ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠣᠰ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠾᠦᠩᠭᠧᠸ ᠰᠦᠭ᠍ᠰᠠᠸᠠᠳ᠋ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃
ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠲᠤ ᠡᠯᠴᠢᠨ ᠰᠠᠢᠢᠳ ᠢᠢᠠᠷ ᠲᠣᠮᠢᠯᠠᠭᠳᠠᠵᠤ᠂ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠵᠤ ᠪᠤᠢ ᠳᠤ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠯ ᠡ᠃
ᠲᠡᠷᠡ ᠪᠡᠷ ᠮᠣᠩ᠋ᠭᠣᠯ ᠤᠯᠤᠰ ᠤᠨ ᠵᠡᠭᠦᠨ ᠡᠮᠦᠨᠡᠳᠦ ᠠᠽᠢ ᠳᠠᠬᠢ ᠴᠢᠬᠤᠯᠠ ᠲᠦᠩᠰᠢ᠂ АСЕАН ᠤ ᠨᠥᠯᠦᠭᠡ ᠪᠦᠬᠦᠢ ᠭᠡᠰᠢᠭᠦᠨ ᠣᠷᠤᠨ ᠪᠣᠯᠬᠤ ᠯᠠᠤᠰ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠭᠦᠨᠵᠡᠭᠡᠢᠢᠷᠡᠭᠦᠯᠬᠦ ᠢᠢᠨ ᠲᠥᠯᠦᠭᠡ ᠪᠠᠢᠢᠭ᠎ᠠ ᠢᠢ ᠣᠨᠴᠠᠯᠠᠯ ᠠ᠃
ᠬᠣᠶᠠᠷ ᠤᠯᠤᠰ ᠤᠨ ᠲᠥᠷᠦ ᠢᠢᠨ ᠲᠡᠷᠢᠭᠦᠨ ᠨᠤᠭᠦᠳ ᠤᠨ 2023᠂ 2024 ᠣᠨ ᠳᠤ ᠬᠠᠷᠢᠯᠴᠠᠨ ᠬᠡᠷᠡᠭᠵᠢᠭᠦᠯᠦᠭᠰᠡᠨ ᠲᠥᠷᠦ ᠢᠢᠨ ᠠᠢᠢᠯᠴᠢᠯᠠᠯ ᠤᠨ ᠦᠶ ᠡ ᠪᠡᠷ ᠶᠠᠷᠢᠵᠤ ᠲᠣᠬᠢᠷᠠᠭᠰᠠᠨ ᠵᠦᠢᠯᠡᠰ ᠢ ᠪᠣᠳᠠᠲᠤ ᠠᠵᠢᠯ ᠬᠡᠷᠡᠭ ᠪᠣᠯᠭᠠᠬᠤ᠂ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ ᠳᠤ ᠡᠯᠴᠢᠨ ᠰᠠᠢᠢᠳ ᠣᠨᠴᠤᠭᠤᠢ ᠠᠩᠬᠠᠷᠴᠤ ᠠᠵᠢᠯᠯᠠᠨ᠎ᠠ ᠭᠡᠳᠡᠭ ᠲᠥ ᠢᠲᠡᠭᠡᠯᠲᠡᠢ ᠪᠤᠢ ᠪᠠᠨ ᠲᠡᠮᠳᠡᠭᠯᠡᠪᠡ᠃
ᠡᠯᠴᠢᠨ ᠰᠠᠢᠢᠳ ᠾᠦᠩᠭᠧᠸ ᠰᠦᠭ᠍ᠰᠠᠸᠠᠳ᠋ ᠤᠯᠠᠮᠵᠢᠯᠠᠯᠲᠤ᠂ ᠨᠠᠢᠢᠷᠰᠠᠭ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠢᠳᠡᠪᠬᠢ ᠵᠢᠳᠬᠦᠯ ᠭᠠᠷᠭᠠᠵᠤ ᠠᠵᠢᠯᠯᠠᠬᠤ ᠪᠠᠨ ᠢᠯᠡᠷᠬᠡᠢᠢᠯᠡᠯ ᠡ᠃