ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊ᠳᠢᠮᠢᠷ ᠸᠯᠠᠳᠢᠮᠢᠷᠣᠸᠢᠴ ᠫᠦᠲ᠋ᠢᠨ ᠤ ᠮᠣᠩᠭ᠋ᠤᠯ ᠤᠯᠤᠰ ᠲᠤ ᠬᠢᠵᠦ ᠪᠤᠢ ᠠᠯᠪᠠᠨ ᠶᠣᠰᠤᠨ ᠤ ᠠᠢᠢᠯᠴᠢᠯᠠᠯ ᠦᠷᠭᠦᠯᠵᠢᠯᠡᠵᠦ ᠪᠠᠢᠢᠨ᠎ᠠ᠃ ᠠᠢᠢᠯᠴᠢᠯᠠᠯ ᠤᠨ ᠬᠦᠷᠢᠶᠡᠨ ᠳᠥ ᠲᠠᠯ ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ ᠠ᠃
ᠡᠬᠦᠨ ᠳᠥ᠄
1. 《ᠮᠣᠩᠭ᠋ᠤᠯ ᠤᠯᠤᠰ ᠤᠨ ᠤᠯᠠᠭᠠᠨᠪᠠᠭᠠᠲᠤᠷ ᠬᠣᠲᠠ ᠢᠢᠨ ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ ᠢᠢᠨ ᠥᠷᠭᠡᠳᠬᠡᠯ᠂ ᠰᠢᠨᠡᠴᠢᠯᠡᠯ ᠦᠨ ᠵᠢᠷᠤᠭ ᠲᠥᠰᠦᠯ ᠪᠣᠯᠪᠠᠰᠤᠷᠠᠭᠤᠯᠬᠤ ᠲᠤᠬᠠᠢ ᠮᠣᠩᠭ᠋ᠤᠯ ᠤᠯᠤᠰ ᠤᠨ ᠵᠠᠰᠠᠭ ᠤᠨ ᠭᠠᠵᠠᠷ᠂ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ》 ᠲᠥ
ᠡᠷᠴᠢᠮ ᠬᠦᠴᠦᠨ ᠦ ᠰᠠᠢᠢᠳ ᠪᠠ᠊᠂ ᠴᠣᠢᠢᠵᠠᠯᠰᠦ᠋ᠷᠦᠩ᠂ ᠣᠷᠤᠰ ᠤᠨ ᠬᠣᠯᠪᠤᠭᠠᠨ ᠤ ᠤᠯᠤᠰ ᠤᠨ ᠡᠷᠴᠢᠮ ᠬᠦᠴᠦᠨ ᠦ ᠰᠠᠢᠢᠳ ᠰ᠊᠂ ᠶᠧ᠂ ᠼᠢᠸᠢᠯᠧᠸ ᠨᠠᠷ ᠭᠠᠷ ᠤᠨ ᠦᠰᠦᠭ ᠵᠢᠷᠤᠯ ᠠ᠃
ᠤᠯᠠᠭᠠᠨᠪᠠᠭᠠᠲᠤᠷ ᠬᠣᠲᠠ ᠢᠢᠨ ᠳᠤᠯᠠᠭᠠᠨ ᠬᠠᠩᠭ᠋ᠠᠮᠵᠢ ᠢᠢᠨ ᠬᠡᠷᠡᠭᠯᠡᠭᠡᠨ ᠦ 32 ᠬᠤᠪᠢ ᠢᠢ ᠬᠠᠩᠭ᠋ᠠᠳᠠᠭ ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ ᠢᠢᠨ ᠥᠨᠳᠦᠷ ᠳᠠᠷᠤᠯᠲᠠ ᠢᠢᠨ ᠬᠡᠰᠡᠭ ᠢ 50 МВт ᠤᠨ ᠪᠯᠣᠻ ᠰᠲ᠋ᠠᠨ᠋ᠼᠢ ᠪᠠᠷ ᠥᠷᠭᠡᠳᠬᠡᠬᠦ᠂ ᠳᠤᠮᠳᠠ ᠳᠠᠷᠤᠯᠲᠠ ᠢᠢᠨ ᠬᠡᠰᠡᠭ ᠦᠨ 48 МВт ᠤᠨ ᠪᠯᠣᠻ ᠰᠲ᠋ᠠᠨ᠋ᠼᠢ ᠢᠢ ᠪᠠᠭᠤᠯᠭᠠᠵᠤ ᠰᠠᠭᠤᠷᠢᠨ ᠳᠡᠭᠡᠷ ᠡ ᠨᠢ 250 МВт ᠤᠨ ᠪᠯᠣᠻ ᠰᠲ᠋ᠠᠨ᠋ᠼᠢ ᠰᠢᠨ᠎ᠡ ᠪᠡᠷ ᠪᠠᠷᠢᠬᠤ ᠵᠢᠷᠤᠭ ᠲᠥᠰᠦᠯ ᠪᠣᠯᠪᠠᠰᠤᠷᠠᠭᠤᠯᠵᠤ᠂ ᠢᠨ᠋ᠵᠧᠨᠧᠷ ᠦᠨ ᠰᠤᠳᠠᠯᠭᠠ ᠬᠢᠨ᠎ᠡ᠃
ᠢᠩᠭᠢᠭ᠍ᠰᠡᠨ ᠢᠢᠡᠷ ᠲᠠᠯ ᠠ ᠨᠤᠭᠤᠳ ᠲᠥᠰᠦᠯ ᠦᠨ ᠨᠡᠢᠢᠲᠡ ᠦᠷᠲᠡᠭ᠂ ᠪᠠᠷᠢᠯᠭ᠎ᠠ ᠤᠭᠰᠠᠷᠠᠯᠲᠠ ᠢᠢᠨ ᠬᠤᠭᠤᠴᠠᠭ᠎ᠠ ᠢᠢ ᠨᠠᠷᠢᠪᠴᠢᠯᠠᠨ ᠲᠣᠳᠤᠷᠬᠠᠢᠢᠯᠠᠵᠤ᠂ ᠲᠥᠰᠦᠯ ᠢ ᠬᠡᠷᠡᠭᠵᠢᠭᠦᠯᠬᠦ ᠳᠠᠷᠠᠭ᠎ᠠ ᠢᠢᠨ ᠱᠠᠲᠤᠨ ᠤ ᠭᠡᠷ ᠡ ᠪᠠᠢᠢᠭᠤᠯᠬᠤ ᠨᠥᠬᠦᠴᠡᠯ ᠪᠦᠷᠢᠳᠦᠨᠠ᠃
2. 《ᠭᠠᠵᠠᠷ ᠤᠨ ᠲᠣᠰᠤᠨ ᠤ ᠪᠦᠲᠦᠭᠡᠭ᠍ᠳᠡᠬᠦᠨ ᠨᠡᠢᠢᠯᠡᠭᠦᠯᠬᠦ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩᠭ᠋ᠤᠯ ᠤᠯᠤᠰ ᠤᠨ ᠵᠠᠰᠠᠭ ᠤᠨ ᠭᠠᠵᠠᠷ᠂ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ》 ᠲᠥ
