ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ ᠳᠤ ᠣᠷᠤᠯᠴᠠᠬᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2024 ᠣᠨ ᠤ 09 ᠳᠤᠭᠡᠷ ᠰᠠᠷ ᠠ ᠢᠢᠨ 24 ᠤ ᠡᠳᠦᠷ ᠣᠯᠠᠨ ᠤᠯᠤᠰ ᠤᠨ ᠤᠯᠠᠭᠠᠨ ᠵᠠᠭᠠᠯᠮᠠᠶ ᠢᠢᠨ ᠬᠣᠷᠢᠶᠠᠨ ᠤ ᠶᠡᠷᠦᠩᠬᠡᠢᠢᠯᠡᠭᠴᠢ ᠮᠢᠷᠶᠠᠨᠠ ᠰᠫᠣᠯᠵᠠᠷᠢᠻ ᠧᠭ᠍ᠭᠧᠷ (Mirjana Spoljaric Egger) ᠢᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠯᠠᠨ ᠤᠯᠤᠰ ᠤᠨ ᠬᠦᠮᠦᠨᠯᠢᠭ ᠦᠨ ᠡᠷᠬᠡ ᠵᠦᠢ ᠢᠢᠨ ᠦᠨᠳᠦᠰᠦ ᠰᠠᠭᠤᠷᠢ ᠪᠣᠯᠤᠭᠰᠠᠨ ᠿᠧᠨᠧᠸ ᠦᠨ ᠻᠣᠨ᠋ᠸᠧᠨ᠋ᠼᠢ ᠢᠢᠨ 75 ᠵᠢᠯ ᠦᠨ ᠣᠢ ᠢᠢ ᠲᠣᠬᠢᠶᠠᠯᠳᠤᠭᠤᠯᠤᠨ ᠪᠠᠶᠠᠷ ᠬᠦᠷᠭᠡᠵᠦ᠂ ᠳᠡᠯᠡᠬᠡᠢ ᠳ᠋ᠠᠬᠢᠨ ᠢᠢᠠᠨ ᠥᠷᠨᠢᠵᠦ ᠪᠤᠢ ᠬᠤᠷᠴᠠᠳᠠᠮᠠᠯ ᠨᠥᠬᠦᠴᠡᠯ ᠪᠠᠢᠢᠳᠠᠯ᠂ ᠵᠡᠪᠰᠡᠭᠲᠦ ᠮᠥᠷᠭᠦᠯᠳᠦᠭᠡᠨ᠂ ᠪᠠᠢᠢᠭᠠᠯᠢ ᠢᠢᠨ ᠭᠠᠮᠰᠢᠭ ᠤᠨ ᠬᠦᠨᠳᠦ ᠦᠶ ᠡ ᠳᠥ ᠤᠯᠠᠭᠠᠨ ᠵᠠᠭᠠᠯᠮᠠᠶ ᠢᠢᠨ ᠬᠣᠷᠢᠶᠠᠨ ᠤ ᠮᠠᠩᠯᠠᠢᠢᠯᠠᠯ᠂ ᠰᠢᠭᠤᠷᠬᠠᠢ ᠤᠳᠤᠷᠢᠳᠤᠯᠭ᠎ᠠ᠂ ᠬᠠᠮᠲᠤ ᠢᠢᠨ ᠠᠵᠢᠯᠯᠠᠭ᠎ᠠ᠂ ᠬᠦᠮᠦᠨᠯᠢᠭ ᠦᠨ ᠲᠤᠰᠠᠯᠠᠮᠵᠢ ᠢᠢ ᠪᠣᠳᠠᠳᠠᠢ᠂ ᠴᠠᠭ ᠠᠯᠳᠠᠯ ᠦᠭᠡᠢ ᠬᠦᠷᠭᠡᠬᠦ ᠵᠣᠷᠢᠯᠲᠠ ᠤᠯᠠᠮ ᠪᠦᠷᠢ ᠴᠢᠬᠤᠯᠠ ᠪᠣᠯᠵᠤ ᠪᠤᠢ ᠢᠢ ᠣᠨᠴᠠᠯᠠᠨ ᠬᠡᠯᠡᠪᠡ᠃
ᠠᠭᠤᠯᠵᠠᠯᠲᠠ ᠢᠢᠨ ᠦᠶ ᠡ ᠪᠡᠷ ᠲᠠᠯ ᠠ ᠨᠤᠭᠤᠳ ᠮᠣᠩ᠋ᠭᠣᠯ ᠤᠯᠤᠰ᠂ ᠣᠯᠠᠨ ᠤᠯᠤᠰ ᠤᠨ ᠤᠯᠠᠭᠠᠨ ᠵᠠᠭᠠᠯᠮᠠᠶ ᠢᠢᠨ ᠬᠣᠷᠢᠶᠠᠨ ᠤ ᠬᠠᠮᠲᠤ ᠢᠢᠨ ᠠᠵᠢᠯᠯᠠᠭ᠎ᠠ ᠣᠯᠠᠨ ᠵᠢᠯ ᠦᠨ ᠲᠤᠷᠰᠢ ᠥᠷᠭᠡᠵᠢᠨ ᠪᠡᠬᠢᠵᠢᠵᠦ᠂ ᠣᠯᠠᠨ ᠤᠯᠤᠰ ᠤᠨ ᠤᠨ ᠬᠦᠮᠦᠨᠯᠢᠭ ᠦᠨ ᠡᠷᠬᠡ ᠵᠦᠢ ᠢᠢᠨ ᠣᠢᠢᠯᠠᠭᠠᠯᠲᠠ᠂ ᠠᠴᠢ ᠬᠣᠯᠪᠤᠭᠳᠠᠯ ᠢ ᠨᠡᠮᠡᠭᠳᠡᠭᠦᠯᠬᠦ᠂ ᠬᠦᠮᠦᠨᠯᠢᠭ ᠦᠨ ᠲᠤᠰᠠᠯᠠᠮᠵᠢ ᠦᠵᠡᠭᠦᠯᠬᠦ ᠴᠢᠭᠯᠡᠯ ᠢᠢᠡᠷ ᠬᠠᠮᠲᠤᠷᠠᠨ ᠠᠵᠢᠯᠯᠠᠵᠤ ᠢᠷᠡᠭᠰᠡᠨ ᠢ ᠲᠡᠮᠳᠡᠭᠯᠡᠯ ᠡ᠃
ᠮᠥᠨ ᠣᠯᠠᠨ ᠤᠯᠤᠰ ᠤᠨ ᠤᠯᠠᠭᠠᠨ ᠵᠠᠭᠠᠯᠮᠠᠶ ᠢᠢᠨ ᠬᠣᠷᠢᠶᠠᠨ ᠤ ᠬᠦᠮᠦᠨᠯᠢᠭ ᠦᠨ ᠦᠢᠯᠡ ᠠᠵᠢᠯᠯᠠᠭ᠎ᠠ ᠢᠢ ᠳᠡᠮᠵᠢᠬᠦ ᠵᠣᠷᠢᠯᠭ᠎ᠠ ᠪᠠᠷ ᠵᠡᠭᠦᠨ ᠬᠣᠢᠢᠳᠤ ᠠᠽᠢ ᠳᠠᠬᠢ ᠬᠠᠩᠬ᠋ᠠᠮᠵᠢ ᠢᠢᠨ ᠠᠭᠤᠯᠬᠤ ᠢᠢ ᠮᠣᠩ᠋ᠭᠣᠯ ᠤᠯᠤᠰ ᠲᠤ ᠪᠠᠢᠢᠭᠤᠯᠬᠤ᠂ ᠬᠦᠮᠦᠨᠯᠢᠭ ᠦᠨ ᠲᠤᠰᠠᠯᠠᠮᠵᠢ ᠢᠢᠨ ᠪᠦᠲᠦᠭᠡᠭ᠍ᠳᠡᠬᠦᠨ ᠦ ᠪᠠᠭᠴᠠ ᠢᠢ ᠨᠡᠢᠢᠯᠡᠭᠦᠯᠬᠦ ᠳᠥ ᠴᠢᠨᠠᠭᠰᠢᠳᠠ ᠬᠠᠮᠲᠤᠷᠠᠨ ᠠᠵᠢᠯᠯᠠᠬᠤ ᠪᠣᠯᠤᠮᠵᠢ ᠢᠢᠨ ᠲᠠᠯ ᠠ ᠪᠠᠷ ᠰᠠᠨᠠᠯ ᠰᠣᠯᠢᠯᠴᠠᠪᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠤᠯᠠᠭᠠᠨᠪᠠᠭᠠᠲᠤᠷ ᠬᠣᠲᠠᠨ᠎ᠠ ᠡᠨᠡ ᠣᠨ ᠤ 08 ᠳᠤᠭᠠᠷ ᠰᠠᠷ ᠠ 22-23 ᠤ ᠡᠳᠦᠷ ᠦᠳ ᠲᠥ ᠠᠮᠵᠢᠯᠲᠠᠲᠠᠢ ᠵᠣᠬᠢᠶᠠᠨ ᠪᠠᠢᠢᠭᠤᠯᠤᠭᠳᠠᠭᠰᠠᠨ 《ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ》 ᠳᠤ ᠣᠯᠠᠨ ᠤᠯᠤᠰ ᠤᠨ ᠤᠯᠠᠭᠠᠨ ᠵᠠᠭᠠᠯᠮᠠᠶ ᠢᠢᠨ ᠬᠣᠷᠢᠶᠠᠨ ᠠᠴᠠ ᠲᠥᠯᠦᠭᠡᠯᠡᠭᠴᠢ ᠣᠷᠤᠯᠴᠠᠭᠰᠠᠨ ᠢ ᠲᠡᠮᠳᠡᠭᠯᠡᠵᠦ᠂ ᠣᠯᠠᠨ ᠤᠯᠤᠰ ᠤᠨ ᠤᠯᠠᠭᠠᠨ ᠵᠠᠭᠠᠯᠮᠠᠶ ᠢᠢᠨ ᠬᠣᠷᠢᠶᠠᠨ ᠤ ᠶᠡᠷᠦᠩᠬᠡᠢᠢᠯᠡᠭᠴᠢ ᠮᠢᠷᠶᠠᠨᠠ ᠰᠫᠣᠯᠵᠠᠷᠢᠻ ᠧᠭ᠍ᠭᠧᠷ (Mirjana Spoljaric Egger) ᠢᠢ ᠮᠣᠩ᠋ᠭᠣᠯ ᠤᠯᠤᠰ ᠲᠤ ᠲᠠᠭᠠᠯᠠᠮᠵᠢᠲᠠᠢ ᠴᠠᠭ ᠲᠠᠭᠠᠨ ᠠᠢᠢᠯᠴᠢᠯᠠᠬᠤ ᠢᠢ ᠤᠷᠢᠪᠠ᠃