰᠠᠨ ᠬᠡᠪᠯᠡᠯ ‍ᠦᠨ ᠲᠥᠯᠦᠭᠡᠯᠡᠭᠴᠢᠳ᠂ ᠡᠷᠬᠢᠮ ᠬᠦᠨᠳᠦᠲᠦ ᠵᠣᠴᠢᠳ ᠠ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠳᠡᠪᠰᠢᠭᠦᠯᠦᠶ᠎ᠡ᠃

ᠬᠠᠯᠬ ᠠ ᠭᠣᠣᠯ ᠤᠨ ᠪᠠᠢᠢᠯᠳᠤᠭᠠᠨ ᠳᠤ ᠬᠠᠮᠲᠤ ᠢᠢᠨ ᠢᠯᠠᠯᠲᠠ ᠪᠠᠢᠢᠭᠤᠯᠤᠭᠰᠠᠨ ᠤ ᠲᠡᠦᠬᠡᠲᠦ 85 ᠵᠢᠯ ‍ᠦᠨ ᠣᠢ᠂ ᠮᠣᠩᠭ᠋ᠤᠯ᠂ ᠣᠷᠤᠰ ᠤᠨ ᠨᠠᠢᠢᠷᠠᠮᠳᠠᠯ ᠤᠨ ᠪᠡᠯᠭᠡ ᠲᠡᠮᠳᠡᠭ ᠪᠣᠯᠤᠭᠰᠠᠨ《ᠤᠯᠠᠭᠠᠨᠪᠠᠭᠠᠲᠤᠷ ᠲᠡᠮᠦᠷ ᠵᠠᠮ》ᠬᠤᠪᠢ ᠨᠡᠢᠢᠯᠡᠭᠦᠯᠦᠭᠰᠠᠨ ᠨᠡᠢᠢᠭᠡᠨᠯᠢᠭ᠌ ᠡᠭᠦᠰᠦᠨ ᠪᠠᠢᠢᠭᠤᠯᠤᠭᠳᠠᠭᠰᠠᠨ ᠤ 75 ᠵᠢᠯ ‍ᠦᠨ ᠣᠢ ᠪᠣᠯᠤᠨ ᠮᠣᠩᠭ᠋ᠤᠯ ᠤᠯᠤᠰ᠂ ᠣᠷᠤᠰ ᠤᠨ ᠬᠣᠯᠪᠤᠭᠠᠨ ᠤ ᠤᠯᠤᠰ ᠤᠨ ᠬᠣᠭᠤᠷᠤᠨᠳᠤ ᠳ᠋ᠢᠫᠯᠣᠮᠠᠲ᠋ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 100 ᠵᠢᠯ ‍ᠦᠨ ᠣᠶ ᠢᠢᠨ ᠬᠦᠷᠢᠶᠡᠨ ᠳᠥ ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊ᠳᠢᠮᠢᠷ ᠸᠯᠠᠳᠢᠮᠢᠷᠣᠸᠢᠴ ᠫᠦᠲ᠋ᠢᠨ ᠮᠠᠨ ᠤ ᠰᠠᠢᠢᠬᠠᠨ ᠣᠷᠤᠨ ᠳᠤ ᠠᠯᠪᠠᠨ ᠶᠣᠰᠤᠨ ᠤ ᠠᠢᠢᠯᠴᠢᠯᠠᠯ ᠬᠢᠵᠦ ᠪᠠᠢᠢᠭᠠᠳ ᠴᠢᠩ ᠰᠡᠳᠬᠢᠯ ‍ᠦᠨ ᠲᠠᠯᠠᠷᠬᠠᠯ ᠢᠯᠡᠷᠬᠡᠢᠢᠯᠡᠶ ᠡ᠃