ᠮᠣᠩᠭ᠋ᠤᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠰᠠᠢᠢᠳ ᠴᠡ᠊᠂ ᠲᠤᠸᠠᠩ᠂ ᠣᠷᠤᠰ ᠤᠨ ᠬᠣᠯᠪᠤᠭᠠᠨ ᠤ ᠤᠯᠤᠰ ᠤᠨ ᠡᠷᠴᠢᠮ ᠬᠦᠴᠦᠨ ᠦ ᠰᠠᠢᠢᠳ ᠰ᠊᠂ ᠶᠧ᠂ ᠼᠢᠸᠢᠯᠧᠸ ᠨᠠᠷ ᠭᠠᠷ ᠤᠨ ᠦᠰᠦᠭ ᠵᠢᠷᠤᠯ ᠠ᠃
ᠬᠡᠯᠡᠯᠴᠡᠭᠡᠷ ᠪᠠᠢᠢᠭᠤᠯᠤᠭᠰᠠᠨ ᠢᠢᠠᠷ ᠮᠣᠩᠭ᠋ᠤᠯ ᠤᠯᠤᠰ᠂ ᠣᠷᠤᠰ ᠤᠨ ᠬᠣᠯᠪᠤᠭᠠᠨ ᠤ ᠤᠯᠤᠰ ᠤᠨ ᠭᠠᠵᠠᠷ ᠤᠨ ᠲᠣᠰᠤᠨ ᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠭᠦᠨᠵᠡᠭᠡᠢᠢᠷᠡᠵᠦ᠂ ᠣᠷᠤᠰ ᠤᠨ ᠬᠣᠯᠪᠤᠭᠠᠨ ᠤ ᠤᠯᠤᠰ ᠠᠴᠠ ᠭᠠᠵᠠᠷ ᠤᠨ ᠲᠣᠰᠤᠨ ᠤ ᠪᠦᠲᠦᠭᠡᠭ᠍ᠳᠡᠬᠦᠨ ᠰᠠᠭᠠᠳ ᠦᠭᠡᠢ᠂ ᠲᠣᠭᠲᠠᠪᠤᠷᠢ ᠲᠠᠢ ᠨᠡᠢᠢᠯᠡᠭᠦᠯᠬᠦ ᠪᠣᠯᠤᠮᠵᠢ ᠪᠦᠷᠢᠳᠦᠯ ᠡ᠃ ᠮᠠᠨ ᠤ ᠤᠯᠤᠰ ᠭᠠᠵᠠᠷ ᠤᠨ ᠲᠣᠰᠤᠨ ᠤ ᠪᠦᠲᠦᠭᠡᠭ᠍ᠳᠡᠬᠦᠨ ᠢᠢᠡᠨ 100 ᠬᠤᠪᠢ ᠢᠮᠫᠣᠷᠲ᠋ᠢᠢᠠᠷ᠂ ᠡᠬᠦᠨ ᠡᠴᠡ 95 ᠣᠷᠴᠢᠮ ᠬᠤᠪᠢ ᠢᠢ ᠣᠷᠤᠰ ᠤᠨ ᠬᠣᠯᠪᠤᠭᠠᠨ ᠤ ᠤᠯᠤᠰ ᠠᠴᠠ ᠠᠪᠤᠳᠠᠭ᠃ ᠣᠷᠤᠰ ᠤᠨ ᠬᠣᠯᠪᠤᠭᠠᠨ ᠤ ᠤᠯᠤᠰ ᠭᠠᠵᠠᠷ ᠤᠨ ᠲᠣᠰᠤᠨ ᠤ ᠪᠦᠲᠦᠭᠡᠭ᠍ᠳᠡᠬᠦᠨ ᠦ ᠳᠣᠲᠤᠭᠠᠳᠤ ᠵᠠᠬ ᠠ ᠵᠡᠭᠡᠯᠢ0 ᠢᠢᠨ ᠢᠢᠡᠨ ᠨᠥᠬᠦᠴᠡᠯ ᠪᠠᠢᠢᠳᠠᠯ ᠲᠠᠢ ᠬᠣᠯᠪᠤᠭ᠎ᠠ ᠲᠠᠢ ᠪᠠᠷ 2023 ᠣᠨ ᠳᠤ ᠰᠢᠲᠠᠬᠤᠨ ᠤ ᠡᠻᠰᠫᠣᠷᠲ ᠳᠤ ᠬᠢᠵᠠᠭᠠᠷᠯᠠᠯᠲᠠ ᠲᠠᠯᠪᠢᠵᠤ᠂ ᠭᠠᠵᠠᠷ ᠤᠨ ᠲᠴᠰᠤᠨ ᠤ ᠪᠦᠲᠦᠭᠡᠭ᠍ᠳᠡᠬᠦᠨ ᠦ ᠬᠤᠳᠠᠯᠳᠤᠭᠠᠨ ᠤ ᠬᠠᠮᠲᠤ ᠢᠢᠨ ᠠᠵᠢᠯᠯᠠᠭᠠᠨ ᠤ ᠬᠡᠯᠡᠯᠴᠡᠭᠡᠷ ᠲᠡᠢ ᠤᠯᠤᠰ ᠣᠷᠤᠨ ᠨᠤᠭᠤᠳ ᠪᠣᠯᠤᠨ ᠧᠦ᠋ᠷᠠᠽᠢ ᠢᠢᠨ ᠡᠳ᠋ ᠦᠨ ᠵᠠᠰᠠᠭ ᠤᠨ ᠬᠣᠯᠪᠤᠭᠠᠨ ᠤ ᠭᠡᠰᠢᠭᠦᠨ ᠣᠷᠤᠨ ᠤᠨᠭᠤᠳ ᠡᠨᠡ ᠬᠢᠵᠠᠭᠠᠷᠯᠠᠯᠲᠠ ᠳᠤ ᠬᠠᠮᠢᠶᠠᠷᠬᠤ ᠦᠭᠡᠢ ᠪᠠᠢᠢᠬᠤ ᠪᠠᠷ ᠵᠣᠬᠢᠴᠠᠭᠤᠯᠤᠭᠰᠠᠨ ᠶᠤᠮ᠃
3. 2. 《ᠮᠣᠩᠭ᠋ᠤᠯ ᠤᠯᠤ ᠲᠤ ᠠᠭᠠᠷ ᠤᠨ ᠬᠥᠯᠭᠡ ᠢᠢᠨ ᠲᠦᠯᠡᠰᠢ ᠨᠡᠢᠢᠯᠡᠭᠦᠯᠬᠦ ᠲᠤᠬᠠᠢ ᠮᠣᠩᠭ᠋ᠤᠯ ᠤᠯᠤᠰ ᠤᠨ ᠵᠠᠰᠠᠭ ᠤᠨ ᠭᠠᠵᠠᠷ ᠪᠣᠯᠤᠨ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ》 ᠲᠥ
ᠮᠣᠩᠭ᠋ᠤᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠰᠠᠢᠢᠳ ᠴᠡ᠊᠂ ᠲᠤᠸᠠᠩ᠂ ᠣᠷᠤᠰ ᠤᠨ ᠬᠣᠯᠪᠤᠭᠠᠨ ᠤ ᠤᠯᠤᠰ ᠤᠨ ᠡᠷᠴᠢᠮ ᠬᠦᠴᠦᠨ ᠦ ᠰᠠᠢᠢᠳ ᠰ᠊᠂ ᠶᠧ᠂ ᠼᠢᠸᠢᠯᠧᠸ ᠨᠠᠷ ᠭᠠᠷ ᠤᠨ ᠦᠰᠦᠭ ᠵᠢᠷᠤᠯ ᠠ᠃
ᠤᠯᠠᠭᠠᠨᠪᠠᠭᠠᠲᠤᠷ ᠬᠣᠲᠠ ᠢᠢᠨ ᠰᠢᠨ᠎ᠠ ᠨᠢᠰᠬᠦ ᠣᠩᠭ᠋ᠤᠴᠠ ᠢᠢᠨ ᠪᠠᠭᠤᠳᠠᠯ ᠤᠨ ᠲᠦᠯᠡᠰᠢ ᠢᠢᠨ ᠬᠠᠩᠭ᠋ᠠᠮᠵᠢ ᠢᠢ ᠣᠯᠠᠨ ᠤᠯᠤᠰ ᠤᠨ ᠰᠲ᠋ᠠᠨ᠋ᠳᠠᠷᠲ᠋ ᠲᠤ ᠨᠡᠢᠢᠴᠡᠭᠰᠡᠨ᠂ ᠬᠢᠮᠳᠠ ᠦᠨ᠎ᠡ ᠲᠡᠢ ᠪᠦᠲᠦᠭᠡᠭ᠍ᠳᠡᠬᠦᠨ ᠢᠢᠡᠷ ᠬᠠᠩᠭ᠋ᠠᠬᠤ ᠪᠣᠯᠤᠮᠵᠢ ᠨᠡᠮᠡᠭᠳᠡᠬᠦ ᠡᠴᠡ ᠭᠠᠳᠠᠨ᠎ᠠ ᠮᠠᠨ ᠤ ᠤᠯᠤᠰ ᠤᠨ ᠠᠭᠠᠷ ᠤᠨ ᠬᠦᠯᠭᠡ ᠢᠢᠨ ᠲᠦᠯᠡᠰᠢ ᠢᠢᠨ ᠬᠠᠩᠭ᠋ᠠᠮᠵᠢ᠂ ᠨᠡᠢᠢᠯᠡᠭᠦᠯᠦᠯᠲᠡ ᠢᠢᠨ ᠲᠣᠭᠲᠠᠪᠤᠷᠢ ᠲᠠᠢ ᠪᠠᠢᠢᠳᠠᠯ ᠢ ᠬᠠᠩᠭ᠋ᠠᠬᠤ ᠳᠤ ᠴᠢᠬᠤᠯᠠ ᠳᠡᠮᠵᠢᠯᠭᠡ ᠪᠣᠯᠤᠨ᠎ᠠ᠃
4. 《ᠪᠠᠢᠢᠭᠠᠯ ᠨᠠᠭᠤᠷ᠂ ᠰᠡᠯᠡᠩᠭᠡ ᠮᠥᠷᠡᠨ ᠢ ᠬᠠᠮᠠᠭᠠᠯᠠᠬᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩᠭ᠋ᠤᠯ ᠤᠯᠤᠰ ᠤᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠶᠡᠮᠤ ᠪᠣᠯᠤᠨ ᠣᠷᠤᠰ ᠤᠨ ᠬᠣᠯᠪᠤᠭᠠᠨ ᠤ ᠤᠯᠤᠰ ᠤᠨ ᠪᠠᠢᠢᠭᠠᠯᠢ ᠢᠢᠨ ᠨᠥᠭᠡᠴᠡ᠂ ᠡᠻᠣᠯᠣᠭᠢ ᠢᠢᠨ ᠶᠠᠮᠤ ᠬᠣᠭᠤᠷᠤᠨᠳᠤ ᠢᠢᠨ ᠬᠠᠷᠢᠯᠴᠠᠨ ᠣᠢᠢᠯᠠᠭᠠᠴᠠᠯ ᠤᠨ ᠰᠠᠨᠠᠮᠵᠢ ᠪᠢᠴᠢᠭ᠌》 ᠲᠥ
ᠮᠣᠩᠭ᠋ᠤᠯ ᠤᠯᠤᠰ ᠤᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠰᠠ᠊᠂ ᠣᠳᠤᠨᠲᠤᠶᠠᠭ᠎ᠠ᠂ ᠣᠷᠤᠰ ᠤᠨ ᠬᠣᠯᠪᠤᠭᠠᠨ ᠤ ᠤᠯᠤᠰ ᠤᠨ ᠪᠠᠢᠢᠭᠠᠯᠢ ᠢᠢᠨ ᠨᠥᠭᠡᠴᠡ᠂ ᠡᠻᠣᠯᠣᠭᠢ ᠢᠢᠨ ᠰᠠᠢᠢᠳ ᠠ᠊᠂ ᠠ᠊᠂ ᠻᠣᠽᠯᠣᠸ ᠨᠠᠷ ᠭᠠᠷ ᠤᠨ ᠦᠰᠦᠭ ᠵᠢᠷᠤᠯ ᠠ᠃
