Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠳᠥ ᠪᠦᠲ᠋ᠠᠨ ᠤ ᠬᠠᠭᠠᠨᠲᠤ ᠤᠯᠤᠰ ᠤᠨ ᠶᠡᠷᠦᠩᠬᠡᠢ ᠰᠠᠢᠢᠳ ᠴᠡᠷᠢᠩ ᠲᠣᠪᠭᠠᠢ ᠪᠠᠷᠠᠭᠠᠯᠬᠠᠯ᠎ᠠ

ᠠᠮᠧᠷᠢᠻᠠ ᠢᠢᠨ ᠨᠢᠭᠡᠳᠦᠭᠰᠡᠨ ᠤᠯᠤᠰ ᠤᠨ ᠨᠶᠦ᠋-ᠶᠣᠷᠻ ᠬᠣᠲᠠᠨ᠎ᠠ ᠪᠣᠯᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ ᠳᠤ ᠣᠷᠤᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2024 ᠣᠨ ᠤ 09 ᠳᠤᠭᠡᠷ ᠰᠠᠷ ᠠ ᠢᠢᠨ 22 ᠤ ᠡᠳᠦᠷ ᠪᠦᠲ᠋ᠠᠨ ᠤ ᠬᠠᠭᠠᠨᠲᠤ ᠤᠯᠤᠰ ᠤᠨ ᠶᠡᠷᠦᠩᠬᠡᠢ ᠰᠠᠢᠢᠳ ᠴᠡᠷᠢᠩ ᠲᠣᠪᠭᠠᠢ ᠢᠢ ᠬᠦᠯᠢᠶᠡᠨ ᠠᠪᠴᠤ ᠠᠭᠤᠯᠵᠠᠯ ᠠ᠃

ᠠᠭᠤᠯᠵᠠᠯᠲᠠ ᠢᠢᠨ ᠦᠶ ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠠᠽᠢ᠂ ᠨᠣᠮᠤᠬᠠᠨ ᠳᠠᠯᠠᠢ ᠢᠢᠨ ᠪᠦᠰᠡ ᠨᠤᠲᠤᠭ ᠲᠤ ᠴᠢᠭ᠍ᠯᠡᠭᠰᠡᠨ ᠭᠠᠳᠠᠭᠠᠳᠤ ᠪᠣᠳᠤᠯᠭ᠎ᠠ ᠳᠤ ᠪᠦᠲ᠋ᠠᠨ ᠤ ᠬᠠᠭᠠᠨᠲᠤ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠬᠤᠯᠠ ᠪᠠᠢᠢᠷᠢ ᠰᠠᠭᠤᠷᠢ ᠡᠵᠡᠯᠡᠳᠡᠭ ᠢ ᠣᠨᠴᠠᠯᠠᠪᠠ᠃

ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠬᠤᠪᠢ ᠳᠤ ᠬᠠᠷᠢᠯᠴᠠᠨ ᠲᠤᠷᠰᠢᠯᠭ᠎ᠠ ᠰᠤᠳᠤᠯᠵᠤ᠂ ᠬᠤᠳᠠᠯᠳᠤᠭ᠎ᠠ᠂ ᠡᠳ᠋ ‍ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠤᠢ ᠪᠠᠨ ᠲᠡᠮᠳᠡᠭᠯᠡᠪᠡ᠃

ᠶᠡᠷᠦᠩᠬᠡᠢ ᠰᠠᠢᠢᠳ ᠴᠡᠷᠢᠩ ᠲᠣᠪᠭᠠᠢ ᠡᠨᠡ ᠣᠨ ᠳᠤ ᠪᠦᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠤ ᠮᠣᠩ᠋ᠭᠣᠯ ᠤᠯᠤᠰ ᠲᠤ ᠬᠡᠷᠡᠭᠵᠢᠭᠦᠯᠦᠭᠰᠡᠨ ᠠᠩᠬᠠᠨ ᠤ ᠲᠥᠷᠦ ᠢᠢᠨ ᠠᠢᠢᠯᠴᠢᠯᠠᠯ ᠨᠢ ᠬᠣᠶᠠᠷ ᠤᠯᠤᠰ ᠤᠨ ᠬᠥᠳᠡᠭᠡ ᠠᠵᠤ ᠠᠬᠤᠢ᠂ ᠮᠠᠯ ᠠᠵᠤ ᠠᠬᠤᠢ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠣᠨᠴᠤᠭᠤᠢ ᠠᠴᠢ ᠬᠣᠯᠪᠤᠭᠳᠠᠯ ᠲᠠᠢ ᠪᠣᠯᠤᠭᠰᠠᠨ ᠢ ᠲᠡᠮᠳᠡᠭᠯᠡᠯ ᠡ᠃