ᠪᠢᠳᠡ ᠬᠠᠯᠬ ᠠ ᠭᠣᠣᠯ ᠤᠨ ᠪᠠᠢᠢᠯᠳᠤᠭᠠᠨ ᠤ ᠡᠨᠡᠬᠦ ᠲᠡᠦᠬᠡᠨ ᠢᠯᠠᠯᠲᠠ ᠢᠢᠨ ᠪᠠᠶᠠᠷ ᠢ ᠮᠠᠨ ᠤ ᠬᠣᠶᠠᠷ ᠤᠯᠤᠰ ᠤᠨ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ‍ᠦᠨ ᠪᠦᠷᠢᠨ ᠪᠦᠲᠦᠨ ᠪᠠᠢᠢᠳᠠᠯ ᠢ ᠬᠠᠮᠠᠭᠠᠯᠠᠵᠤ ᠬᠠᠯᠠᠭᠤᠨ ᠠᠮᠢ᠂ ᠪᠦᠯᠢᠶᠡᠨ ᠴᠢᠰᠤ ᠪᠠᠨ ᠦᠯᠦ ᠬᠠᠢᠢᠷᠠᠯᠠᠨ ᠪᠠᠭᠠᠲᠤᠷᠯᠢᠭ ᠢᠢᠠᠷ ᠲᠤᠯᠤᠯᠳᠤᠭᠰᠠᠨ ᠴᠡᠷᠢᠭ ᠡᠷᠡᠰ ‍ᠦᠨ ᠢᠢᠡᠨ ᠭᠡᠭᠡᠨ ᠳᠤᠷᠠᠰᠬᠠᠯ ᠢ ᠬᠦᠨᠳᠦᠳᠬᠡᠬᠦ᠂ ᠲᠡᠳᠡᠨ ‍ᠦ ᠡᠬᠡ ᠣᠷᠤᠨᠴᠢ ᠭᠠᠪᠢᠶ ᠠ ᠵᠢᠳᠬᠦᠯ ᠢ ᠬᠣᠢᠢᠴᠢ ᠦᠶ ᠡ ᠳᠡᠭᠡᠨ ᠮᠥᠩᠬᠡᠯᠡᠨ ᠦᠯᠡᠳᠡᠭᠡᠬᠦ᠂ ᠮᠣᠩᠭ᠋ᠤᠯ – ᠣᠷᠤᠰ ᠤᠨ ᠠᠷᠠᠳ ᠲᠥᠮᠡᠨ ‍ᠦ ᠡ᠊ᠩᠬᠡ ᠢᠢᠨ ᠪᠣᠯᠤᠨ ᠬᠦᠭ᠍ᠵᠢᠯ ‍ᠦᠨ ᠲᠥᠯᠦᠭᠡᠬᠢ ᠶᠡᠬᠡ ᠦᠢᠯᠡᠰ ᠢᠢᠡᠷ ᠭᠠᠩᠨᠠᠭᠳᠠᠭᠰᠠᠨ ᠨᠠᠢᠢᠷᠠᠮᠳᠠᠯ᠂ ᠨᠥᠬᠦᠷᠯᠡᠯ ‍ᠢ ᠪᠠᠳᠤᠳᠬᠠᠨ ᠪᠡᠬᠢᠵᠢᠭᠦᠯᠬᠦ ᠵᠣᠷᠢᠯᠭ᠎ᠠ ᠪᠠᠷ ᠣᠨᠴᠤᠭᠤᠢᠢᠯᠠᠨ ᠲᠡᠮᠳᠡᠭᠯᠡᠵᠦ ᠢᠷᠡᠭᠰᠡᠨ ᠲᠡᠦᠬᠡᠨ ᠤᠯᠠᠮᠵᠢᠯᠠᠯ ᠲᠠᠢ ᠪᠢᠯᠡ᠃

ᠮᠥᠩᠬᠡ ᠢᠢᠨ ᠬᠥᠷᠰᠢ ᠮᠠᠨ ᠤ ᠬᠣᠶᠠᠷ ᠣᠷᠤᠨ ᠤ ᠠᠷᠠᠳ ᠲᠦᠮᠡᠨ ‍ᠦ ᠬᠣᠭᠤᠷᠤᠨᠳᠤ ᠲᠣᠭᠲᠠᠭᠰᠠᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠠᠭ ᠬᠤᠭᠤᠴᠠᠭᠠᠨ ᠤ ᠤᠷᠲᠤ ᠳᠤ ᠤᠯᠠᠮ ᠪᠠᠲᠤᠵᠢᠨ ᠪᠠᠬᠢᠵᠢᠬᠦ᠂ ᠰᠢᠨ᠎ᠠ ᠠᠭᠤᠯᠭ᠎ᠠ ᠪᠠᠷ ᠥᠷᠭᠡᠵᠢᠨ ᠬᠥᠭ᠍ᠵᠢᠵᠦ᠂ ᠡᠳᠦᠭᠡ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ‍ᠦᠨ ᠲᠦᠪᠰᠢᠨ ᠳᠥ ᠬᠦᠷᠦᠭᠡᠳ ᠪᠠᠢᠢᠭ᠎ᠠ ᠢᠢ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊ᠳᠢᠮᠢᠷ ᠸᠯᠠᠳᠢᠮᠢᠷᠣᠸᠢᠴ ᠲᠠᠨ ᠤ ᠮᠣᠩᠭ᠋ᠤᠯ ᠤᠯᠤᠰ ᠲᠤ ᠬᠦᠵᠥ ᠪᠤᠢ ᠡᠨᠡ ᠤᠳᠠᠭ᠎ᠠ ᠢᠢᠨ ᠠᠢᠢᠯᠴᠢᠯᠠᠯ ᠨᠢ ᠮᠠᠨ ᠤ ᠬᠣᠶᠠᠷ ᠣᠷᠤᠨ ᠤ ᠨᠠᠢᠢᠷᠰᠠᠭ ᠬᠠᠷᠢᠯᠴᠠᠭ᠎ᠠ᠂ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠵᠢ ᠡᠳ᠋ ‍ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠤᠨ᠂ ᠢᠯᠠᠩᠭ᠋ᠤᠶ ᠠ ᠲᠦᠯᠡᠰᠢ᠂ ᠡᠷᠴᠢᠮ ᠬᠦᠴᠦ᠂ ᠵᠠᠮ ᠲᠡᠭᠡᠭᠡᠪᠦᠷᠢ᠂ ᠪᠠᠢᠢᠭᠠᠯᠢ ᠣᠷᠴᠢᠨ᠂ ᠰᠣᠶᠤᠯ᠂ ᠪᠣᠯᠪᠠᠰᠤᠷᠠᠯ᠂ ᠡᠷᠡᠭᠦᠯ ᠮᠡᠨᠳᠦ᠂ ᠬᠦᠮᠦᠨᠯᠢᠭ ‍ᠦᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠤᠷᠤᠭᠰᠢᠯᠠᠭᠤᠯᠤᠨ ᠬᠥᠭ᠍ᠵᠢᠭᠦᠯᠬᠦ ᠳᠥ ᠥᠨᠳᠦᠷ ᠠᠴᠢ ᠬᠣᠯᠪᠤᠭᠳᠠᠯ ᠲᠠᠢ ᠦᠢᠯᠡ ᠶᠠᠪᠤᠳᠠᠯ ᠪᠣᠯᠵᠤ ᠪᠠᠢᠢᠨ᠎ᠠ᠃

ᠮᠥᠨ ᠠᠢᠢᠯᠴᠢᠯᠠᠯ ᠤᠨ ᠬᠦᠷᠢᠶᠡᠨ ᠳᠥ ᠲᠠ ᠪᠢᠳᠡ ᠬᠣᠶᠠᠷ ᠣᠷᠤᠨ ᠤ ᠪᠣᠯᠤᠨ ᠪᠦᠰᠡ ᠨᠤᠲᠤᠭ᠂ ᠣᠯᠠᠨ ᠤᠯᠤᠰ ᠤᠨ ᠡᠮᠦᠨ᠎ᠡ ᠲᠤᠯᠭᠠᠮᠳᠠᠵᠤ ᠪᠤᠢ ᠠᠰᠠᠭᠤᠳᠠᠯ ᠤᠳ ᠢᠢᠠᠷ ᠰᠠᠨᠠᠯ ᠪᠣᠳᠤᠯ ᠢᠢᠠᠨ ᠰᠣᠯᠢᠯᠴᠠᠵᠤ᠂ ᠥᠪᠡᠷᠰᠡᠳ ‍ᠦᠨ ᠪᠠᠢᠢᠷᠢ ᠰᠠᠭᠤᠷᠢ ᠢᠢᠨ ᠲᠠᠯ ᠠ ᠪᠠᠷ ᠬᠠᠷᠢᠯᠴᠠᠨ ᠶᠠᠷᠢᠯᠴᠠᠯ ᠠ᠃

ᠪᠢᠳᠡᠨ ‍ᠦ ᠶᠠᠷᠢᠶ ᠠ ᠬᠡᠯᠡᠯᠴᠡᠭᠡᠨ ‍ᠦ ᠦᠷ ᠡ ᠳ᠋ᠦᠩ ᠳᠥ 《ᠭᠠᠵᠠᠷ ᠤᠨ ᠲᠣᠰᠤᠨ ᠤ ᠪᠦᠲᠦᠭᠡᠭ᠍ᠳᠡᠬᠦᠨ ᠨᠡᠢᠢᠯᠡᠭᠦᠯᠬᠦ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ》᠂  《ᠤᠯᠠᠭᠠᠨᠪᠠᠭᠠᠲᠤᠷ ᠬᠣᠲᠠ ᠢᠢᠨ ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ ᠢᠢᠨ ᠥᠷᠭᠡᠳᠬᠡᠯ᠂ ᠰᠢᠨᠡᠴᠢᠯᠡᠯ ‍ᠦᠨ ᠲᠥᠰᠦᠯ ‍ᠦᠨ ᠵᠢᠷᠤᠭ ᠲᠥᠰᠦᠯ᠂ ᠲᠥᠰᠦᠪ ᠪᠣᠯᠪᠠᠰᠤᠷᠠᠭᠤᠯᠬᠤ ᠲᠤᠬᠠᠢ》ᠮᠣᠩᠭ᠋ᠤᠯ ᠤᠯᠤᠰ ᠤᠨ ᠵᠠᠰᠠᠭ ᠤᠨ ᠭᠠᠵᠠᠷ᠂ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠲᠥ ᠭᠠᠷ ᠤᠨ ᠦᠰᠦᠭ ᠵᠢᠷᠤᠯ ᠠ᠃