ᠡᠭ ᠦᠨ ᠤᠰᠤᠨ ᠴᠠᠬᠢᠯᠭᠠᠨ ᠰᠲ᠋ᠠᠨ᠋ᠼᠢ ᠪᠠᠢᠢᠭᠤᠯᠬᠤ ᠲᠠᠢ ᠬᠣᠯᠪᠤᠭᠳᠠᠭᠤᠯᠤᠨ ᠪᠠᠢᠢᠭᠠᠯᠢ ᠣᠷᠴᠢᠨ ᠤ ᠬᠠᠮᠲᠤᠷᠠᠭᠰᠠᠨ ᠦᠨᠡᠯᠡᠭᠡ ᠬᠢᠵᠦ᠂ ᠬᠣᠶᠠᠷ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠠᠵᠢᠯ ᠢ ᠡᠷᠴᠢᠮᠵᠢᠭᠦᠯᠦᠨ᠂ ᠨᠢᠭᠡᠳᠦᠭᠰᠡᠨ ᠰᠢᠢᠳᠦᠯ ᠳᠥ ᠬᠦᠷᠦᠯ ᠡ᠃ ᠬᠣᠶᠠᠷ ᠤᠯᠤᠰ ᠳᠡᠯᠡᠬᠡᠢ ᠢᠢᠨ ᠳᠤᠯᠠᠭᠠᠷᠠᠯ ᠤᠨ ᠤᠯᠠᠮ ᠠᠴᠠ ᠳᠠᠪᠲᠠᠮᠵᠢ ᠨᠢ ᠨᠡᠮᠡᠭᠳᠡᠵᠦ ᠪᠤᠢ ᠪᠠᠢᠢᠭᠠᠯᠢ ᠢᠢᠨ ᠭᠠᠮᠰᠢᠭ ᠠᠴᠠ ᠤᠷᠢᠳᠴᠢᠯᠠᠨ ᠰᠡᠷᠭᠡᠢᠢᠯᠡᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠭᠰᠠᠨ ᠠᠷᠭ᠎ᠠ ᠬᠡᠮᠵᠢᠶᠡᠨ ᠦ ᠬᠡᠷᠡᠭᠵᠢᠯᠲᠡ ᠳᠥ ᠣᠨᠴᠤᠭᠤᠢ ᠠᠩᠬᠠᠷᠤᠨ᠎ᠠ᠃
ᠪᠠᠢᠢᠭᠠᠯ ᠨᠠᠭᠤᠷ ᠪᠣᠯᠤᠨ ᠰᠡᠯᠩᠭᠡ ᠮᠥᠷᠡᠨ ᠢ ᠬᠠᠮᠠᠭᠠᠯᠠᠬᠤ ᠨᠢ ᠳᠠᠶᠠᠩ ᠳᠡᠯᠡᠬᠡᠢ ᠢᠢᠨ ᠪᠠᠢᠢᠭᠠᠯᠢ ᠣᠷᠴᠢᠨ ᠤ ᠲᠥᠯᠦᠪ ᠪᠠᠢᠢᠳᠠᠯ ᠳᠤ ᠴᠢᠬᠤᠯᠠ ᠬᠤᠪᠢ ᠨᠡᠮᠡᠷᠢ ᠲᠡᠢ ᠢᠢ ᠤᠬᠠᠮᠰᠠᠷᠯᠠᠨ ᠤᠰᠤᠨ ᠤ ᠨᠥᠭᠡᠴᠡ ᠢᠢ ᠵᠣᠬᠢᠰᠲᠠᠢ ᠠᠰᠢᠭᠯᠠᠬᠤ᠂ ᠤᠷᠤᠰᠠᠴᠠ ᠲᠣᠬᠢᠷᠠᠭᠤᠯᠬᠤ᠂ ᠰᠡᠷᠭᠦᠭᠡᠭ᠍ᠳᠡᠬᠦ ᠡᠷᠴᠢᠮ ᠬᠦᠴᠦ ᠪᠤᠢ ᠪᠣᠯᠭᠠᠬᠤ ᠲᠤᠬᠠᠢ ᠣᠯᠠᠨ ᠵᠢᠯ ᠦᠨ ᠶᠠᠷᠢᠶ ᠠ᠂ ᠬᠡᠯᠡᠯᠴᠡᠭᠡ ᠪᠣᠳᠠᠲᠤ ᠠᠵᠢᠯ ᠬᠡᠷᠡᠭ ᠪᠣᠯᠤᠨ᠎ᠠ᠃ ᠡᠨᠡ ᠴᠢᠭᠯᠡᠯ ᠢᠢᠡᠷ ᠬᠠᠮᠲᠤ ᠢᠢᠨ ᠠᠵᠢᠯᠯᠠᠭᠠᠨ ᠤ ᠵᠠᠮ ᠤᠨ ᠵᠢᠷᠤᠭᠯᠠᠯ᠂ ᠦᠢᠯᠡ ᠠᠵᠢᠯᠯᠠᠭᠠᠨ ᠤ ᠲᠥᠯᠦᠪᠯᠡᠭᠡ ᠭᠠᠷᠭᠠᠵᠤ ᠠᠵᠢᠯᠯᠠᠬᠤ ᠪᠠᠷ ᠲᠣᠬᠢᠷᠠᠯᠴᠠᠯ ᠠ᠃
