Та "Internet explorer"-ийн сүүлийн хувилбар болох "Microsoft edge"-г ашиглана уу

Хэрэв "Microsoft edge"-г татах бол энд дарж татаж авна уу

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠡᠬᠢᠯᠡᠯ᠎᠎ᠡ

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ 2024 ᠣᠨ ᠤ 09 ᠳᠤᠭᠡᠷ ᠰᠠᠷ ᠠ ᠢᠢᠨ 24 ᠦ ᠮᠢᠭ᠌ᠮᠠᠷ ᠭᠠᠷᠠᠭ ᠲᠤ ᠨᠶᠦ᠋-ᠶᠣᠷᠻ ᠬᠣᠲᠠ ᠳᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠲᠥᠪ ᠪᠠᠢᠢᠷᠢᠨ ᠳᠤ ᠡᠬᠢᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠲᠥᠪ ᠪᠠᠢᠢᠷᠢᠨ ᠳᠤ ᠬᠦᠷᠦᠯᠴᠡᠨ ᠢᠷᠡᠬᠦ ᠳᠥ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠰ (Antonio Guterres) ᠨᠠᠷ ᠤᠨ ᠠᠯᠪᠠᠨ ᠲᠤᠰᠢᠶᠠᠯᠲᠠᠨ ᠨᠤᠭᠤᠳ ᠤᠭᠲᠤᠯ ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠰ (Antonio Guterres) ᠨᠡᠭᠡᠭᠡᠯᠲᠡ ᠢᠢᠨ ᠦᠶ ᠡ ᠪᠡᠷ ᠬᠡᠯᠡᠭᠰᠡᠨ ᠦᠭᠡᠨ ᠳᠡᠭᠡᠨ᠂ ᠥᠨᠦ ᠢᠢᠨ ᠳᠡᠯᠡᠬᠡᠢ ᠶᠢᠷᠲᠢᠨᠴᠦ ᠲᠣᠭᠲᠠᠪᠤᠷᠢᠲᠠᠢ ᠪᠤᠰᠤ᠂ ᠲᠣᠭᠲᠠᠪᠤᠷᠢ ᠦᠭᠡᠢ ᠬᠥᠭ᠍ᠵᠢᠵᠦ ᠪᠠᠢᠢᠭ᠎ᠠ ᠢᠢ ᠥᠭᠡᠷᠡᠴᠢᠯᠡᠬᠦ ᠱᠠᠭᠠᠷᠳᠠᠯᠭ᠎ᠠ ᠲᠠᠢ ᠢᠢ ᠣᠨᠴᠠᠯᠠᠯ ᠠ᠃ ᠮᠥᠨ ᠳᠡᠯᠡᠬᠡᠢ ᠳᠠᠶᠠᠭᠠᠷ ᠲᠤᠯᠭᠠᠮᠳᠠᠵᠤ ᠪᠤᠢ ᠨᠡᠢᠢᠲᠡᠯᠢᠭ ᠰᠣᠷᠢᠯᠲᠠ ᠨᠤᠭᠤᠳ ᠢ ᠰᠢᠢᠳᠪᠦᠷᠢᠯᠡᠬᠦ᠂ ᠳᠠᠪᠠᠨ ᠲᠤᠭᠤᠯᠬᠤ ᠪᠣᠯᠤᠮᠵᠢᠲᠠᠢ ᠢᠢ ᠲᠡᠮᠳᠡᠭᠯᠡᠭᠡᠳ᠂ ᠳᠡᠯᠡᠬᠡᠢ ᠨᠡᠢᠢᠲᠡ ᠢᠢ ᠡ᠊ᠩᠬᠡ ᠲᠠᠢᠢᠪᠤᠩ ᠳᠤ ᠤᠷᠢᠶᠠᠯᠠᠯ ᠠ᠃

Secretary-General António Guterres welcomes the Head of Delegations on the occasion of the Opening of the Seventy-ninth Session of the General Assembly.