ᠮᠥᠨ ᠣᠯᠠᠨ ᠵᠢᠯ ᠶᠠᠷᠢᠭᠳᠠᠭᠰᠠᠨ ᠡᠭ ‍ᠦᠨ ᠭᠣᠣᠯ ᠤᠨ ᠤᠰᠤᠨ ᠴᠠᠬᠢᠯᠭᠠᠨ ᠰᠲ᠋ᠠᠨ᠋ᠼᠢ ᠢᠢᠨ ᠲᠥᠰᠦᠯ ᠢ ᠣᠨᠴᠤᠭᠤᠢᠢᠯᠠᠨ ᠠᠩᠬᠠᠷᠴᠤ᠂ 《ᠪᠠᠢᠢᠭᠠᠯ ᠨᠠᠭᠤᠷ᠂ ᠰᠡᠯᠡᠩᠭᠡ ᠮᠥᠷᠡᠨ ᠢ ᠬᠠᠮᠠᠭᠠᠯᠠᠬᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ》ᠰᠠᠨᠠᠮᠵᠢ ᠪᠢᠴᠢᠭ᠌᠂ ᠮᠣᠩᠭ᠋ᠤᠯ᠂ ᠣᠷᠤᠰ ᠤᠨ ᠬᠤᠪᠢ ᠨᠡᠢᠢᠯᠡᠭᠦᠯᠦᠭᠰᠠᠨ  《ᠤᠯᠠᠭᠠᠨᠪᠠᠭᠠᠲᠤᠷ ᠲᠡᠮᠦᠷ ᠵᠠᠮ》ᠨᠡᠢᠢᠭᠡᠨᠯᠢᠭ᠌ ‍ᠦᠨ ᠳᠦᠷᠢᠮ ᠳᠥ ᠦᠭᠡᠷᠡᠴᠢᠯᠡᠯᠲᠡ ᠣᠷᠤᠭᠤᠯᠬᠤ ᠲᠤᠬᠠᠢ ᠫᠷᠣᠲ᠋ᠣᠻᠣᠯ ᠪᠠᠢᠢᠭᠤᠯᠤᠯ ᠠ᠃

ᠡᠢᠢᠨ ᠬᠦ 《ᠡᠭ ‍ᠦᠨ ᠭᠣᠣᠯ ᠤᠨ ᠤᠰᠤᠨ ᠴᠠᠬᠢᠯᠭᠠᠨ ᠰᠲ᠋ᠠᠨ᠋ᠼᠢ》  ᠢᠢ ᠪᠠᠷᠢᠬᠤ ᠠᠵᠢᠯ ᠬᠣᠶᠠᠷ ᠲᠠᠯ ᠠ ᠢᠢᠨ ᠬᠦᠴᠦᠨ ᠴᠢᠷᠮᠠᠢᠢᠯᠲᠠ ᠢᠢᠨ ᠦᠷ ᠡ ᠳ᠋ᠦᠩ ᠳᠥ ᠤᠷᠤᠭᠰᠢᠯᠠᠬᠤ ᠪᠣᠯᠤᠭᠰᠠᠨ ᠳᠤ ᠪᠠᠶᠠᠷᠲᠠᠢ ᠪᠠᠢᠢᠨ᠎ᠠ᠃

ᠣᠷᠤᠰ ᠤᠨ ᠬᠣᠯᠪᠤᠭᠠᠨ ᠤ ᠤᠯᠤᠰ ᠨᠢ ᠮᠠᠨ ᠤ ᠤᠯᠤᠰ ᠤᠨ ᠭᠠᠳᠠᠭᠠᠳᠤ ᠬᠤᠳᠠᠯᠳᠤᠭᠠᠨ ᠤ ᠲᠣᠮᠤᠬᠠᠨ ᠲᠦᠩᠰᠢ ᠪᠥᠭᠡᠳ ᠮᠣᠩᠭ᠋ᠤᠯ᠂ ᠣᠷᠤᠰ ᠤᠨ ᠬᠤᠳᠠᠯᠳᠤᠭᠠᠨ ᠤ ᠨᠡᠢᠢᠲᠡ ᠡᠷᠭᠢᠯᠲᠡ ᠰᠡᠭᠦᠯ ‍ᠦᠨ ᠵᠢᠯ ‍ᠦᠳ ᠲᠥ ᠨᠡᠮᠡᠭᠳᠡᠵᠦ ᠪᠠᠢᠢᠭ᠎ᠠ ᠬᠡᠳᠦᠢ ᠴᠦ ᠬᠤᠳᠠᠯᠳᠤᠭᠠᠨ ᠤ ᠪᠠᠯᠠᠨ᠋ᠰ ᠲᠡᠩᠴᠡᠪᠦᠷᠢ ᠦᠭᠡᠢ ᠪᠠᠢᠢᠭ᠎ᠠ ᠢᠢ ᠦᠭᠡᠷᠡᠴᠢᠯᠡᠬᠦ ᠲᠠᠯ ᠠ ᠪᠠᠷ ᠲᠣᠳᠤᠷᠬᠠᠢ ᠠᠷᠭ᠎ᠠ ᠬᠡᠮᠵᠢᠶ ᠡ ᠠᠪᠴᠤ ᠬᠡᠷᠡᠭᠵᠢᠭᠦᠯᠦᠭ᠍ᠰᠡᠨ ‍ᠦ ᠦᠷ ᠡ ᠳ᠋ᠦᠩ ᠳᠥ ᠮᠣᠩᠭ᠋ᠤᠯ ᠤᠯᠤᠰ᠂ ᠧᠦ᠋ᠷᠠᠽᠢ ᠢᠢᠨ ᠡᠳ᠋ ‍ᠦᠨ ᠵᠠᠰᠠᠭ ᠤᠨ ᠬᠣᠯᠪᠤᠭ᠎ᠠ ᠬᠣᠭᠤᠷᠤᠨᠳᠤ ᠴᠢᠯᠦᠭᠡᠲᠦ ᠬᠤᠳᠠᠯᠳᠤᠭᠠᠨ ᠤ ᠲᠦᠷ ᠬᠡᠯᠡᠯᠴᠡᠭᠡᠷ ᠪᠠᠢᠢᠭᠤᠯᠬᠤ ᠪᠠᠷ ᠲᠣᠬᠢᠷᠠᠯᠴᠠᠭᠰᠠᠨ᠃