ᠮᠥᠨ ᠲᠤᠰ ᠠᠢᠢᠯᠴᠢᠯᠠᠯ ᠢᠢᠠᠷ ᠳᠠᠮᠵᠢᠭᠤᠯᠤᠨ ᠮᠣᠩ᠋ᠭᠣᠯ ᠤᠯᠤᠰ ᠤᠨ ᠲᠡᠦᠬᠡ ᠰᠣᠶᠤᠯ᠂ ᠵᠠᠩ ᠵᠠᠩᠰᠢᠯ ᠪᠦᠲ᠋ᠠᠨ ᠤ ᠠᠷᠠᠳ ᠲᠦᠮᠡᠨ ᠦ ᠵᠢᠷᠦᠬᠡᠨ ᠳᠥ ᠣᠢᠢᠷ ᠡ ᠪᠣᠯᠤᠭᠰᠠᠨ ᠭᠡᠳᠡᠭ ᠢ ᠣᠨᠴᠠᠯᠠᠵᠤ᠂ ᠪᠦᠲ᠋ᠠᠨ ᠤ ᠲᠥᠯᠦᠭᠡᠯᠡᠭᠴᠢᠳ ᠢ ᠡᠯᠢᠭᠡᠰᠡᠭ᠂ ᠬᠠᠯᠠᠭᠤᠨ ᠳᠣᠲᠤᠨᠤ ᠪᠠᠷ ᠬᠦᠯᠢᠶᠡᠨ ᠠᠪᠤᠭᠰᠠᠨ ᠮᠣᠩ᠋ᠭᠣᠯ ᠤᠯᠤᠰ ᠤᠨ ᠲᠥᠷᠦ᠂ ᠵᠠᠰᠠᠭ᠂ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠪᠡ᠃

ᠲᠠᠯ ᠠ ᠨᠤᠭᠤᠳ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠪᠠᠢᠢᠭᠠᠯᠢ ᠣᠷᠴᠢᠨ ᠢᠢᠠᠨ ᠬᠠᠮᠠᠭᠠᠯᠠᠬᠤ ᠳᠡᠯᠡᠬᠡᠢ ᠨᠡᠢᠢᠲᠡ ᠢᠢᠨ ᠬᠦᠴᠦ ᠴᠢᠷᠮᠠᠢᠢᠯᠲᠠ ᠳᠤ ᠬᠤᠪᠢ ᠨᠡᠮᠡᠷᠢ ᠪᠡᠨ ᠣᠷᠤᠭᠤᠯᠬᠤ ᠴᠢᠭᠯᠡᠯ ᠢᠢᠡᠷ ᠬᠠᠮᠲᠤᠷᠠᠵᠤ᠂ 《ᠲᠡᠷᠪᠤᠮ ᠮᠣᠳᠤ》 ᠦᠨᠳᠦᠰᠦᠨ ᠦ ᠬᠦᠳᠡᠯᠭᠡᠭᠡᠨ ᠪᠣᠯᠤᠨ ᠴᠣᠭ ᠵᠢᠪᠬᠤᠯᠠᠩᠲᠤ ᠬᠠᠭᠠᠨ ᠤ 《ᠵᠠᠭᠤᠨ ᠰᠠᠶ ᠠ ᠵᠢᠮᠢᠰ ᠦᠨ ᠮᠣᠳᠤ》 ᠲᠠᠷᠢᠬᠤ ᠰᠠᠨᠠᠭᠠᠴᠢᠯᠠᠭ᠎ᠠ ᠢᠢᠨ ᠬᠦᠷᠢᠶᠡᠨ ᠳᠥ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠪᠣᠯᠤᠮᠵᠢ ᠢᠢ ᠡᠷᠢᠯᠬᠢᠯᠡᠵᠦ᠂ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠪᠡᠷ ᠰᠠᠨᠠᠯ ᠨᠢᠭᠡᠳᠪᠡ᠃

ᠮᠥᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠢᠢ ᠤᠯᠠᠮ ᠭᠦᠨᠵᠡᠭᠡᠢᠢᠷᠡᠭᠦᠯᠬᠦ ᠢᠢᠨ ᠲᠥᠯᠦᠭᠡ ᠪᠤᠢ ᠪᠠᠨ ᠲᠠᠯ ᠠ ᠨᠤᠭᠤᠳ ᠬᠠᠷᠢᠯᠴᠠᠨ ᠨᠣᠲᠠᠯᠠᠪᠠ᠃