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ 《ᠬᠡᠨ ᠢ ᠴᠦ ᠦᠯᠦ ᠣᠷᠬᠢᠭᠳᠠᠭᠤᠯᠬᠤ᠄ ᠣᠳᠤ ᠪᠣᠯᠤᠨ ᠢᠷᠡᠭᠡᠳᠦᠢ ᠬᠣᠢᠢᠴᠢ ᠦᠶ ᠡ ᠢᠢᠨ ᠬᠢᠨ ᠦ ᠲᠥᠯᠦᠭᠡ ᠬᠠᠮᠲᠤ ᠳᠠᠭᠠᠨ ᠡ᠊ᠩᠬᠡ ᠲᠠᠢᠢᠪᠤᠩ᠂ ᠲᠣᠭᠲᠠᠪᠤᠷᠢᠲᠠᠢ ᠬᠥᠭ᠍ᠵᠢᠯ᠂ ᠬᠦᠮᠦᠨ ᠦ ᠡᠷᠬᠢᠮ ᠴᠢᠨᠠᠷ ᠢ ᠳᠡᠭᠡᠭ᠍ᠰᠢᠯᠡᠭᠦᠯᠬᠦ ᠨᠢ》ᠰᠡᠳᠦᠪ ᠦᠨ ᠳᠣᠣᠷ ᠠ 09 ᠳᠤᠭᠡᠷ ᠰᠠᠷ ᠠ ᠢᠢᠨ 24-30 ᠤ ᠡᠳᠦᠷ ᠦᠳ ᠲᠥ ᠪᠣᠯᠤᠨ᠎ᠠ᠃

ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ 88 ᠤᠯᠤᠰ ᠤᠨ ᠲᠥᠷᠦ ᠢᠢᠨ ᠲᠡᠷᠢᠭᠦᠨ᠂ ᠭᠤᠷᠪᠠᠨ ᠤᠯᠤᠰ ᠤᠨ ᠳᠡᠳ᠋ ᠶᠡᠷᠦᠩᠬᠡᠢᠢᠯᠡᠭᠴᠢ᠂ 35 ᠤᠯᠤᠰ ᠤᠨ ᠵᠠᠰᠠᠭ ᠤᠨ ᠭᠠᠵᠠᠷ ᠤᠨ ᠲᠡᠷᠢᠭᠦᠨ᠂ ᠵᠢᠷᠭᠤᠭᠤᠨ ᠤᠯᠤᠰ ᠤᠨ ᠰᠢᠳᠠᠷ ᠰᠠᠢᠢᠳ ᠣᠷᠤᠯᠴᠠᠵᠤ ᠪᠠᠢᠢᠨ᠎ᠠ ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 09 ᠳᠤᠭᠡᠷ ᠰᠠᠷ ᠠ ᠢᠢᠨ 25 ᠤ ᠡᠳᠦᠷ ᠪᠤᠶᠤ ᠶᠡᠷᠦᠩᠬᠡᠢ ᠰᠠᠨᠠᠯ ᠰᠢᠭᠦᠮᠵᠢᠯᠡᠯ ᠦᠨ ᠬᠣᠶᠠᠷ ᠳᠠᠬᠢ ᠡᠳᠦᠷ ᠣᠯᠠᠨ ᠤᠯᠤᠰ ᠤᠨ ᠬᠠᠷᠢᠯᠴᠠᠭᠠᠨ ᠤ ᠲᠤᠯᠭᠠᠮᠳᠠᠭᠰᠠᠨ ᠠᠰᠠᠭᠤᠳᠠᠯ ᠤᠳ ᠢᠢᠠᠷ ᠮᠣᠩ᠋ᠭᠣᠯ ᠤᠯᠤᠰ ᠤᠨ ᠪᠠᠢᠢᠷᠢ ᠰᠠᠭᠤᠷᠢ᠂ ᠲᠥᠷᠦ᠂ ᠵᠠᠰᠠᠭ ᠠᠴᠠ ᠬᠡᠷᠡᠭᠵᠢᠭᠦᠯᠵᠦ ᠪᠤᠢ ᠭᠠᠳᠠᠭᠠᠳᠤ ᠪᠣᠳᠤᠯᠭ᠎ᠠ ᠢᠢᠨ ᠵᠣᠷᠢᠯᠲᠠ᠂ ᠲᠡᠷᠢᠭᠦᠯᠬᠦ ᠴᠢᠭᠯᠡᠯ᠂ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ᠂ ᠲᠤᠯᠭᠠᠮᠳᠠᠵᠤ ᠪᠤᠢ ᠰᠠᠭᠠᠳ ᠪᠡᠷᠬᠡᠰᠢᠶᠡᠯ ᠢ ᠳᠠᠪᠠᠨ ᠲᠤᠭᠤᠯᠬᠤ ᠲᠠᠯ ᠠ ᠪᠠᠷ ᠬᠡᠷᠡᠭᠵᠢᠭᠦᠯᠵᠦ ᠪᠤᠢ ᠪᠣᠳᠤᠯᠭ᠎ᠠ᠂ ᠦᠢᠯᠡ ᠠᠵᠢᠯᠯᠠᠭ᠎ᠠ ᠢᠢ ᠲᠠᠨᠢᠯᠴᠠᠭᠤᠯᠵᠤ᠂ ᠦᠭᠡ ᠬᠡᠯᠡᠨ᠎ᠠ᠃