ᠡᠨᠡ ᠬᠡᠯᠡᠯᠴᠡᠭᠡᠷ ᠨᠢ ᠮᠠᠨ ᠤ ᠬᠣᠶᠠᠷ ᠤᠯᠤᠰ ᠤᠨ ᠬᠤᠳᠠᠯᠳᠤᠭᠠᠨ ᠤ ᠡᠷᠬᠡ ᠵᠦᠢ ᠢᠢᠨ ᠣᠷᠴᠢᠨ ᠢ ᠰᠠᠢᠢᠵᠢᠷᠠᠭᠤᠯᠵᠤ᠂ ᠡᠳ᠋ ‍ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠦᠷᠭᠡᠵᠢᠭᠦᠯᠬᠦ ᠪᠣᠳᠠᠲᠤ ᠰᠢᠨ᠎ᠠ ᠪᠣᠯᠤᠮᠵᠢ ᠢᠢ ᠪᠤᠢ ᠪᠣᠯᠭᠠᠨ᠎ᠠ ᠬᠡᠮᠡᠨ ᠦᠵᠡᠵᠦ ᠪᠠᠢᠢᠨ᠎ᠠ᠃ ᠴᠢᠯᠦᠭᠡᠲᠦ ᠬᠤᠳᠠᠯᠳᠤᠭᠠᠨ ᠤ ᠲᠦᠷ ᠬᠡᠯᠡᠯᠴᠡᠭᠡᠷ ᠢ ᠡᠨᠡ ᠣᠨ ᠳᠠᠭᠠᠨ ᠪᠠᠭᠲᠠᠭᠠᠨ ᠪᠠᠢᠢᠭᠤᠯᠬᠤ ᠪᠠᠷ ᠬᠣᠶᠠᠷ ᠲᠠᠯ ᠠ ᠠᠵᠢᠯᠯᠠᠵᠤ ᠪᠠᠢᠢᠭ᠎ᠠ ᠢᠢ ᠰᠠᠢᠢᠰᠢᠶᠠᠵᠤ ᠪᠠᠢᠢᠨ᠎ᠠ᠃

ᠡᠨᠡᠬᠦ ᠬᠡᠯᠡᠯᠴᠡᠭᠡᠷ ‍ᠦᠨ ᠦᠷ ᠡ ᠳ᠋ᠦᠩ ᠳᠥ ᠮᠣᠩᠭ᠋ᠤᠯ ᠣᠯᠤᠰ ᠠᠴᠠ ᠧᠦ᠋ᠷᠠᠽᠢ ᠢᠢᠨ ᠡᠳ᠋ ‍ᠦᠨ ᠵᠠᠰᠠᠭ ᠤᠨ ᠬᠣᠯᠪᠤᠭᠠᠨ ᠤ ᠭᠡᠰᠢᠭᠦᠨ ᠣᠷᠤᠨ ᠨᠤᠭᠤᠳ ᠲᠤ ᠭᠠᠷᠭᠠᠬᠤ ᠮᠠᠯ ᠠᠵᠤ ᠠᠬᠤᠢ ᠢᠢᠨ ᠭᠠᠷᠤᠯ ᠲᠠᠢ 375 ᠨᠡᠷ ᠡ ᠲᠥᠷᠦᠯ ‍ᠦᠨ ᠪᠠᠷᠠᠭ᠎ᠠ ᠪᠦᠲᠦᠭᠡᠭ᠍ᠳᠡᠬᠦᠨ ᠢᠮᠫᠣᠷᠲ᠋ ᠤᠨ ᠲᠠᠲᠠᠪᠤᠷᠢ ᠠᠴᠠ ᠪᠦᠷᠢᠨ ᠴᠢᠯᠦᠭᠡᠯᠡᠭ᠍ᠳᠡᠬᠦ ᠪᠣᠯᠤᠨ᠎ᠠ᠃

ᠡᠨᠡ ᠨᠢ ᠮᠠᠨ ᠤ ᠬᠦᠳᠡᠭᠡ ᠠᠵᠤ ᠠᠬᠤᠢ ᠢᠢᠨ ᠰᠠᠯᠪᠤᠷᠢ ᠪᠣᠯᠤᠨ ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠳᠥ ᠶᠡᠬᠡᠬᠡᠨ ᠳᠡᠮᠵᠢᠯᠭᠡ ᠦᠵᠡᠭᠦᠯᠬᠦ ᠲᠡᠳᠦᠢ ᠦᠭᠡᠢ ᠬᠤᠳᠠᠯᠳᠤᠭ᠎ᠠ᠂ ᠬᠥᠷᠦᠩᠭᠡ ᠣᠷᠤᠭᠤᠯᠤᠯᠲᠠ᠂ ᠪᠢᠽᠢᠨᠧᠰ ‍ᠦᠨ ᠣᠷᠴᠢᠨ ᠳᠤ ᠰᠢᠨ᠎ᠠ ᠪᠣᠯᠤᠮᠵᠢ ᠨᠤᠭᠤᠳ ᠢ ᠨᠡᠭᠡᠭᠡᠬᠦ ᠶᠤᠮ᠃