5. 《ᠲᠠᠷᠪᠠᠭ᠎ᠠ ᠢᠢᠨ ᠲᠠᠬᠤᠯ ᠡᠪᠡᠳᠴᠢᠨ ᠦ ᠲᠠᠷᠬᠠᠪᠤᠷᠢ ᠰᠤᠳᠤᠯᠤᠯ ᠤᠨ ᠴᠢᠭᠯᠡᠯ ᠢᠢᠡᠷ ᠬᠠᠮᠲᠤᠷᠠᠨ ᠠᠵᠢᠯᠯᠠᠬᠤ ᠲᠤᠬᠠᠢ ᠮᠣᠩᠭ᠋ᠤᠯ ᠤᠯᠤᠰ ᠤᠨ ᠡᠷᠡᠭᠦᠯ ᠮᠡᠨᠳᠦ ᠢᠢᠨ ᠶᠠᠮᠤ ᠪᠣᠯᠤᠨ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠬᠦᠮᠦᠨ ᠦ ᠡᠷᠡᠭᠦᠯ ᠮᠡᠨᠳᠦ᠂ ᠬᠡᠷᠡᠭᠯᠡᠭᠴᠢ ᠢᠢᠨ ᠡᠷᠬᠡ ᠢᠢ ᠬᠠᠮᠠᠭᠠᠯᠠᠬᠤ ᠬᠣᠯᠪᠤᠭᠠᠨ ᠤ ᠬᠢᠨᠠᠯᠲᠠ ᠢᠢᠨ ᠭᠠᠵᠠᠷ ᠬᠣᠭᠤᠷᠤᠨᠳᠤ ᠢᠢᠨ ᠬᠡᠯᠡᠯᠴᠡᠭᠡᠷ》 ᠲᠥ
ᠮᠣᠩᠭ᠋ᠤᠯ ᠤᠯᠤᠰ ᠤᠨ ᠡᠷᠡᠭᠦᠯ ᠮᠡᠨᠳᠦ ᠢᠢᠨ ᠰᠠᠢᠢᠳ ᠲᠣ᠊᠂ ᠮᠥᠩᠬᠡᠰᠠᠢᠢᠬᠠᠨ᠂ ᠣᠷᠤᠰ ᠤᠨ ᠬᠣᠯᠪᠤᠭᠠᠨ ᠤ ᠤᠯᠤᠰ ᠤᠨ ᠵᠠᠰᠠᠭ ᠤᠨ ᠬᠦᠮᠦᠨ ᠦ ᠡᠷᠡᠭᠦᠯ ᠮᠡᠨᠳᠦ᠂ ᠬᠡᠷᠡᠭᠯᠡᠭᠴᠢ ᠢᠢᠨ ᠡᠷᠬᠡ ᠢᠢ ᠬᠠᠮᠠᠭᠠᠯᠠᠬᠤ ᠬᠣᠯᠪᠤᠭᠠᠨ ᠤ ᠬᠢᠨᠠᠯᠲᠠ ᠢᠢᠨ ᠭᠠᠵᠠᠷ ᠤᠨ ᠳᠠᠷᠤᠭ᠎ᠠ ᠠ᠊᠂ ᠶᠤ᠊᠂ ᠫᠣᠫᠣᠸᠠ ᠨᠠᠷ ᠭᠠᠷ ᠤᠨ ᠦᠰᠦᠭ ᠵᠢᠷᠤᠯ ᠠ᠃
ᠲᠠᠯ ᠠ ᠨᠤᠭᠤᠳ 2018 ᠣᠨ ᠳᠤ ᠬᠠᠮᠲᠤᠷᠠᠨ ᠠᠵᠢᠯᠯᠠᠬᠤ ᠬᠡᠯᠡᠯᠴᠡᠭᠡᠷ ᠪᠠᠢᠢᠭᠤᠯᠵᠤ᠂ ᠬᠣᠶᠠᠷ ᠤᠯᠤᠯᠰ ᠤᠨ ᠬᠢᠯᠢ ᠢᠢᠨ ᠳᠠᠭᠠᠭᠤᠬᠢ ᠪᠦᠰᠡ ᠨᠤᠲᠤᠭ ᠲᠤ ᠵᠣᠣᠨᠨᠤᠽ ᠤᠨ ᠬᠠᠯᠳᠠᠪᠤᠷᠢᠲᠤ ᠡᠪᠡᠳᠴᠢᠨ ᠡᠴᠡ ᠤᠷᠢᠳᠴᠢᠯᠠᠨ ᠰᠡᠷᠭᠡᠢᠢᠯᠡᠬᠦ᠂ ᠬᠢᠨᠠᠬᠤ ᠴᠢᠭᠯᠡᠯ ᠢᠢᠡᠷ ᠬᠠᠮᠲᠤᠷᠠᠨ ᠠᠵᠢᠯᠯᠠᠭᠰᠠᠨ᠃