ᠶᠡᠷᠦᠩᠬᠡᠢ ᠰᠠᠨᠠᠯ ᠰᠢᠭᠦᠮᠵᠢᠯᠡᠯ ᠦᠨ ᠦᠶ ᠡ ᠪᠡᠷ ᠪᠢᠴᠢᠯ ᠪᠡᠶᠡᠲᠦ ᠢᠢᠨ ᠲᠡᠰᠪᠦᠷᠢᠯᠡᠴᠡ ᠢᠢᠨ ᠠᠰᠠᠭᠤᠳᠠᠯ ᠢᠢᠠᠷ ᠬᠢ ᠥᠨᠳᠦᠷ ᠲᠦᠪᠰᠢᠨ ᠦ ᠠᠭᠤᠯᠵᠠᠯᠲᠠ᠂ ᠴᠥᠮ ᠡ ᠢᠢᠨ ᠵᠡᠪᠰᠡᠭ ᠢ ᠪᠦᠷᠢᠮᠦᠰᠦᠨ ᠤᠰᠠᠳᠬᠠᠬᠤ ᠣᠯᠠᠨ ᠤᠯᠤᠯᠰ ᠤᠨ ᠡᠳᠦᠷ ᠢ ᠲᠣᠬᠢᠶᠠᠯᠳᠤᠭᠤᠯᠤᠨ ᠵᠣᠬᠢᠶᠠᠨ ᠪᠠᠢᠢᠭᠤᠯᠬᠤ ᠥᠨᠳᠦᠷ ᠲᠦᠪᠰᠢᠨ ᠦ ᠠᠭᠤᠯᠵᠠᠯᠲᠠ᠂ ᠬᠥᠭ᠍ᠵᠢᠵᠦ ᠪᠤᠢ ᠣᠷᠤᠨ ᠨᠤᠭᠤᠳ ᠤᠨ 77 ᠢᠢᠨ ᠪᠦᠯᠦᠭ ᠢᠢᠨ ᠰᠠᠢᠢᠳ ᠨᠠᠷ ᠤᠨ ᠠᠭᠤᠯᠵᠠᠯᠲᠠ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠰᠠᠢᠢᠳ ᠨᠠᠷ ᠤᠨ ᠠᠭᠤᠯᠵᠠᠯᠲᠠ ᠵᠡᠷᠭᠡ ᠥᠨᠳᠦᠷ᠂ ᠳᠡᠭᠡᠳᠦ ᠲᠥᠪᠰᠢᠨ ᠦ ᠬᠤᠷᠠᠯ᠂ ᠠᠷᠭ᠎ᠠ ᠬᠡᠮᠵᠢᠶ ᠡ ᠢᠢ ᠵᠣᠬᠢᠶᠠᠨ ᠪᠠᠢᠢᠭᠤᠯᠬᠤ ᠶᠤᠮ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠦᠨ ᠡᠮᠦᠨ᠎ᠡ 09 ᠳᠤᠭᠡᠷ ᠰᠠᠷ ᠠ ᠢᠢᠨ 22-23 ᠤ ᠡᠳᠦᠷ ᠦᠳ ᠲᠥ《ᠢᠷᠡᠭᠡᠳᠦᠢ ᠢᠢᠨ ᠠᠰᠠᠭᠤᠳᠠᠯ ᠢᠢᠠᠷ ᠬᠢ ᠳᠡᠭᠡᠳᠦ ᠲᠦᠪᠰᠢᠨ ᠦ ᠠᠭᠤᠯᠵᠠᠯᠲᠠ》  ᠠᠮᠵᠢᠯᠲᠠᠲᠠᠢ ᠪᠣᠯᠵᠤ ᠥᠨᠳᠦᠷᠯᠡᠭᠰᠡᠨ᠃