ᠮᠥᠨ ᠠᠭᠤᠯᠵᠠᠯᠲᠠ᠂ ᠬᠡᠯᠡᠯᠴᠡᠭᠡᠨ ‍ᠦ ᠦᠶ ᠡ ᠪᠡᠷ ᠲᠠᠯ ᠠ ᠨᠤᠭᠤᠳ 《ᠮᠣᠩᠭ᠋ᠤᠯ᠂ ᠣᠷᠤᠰ᠂ ᠬᠢᠲᠠᠳ ᠤᠨ ᠡᠳ᠋ ‍ᠦᠨ ᠵᠠᠰᠠᠭ ᠤᠨ ᠻᠣᠷᠢᠳᠣᠷ ᠪᠠᠢᠢᠭᠤᠯᠬᠤ ᠬᠥᠲᠦᠯᠪᠦᠷᠢ》 ᠲᠥ ᠲᠤᠰᠬᠠᠭᠳᠠᠭᠰᠠᠨ ᠲᠥᠰᠦᠯ ‍ᠦᠳ ᠢ ᠥᠨᠦ ᠴᠠᠭ ᠦᠶ ᠡ ᠢᠢᠨ ᠬᠡᠷᠡᠭᠴᠡᠭᠡ᠂ ᠱᠠᠭᠠᠷᠳᠠᠯᠭ᠎ᠠ ᠳᠤ ᠨᠡᠢᠢᠴᠡᠭᠦᠯᠦᠨ ᠰᠢᠨᠡᠴᠢᠯᠡᠵᠦ᠂ ᠡᠷᠴᠢᠮᠵᠢᠭᠦᠯᠬᠦ ᠪᠡᠷ ᠰᠠᠨᠠᠯ ᠨᠢᠭᠡᠳᠦᠯ ᠡ᠃

ᠡᠨᠡ ᠨᠢ ᠮᠠᠨ ᠤ ᠤᠯᠤᠰ ᠤᠨ ᠲᠷᠠᠨ᠋ᠽᠢᠲ᠋ ᠲᠡᠭᠡᠭᠡᠪᠦᠷᠢ ᠢᠢᠨ ᠥᠪᠡᠷᠮᠢᠴᠡ ᠪᠣᠯᠤᠮᠵᠢ᠂ ᠴᠢᠳᠠᠪᠬᠢ ᠢᠢ ᠳᠡᠭᠡᠳᠦ ᠵᠡᠷᠭᠡ ᠪᠡᠷ ᠨᠡᠮᠡᠭ᠍ᠳᠡᠭᠦᠯᠬᠦ ᠢᠢᠨ ᠵᠡᠷᠭᠡᠴᠡᠭᠡ ᠣᠷᠤᠰ ᠤᠨ ᠬᠣᠯᠪᠤᠭᠠᠨ ᠤ ᠤᠯᠤᠰ ᠤᠨ 《ᠶᠡᠬᠡ ᠧᠦ᠋ᠷᠠᠽᠢ ᠢᠢᠨ ᠰᠠᠨᠠᠭᠠᠴᠢᠯᠠᠭ᠎ᠠ》᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ 《ᠪᠦᠰᠡ ᠪᠠ ᠵᠠᠮ》ᠰᠠᠨᠠᠭᠠᠴᠢᠯᠭ᠎ᠠ ᠪᠣᠯᠤᠨ ᠮᠣᠩᠭ᠋ᠤᠯ ᠤᠯᠤᠰ ᠤᠨ 《ᠲᠠᠯ ᠠ ᠢᠢᠨ ᠵᠠᠮ ᠬᠥᠳᠦᠯᠪᠦᠷᠢ》 ᠢᠢᠨ ᠬᠦᠷᠢᠶᠡᠨ ᠳᠥ ᠭᠤᠷᠪᠠᠨ ᠤᠯᠤᠯᠰ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠦᠨ ᠬᠥᠭ᠍ᠵᠢᠭᠦᠯᠬᠦ ᠨᠥᠬᠦᠴᠡᠯ ᠪᠣᠯᠤᠮᠵᠢ ᠢᠢ ᠪᠦᠷᠢᠳᠦᠭᠦᠯᠬᠦ ᠶᠤᠮ᠃

ᠮᠠᠨ ᠤ ᠤᠯᠤᠰ ᠤᠨ ᠣᠶᠤᠲᠠᠨ ᠵᠠᠯᠠᠭᠤᠰ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠪᠡᠷ ᠶᠡᠬᠡ᠂ ᠳᠡᠭᠡᠳᠦ ᠰᠤᠷᠭᠠᠭᠤᠯᠢ ᠳᠤ ᠰᠤᠷᠠᠯᠴᠠᠬᠤ ᠪᠣᠯᠤᠮᠵᠢ ᠢᠢ ᠨᠡᠮᠡᠭᠳᠡᠭᠦᠯᠬᠦ ᠲᠠᠯ ᠠ ᠪᠠᠷ ᠰᠠᠨᠠᠭᠠᠴᠢᠯᠠᠭ᠎ᠠ ᠭᠠᠷᠭᠠᠵᠤ ᠪᠠᠢᠢᠭᠠᠳ ᠲᠠᠯᠠᠷᠬᠠᠯ ᠢᠯᠡᠷᠭᠡᠢᠢᠯᠡᠪᠡ᠃