ᠬᠡᠯᠡᠯᠴᠡᠭᠡᠷ ᠢ ᠰᠢᠨᠡᠴᠢᠯᠡᠨ ᠪᠠᠢᠢᠭᠤᠯᠤᠭᠰᠠᠨ ᠢᠢᠠᠷ ᠬᠠᠮᠲᠤᠷᠠᠨ ᠲᠠᠩᠳᠠᠯᠲᠠ ᠰᠤᠳᠤᠯᠭ᠎ᠠ ᠬᠢᠬᠦ᠂ ᠮᠡᠳᠡᠭᠡᠯᠡᠯ ᠰᠣᠯᠢᠯᠴᠠᠬᠤ᠂ ᠲᠠᠷᠬᠠᠪᠤᠷᠢ ᠰᠤᠳᠤᠯᠤᠯ᠂ ᠨᠢᠶᠠᠨ ᠰᠤᠳᠤᠯᠤᠯ ᠤᠨ ᠴᠢᠭᠯᠡᠯ ᠢᠢᠡᠷ ᠮᠣᠩᠭ᠋ᠤᠯ ᠤᠨ ᠮᠡᠷᠭᠡᠵᠢᠯᠲᠡᠨ ᠨᠤᠭᠦᠳ ᠮᠡᠷᠭᠡᠵᠢᠯ ᠳᠡᠭᠡᠭ᠍ᠰᠢᠯᠡᠭᠦᠯᠬᠦ᠂ ᠬᠠᠮᠲᠤᠷᠠᠭᠰᠠᠨ ᠡᠷᠳᠡᠮ ᠰᠢᠨᠵᠢᠯᠡᠭᠡᠨ ᠦ ᠠᠵᠢᠯ ᠬᠢᠬᠦ᠂ ᠲᠠᠷᠬᠠᠪᠤᠷᠢ ᠰᠤᠳᠤᠯᠤᠯ ᠤᠨ ᠬᠦᠨᠳᠦᠷᠡᠯ ᠡᠬᠦᠰᠦᠭ᠍ᠰᠡᠨ ᠲᠣᠬᠢᠶᠠᠯᠳᠤᠯ ᠳᠤ ᠰᠢᠭᠤᠷᠬᠠᠢ ᠬᠠᠷᠢᠭᠤ ᠠᠷᠭ᠎ᠠ ᠬᠡᠮᠵᠢᠶ ᠡ ᠠᠪᠬᠤ ᠵᠡᠷᠭᠡ ᠥᠷᠭᠡᠨ ᠪᠣᠯᠤᠮᠵᠢ ᠪᠤᠢ ᠪᠣᠯᠤᠯ ᠠ᠃
ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠭᠰᠠᠨ ᠤ ᠳᠠᠷᠠᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊ᠳᠢᠮᠢᠷ ᠸᠯᠠᠳᠢᠮᠢᠷᠣᠸᠢᠴ ᠫᠦᠲ᠋ᠢᠨ ᠨᠠᠷ ᠠᠯᠪᠠᠨ ᠶᠣᠰᠤᠨ ᠤ ᠬᠡᠯᠡᠯᠴᠡᠭᠡᠷ ᠦᠨ ᠦᠷ ᠡ ᠳ᠋ᠦᠩ ᠦᠨ ᠲᠠᠯ ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠬᠢᠯ ᠡ᠃