Та "Internet explorer"-ийн сүүлийн хувилбар болох "Microsoft edge"-г ашиглана уу

Хэрэв "Microsoft edge"-г татах бол энд дарж татаж авна уу

ᠠᠷᠠᠪ ᠤᠨ ᠨᠢᠭᠡᠳᠦᠭ᠍ᠰᠡᠨ ᠧᠮᠢᠷᠠᠲ᠋ᠧ ᠤᠯᠤᠰ ᠤᠠ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠠᠷᠠᠪ ᠤᠨ ᠨᠢᠭᠡᠳᠦᠭ᠍ᠰᠡᠨ ᠧᠮᠢᠷᠠᠲ᠋ᠧ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠦᠬᠠᠮᠧᠳ᠋ ᠠᠯᠢ – ᠭᠦᠷᠲ᠋ᠠᠰᠢ ᠠᠯᠢ – ᠨᠦᠠᠢᠮᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠵᠤ᠂ ᠡᠭᠦᠷᠭᠡᠲᠦ ᠠᠵᠢᠯ ᠳᠠᠭᠠᠨ ᠣᠷᠤᠯ ᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠣᠶᠠᠷ ᠣᠷᠤᠨ ᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠡᠷᠴᠢᠮᠲᠡᠢ ᠬᠥᠭ᠍ᠵᠢᠵᠦ ᠪᠠᠢᠢᠭ᠎ᠠ ᠢᠢ ᠣᠨᠴᠠᠯᠠᠵᠤ᠂ ᠠᠷᠠᠪ ᠤᠨ ᠨᠢᠭᠡᠳᠦᠭ᠍ᠰᠡᠨ ᠧᠮᠢᠷᠠᠲ᠋ᠧ ᠨᠢ ᠤᠯᠠᠭᠠᠨᠪᠠᠭᠠᠲᠤᠷ ᠬᠣᠲᠠᠨ᠎ᠠ ᠡᠯᠴᠢᠨ ᠰᠠᠢᠢᠳ ᠤᠨ ᠶᠠᠮᠤ ᠪᠠᠨ ᠳᠠᠬᠢᠨ ᠨᠡᠭᠡᠭᠡᠵᠦ ᠪᠠᠢᠢᠭ᠎ᠠ ᠨᠢ ᠲᠤᠰ ᠤᠯᠤᠰ ᠠᠴᠠ ᠬᠣᠶᠠᠷ ᠣᠷᠤᠨ ᠤ ᠬᠠᠷᠢᠯᠴᠠᠭᠠᠨ ᠳᠤ ᠠᠴᠢ ᠬᠣᠯᠪᠤᠭᠳᠠᠯ ᠥᠭᠴᠦ ᠪᠤᠢ ᠢᠢᠨ ᠢᠯᠡᠷᠭᠡᠢᠢᠯᠡᠯ ᠭᠡᠵᠦ ᠦᠵᠡᠵᠦ ᠪᠤᠢ ᠪᠠᠨ ᠬᠡᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ 2023 ᠣᠨ ᠳᠤ ᠠᠷᠠᠪ ᠤᠨ ᠨᠢᠭᠡᠳᠦᠭ᠍ᠰᠡᠨ ᠧᠮᠢᠷᠠᠲ᠋ᠧ ᠤᠯᠤᠰ ᠲᠤ ᠠᠢᠢᠯᠴᠢᠯᠠᠬᠤ ᠦᠶ ᠡ ᠪᠡᠷ ᠢᠢᠡᠨ ᠲᠤᠰ ᠤᠯᠤᠰ ᠤᠨ ᠶᠡᠷᠦᠩᠬᠡᠢᠢᠯᠡᠭᠴᠢ ᠡᠷᠬᠢᠮ ᠳᠡᠭᠡᠳᠦ ᠱᠸᠢᠢᠾ ᠮᠦᠬᠠᠮᠧᠳ᠋ ᠪᠢᠨ ᠽᠠᠢᠢᠳ᠋ ᠠᠯᠢ – ᠨᠠᠾᠶᠠᠨ ᠲᠠᠢ ᠠᠭᠤᠯᠵᠠᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠲᠠᠯ ᠠ ᠪᠠᠷ ᠰᠠᠨᠠᠯ ᠰᠣᠯᠢᠯᠴᠠᠪᠠ᠃

ᠴᠢᠨᠠᠭᠰᠢᠳᠠ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠵᠤ᠂ ᠬᠥᠷᠦᠩᠭᠡ ᠣᠷᠤᠭᠤᠯᠤᠯᠲᠠ ᠢᠢ ᠨᠡᠮᠡᠭᠳᠡᠭᠦᠯᠵᠦ᠂ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠠ ᠭᠡᠳᠡᠭ ᠲᠥ ᠢᠳᠡᠭᠡᠯ ᠲᠡᠢ ᠪᠠᠢᠢᠭ᠎ᠠ ᠪᠠᠨ ᠲᠡᠮᠳᠡᠭᠯᠡᠪᠡ᠃ ᠡᠯᠴᠢᠨ ᠰᠠᠢᠢᠳ ᠮᠦᠬᠠᠮᠧᠳ᠋ ᠠᠯᠢ – ᠨᠦᠠᠢᠮᠢ ᠤᠯᠤᠰ ᠲᠥᠷᠦ᠂ ᠡᠳ᠋ ‍ᠦᠨ ᠵᠠᠰᠠᠭ᠂ ᠬᠤᠳᠠᠯᠳᠤᠭ᠎ᠠ ᠵᠡᠷᠭᠡ ᠪᠦᠬᠦᠢ ᠯᠡ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠦᠷᠭᠡᠵᠢᠭᠦᠯᠦᠨ ᠬᠦᠭ᠍ᠵᠢᠭᠦᠯᠬᠦ ᠢᠢᠨ ᠲᠥᠯᠥᠭᠡ ᠪᠦᠬᠦᠢ ᠯᠡ ᠬᠦᠴᠦᠨ ᠴᠢᠷᠮᠠᠢᠢᠯᠲᠠ ᠪᠠᠨ ᠭᠠᠷᠭᠠᠨ ᠠᠵᠢᠯᠯᠠᠬᠤ ᠪᠠᠨ ᠢᠯᠡᠷᠬᠡᠢᠢᠯᠡᠪᠡ᠃