ᠮᠣᠩᠭ᠋ᠤᠯ ᠤᠯᠤᠰ ᠡ᠊ᠩᠬᠡ ᠢᠢ ᠡᠷᠬᠢᠮᠯᠡᠭᠰᠡᠨ᠂ ᠪᠡᠶ ᠡ ᠳᠠᠭᠠᠭᠠᠭᠰᠠᠨ᠂ ᠨᠡᠭᠡᠭᠡᠯᠲᠡᠲᠡᠢ᠂ ᠣᠯᠠᠨ ᠲᠤᠯᠭᠠᠭᠤᠷᠢᠲᠤ ᠭᠠᠳᠠᠭᠠᠳᠤ ᠪᠤᠳᠤᠯᠭ᠎ᠠ ᠢᠢᠨ ᠢᠢᠠᠨ ᠬᠦᠷᠢᠶᠡᠨ ᠳᠥ ᠬᠥᠷᠰᠢ ᠮᠣᠩᠭ᠋ᠤᠯ ᠤᠯᠤᠰ ᠲᠠᠢ ᠬᠠᠮᠲᠤ ᠢᠢᠨ ᠠᠵᠢᠯᠯᠠᠭ᠎ᠠ ᠪᠠᠨ ᠤᠯᠠᠮ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠨ᠎ᠠ᠃

ᠪᠢᠳᠡ ᠠᠯᠢᠪᠠ ᠤᠯᠤᠰ ᠣᠷᠤᠨ ᠤ ᠲᠡᠦᠬᠡ᠂ ᠰᠣᠶᠤᠯ᠂ ᠰᠣᠶᠤᠯ ᠢᠷᠭᠡᠨᠰᠢᠯ᠂ ᠦᠨᠳᠦᠰᠦᠨ ‍ᠦ ᠢᠵᠠᠭᠤᠷ ᠡᠷᠬᠡ ᠠᠰᠢᠭ᠂ ᠬᠥᠭ᠍ᠵᠢᠯ ‍ᠦᠨ ᠵᠠᠮᠨᠠᠯ ᠠᠴᠠ ᠡᠭᠦᠳᠦᠯ ᠲᠡᠢ ᠣᠯᠠᠨ ᠤᠷᠭᠠᠯᠴᠢ ᠦᠵᠡᠯ ᠢ ᠬᠦᠨᠳᠦᠳᠬᠡᠨ ᠦᠵᠡᠵᠦ᠂ ᠣᠯᠠᠨ ᠤᠯᠤᠰ ᠤᠨ ᠬᠠᠷᠢᠯᠴᠠᠭ᠎ᠠ ᠢᠢ ᠣᠯᠠᠨ ᠲᠤᠯᠭᠠᠭᠤᠷᠢᠲᠤ ᠵᠠᠷᠴᠢᠮ ᠢᠢᠠᠷ ᠴᠤᠭᠴᠠᠯᠠᠭᠠᠬᠤ ᠢᠢ ᠡᠷᠡᠮᠡᠯᠵᠡᠳᠡᠭ᠃

ᠪᠢᠳᠡ ᠳᠡᠯᠡᠬᠡᠢ ᠢᠢᠨ ᠦᠢᠯᠡ ᠬᠡᠷᠡᠭ ᠳᠡᠬᠢ ᠨᠢᠭᠡᠳᠦᠭ᠍ᠰᠡᠨ ᠦᠨᠳᠦᠰᠦᠨ ‍ᠦ ᠪᠠᠢᠢᠭᠤᠯᠤᠯᠭ᠎ᠠ ᠢᠢᠨ ᠭᠣᠣᠯᠯᠠᠬᠤ ᠡᠭᠦᠷᠭᠡ᠂ ᠵᠣᠬᠢᠴᠠᠭᠤᠯᠤᠯᠲᠠ ᠢᠢ ᠤᠯᠠᠮ ᠪᠦᠷᠢ ᠪᠡᠬᠢᠵᠢᠭᠦᠯᠬᠦ ᠢᠢ ᠲᠤᠭᠤᠰᠢᠲᠠᠢ ᠳᠡᠮᠵᠢᠵᠦ ᠪᠠᠢᠢᠨ᠎ᠠ᠃

ᠲᠡᠢᠢᠮᠦ ᠡᠴᠡ ᠮᠠᠨ ᠤ ᠤᠯᠤᠰ ᠣᠯᠠᠨ ᠤᠯᠤᠰ ᠤᠨ ᠠᠯᠢᠪᠠ ᠬᠦᠨᠳᠦᠯᠡᠯ᠂ ᠶᠠᠷᠢᠶ ᠠ ᠬᠡᠯᠡᠯᠴᠡᠭᠡᠨ ‍ᠦ ᠵᠠᠮ ᠢᠢᠠᠷ ᠳᠠᠪᠠᠨ ᠲᠤᠭᠤᠯᠵᠤ᠂ ᠣᠯᠠᠨ ᠤᠯᠤᠰ ᠤᠨ ᠡᠷᠬᠡ ᠵᠦᠢ ᠢᠢᠨ ᠬᠡᠮ ᠬᠡᠮᠵᠢᠶᠡᠨ ‍ᠦ ᠬᠦᠷᠢᠶᠡᠨ ᠳᠥ ᠰᠢᠢᠳᠪᠦᠷᠢᠯᠡᠬᠦ ᠶᠣᠰᠤᠲᠠᠢ ᠭᠡᠵᠦ ᠦᠵᠡᠳᠡᠭ᠃

ᠡᠢᠢᠮᠤ ᠳᠥ ᠮᠠᠨ ᠤ ᠮᠥᠩᠬᠡ ᠢᠢᠨ ᠬᠥᠷᠰᠢ ᠣᠷᠤᠰ ᠤᠨ ᠬᠣᠯᠪᠤᠭᠠᠨ ᠤ ᠤᠯᠤᠰ ᠨᠢ ᠳᠠᠶᠠᠩ ᠳᠡᠯᠡᠬᠡᠢ ᠢᠢᠨ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢᠲᠠᠢ ᠬᠥᠭ᠍ᠵᠢᠯ᠂ ᠬᠦᠮᠦᠨ ᠲᠥᠷᠦᠯᠬᠢᠲᠡᠨ ‍ᠦ ᠰᠠᠢᠢᠨ ᠰᠠᠢᠢᠬᠠᠨ ᠤ ᠲᠥᠯᠦᠭᠡᠬᠢ ᠶᠡᠬᠡ ᠦᠢᠯᠡᠰ ᠲᠥ ᠮᠠᠩᠯᠠᠢᠢᠯᠠᠯ ᠦᠵᠡᠭᠦᠯᠦᠨ᠂ ᠳᠡᠯᠡᠬᠡᠢ ᠢᠢᠨ ᠤᠯᠤᠰ ᠣᠷᠤᠨ ᠨᠤᠭᠤᠳ ᠤᠨ ᠢᠲᠡᠭᠡᠯᠴᠡᠯ᠂ ᠬᠠᠷᠢᠯᠴᠠᠨ ᠬᠦᠨᠳᠦᠳᠬᠡᠯ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠨ᠎ᠠ ᠭᠡᠳᠡᠭ ᠲᠦ ᠢᠳᠡᠭᠡᠯ ᠲᠡᠭᠦᠰ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠲᠠᠨ ᠤ ᠡᠨᠡ ᠤᠳᠠᠭ᠎ᠠ ᠢᠢᠨ ᠮᠣᠩᠭ᠋ᠤᠯ ᠤᠯᠤᠰ ᠲᠤ ᠬᠢᠵᠦ ᠪᠤᠢ ᠠᠢᠢᠯᠴᠢᠯᠠᠯ ᠨᠢ ᠮᠠᠨ ᠤ ᠬᠣᠶᠠᠷ ᠣᠷᠤᠨ ᠤ ᠲᠡᠦᠬᠡᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠪᠠᠲᠤᠳᠬᠠᠨ ᠪᠡᠬᠢᠵᠢᠭᠦᠯᠵᠦ᠂ ᠬᠣᠶᠠᠷ ᠤᠯᠤᠰ ᠤᠨ ᠡᠳ᠋ ‍ᠦᠨ ᠵᠠᠰᠠᠭ ᠤᠨ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠦᠭ᠍ᠵᠢᠭᠦᠯᠬᠦ ᠳᠥ ᠴᠢᠬᠤᠯᠠ ᠠᠯᠬᠤᠮ ᠪᠣᠯᠤᠯ ᠠ᠃

ᠡᠷᠬᠢᠮ ᠬᠦᠨᠳᠦᠲᠦ ᠸᠯᠠ᠊ᠳᠢᠮᠢᠷ ᠸᠯᠠᠳᠢᠮᠢᠷᠣᠸᠢᠴ ᠲᠠᠨ ᠢ ᠪᠣᠯᠤᠨ ᠡᠷᠬᠦᠮ ᠬᠦᠨᠳᠦᠲᠦ ᠵᠣᠴᠢᠳ ᠲᠥᠯᠦᠭᠡᠯᠡᠭᠴᠢᠳ ᠲᠠ ᠪᠦᠬᠦᠨ ᠢ ᠥᠨᠢ ᠡᠷᠲᠡᠨ ‍ᠦ ᠲᠡᠦᠬᠡ ᠲᠡᠢ᠂ ᠮᠥᠩᠬᠡ ᠬᠥᠬᠡ ᠲᠡᠭᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠠᠪᠠᠲᠠᠢ ᠰᠠᠢᠢᠬᠠᠨ ᠮᠣᠷᠢᠯᠠᠬᠤ ᠢᠢ ᠬᠦᠰᠡᠢ ᠡ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ ᠠ᠃