Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠰᠫᠠᠨᠢ ᠢᠢᠨ ᠬᠠᠭᠠᠨᠲᠤ ᠤᠯᠤᠰ ᠤᠨ ᠶᠡᠷᠦᠩᠬᠡᠢ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠣᠷᠤᠯᠴᠠᠬᠤ ᠦᠶ ᠡ ᠪᠡᠷ ᠢᠢᠡᠨ 2024 ᠣᠨ ᠤ 09 ᠳᠤᠭᠡᠷ ᠰᠠᠷ ᠠ ᠢᠢᠨ 24 ᠤ ᠡᠳᠦᠷ ᠢᠰᠫᠠᠨᠢ ᠢᠢᠨ ᠬᠠᠭᠠᠨᠲᠤ ᠤᠯᠤᠰ ᠤᠨ ᠶᠡᠷᠦᠩᠬᠡᠢ ᠰᠠᠢᠢᠳ ᠫᠧᠳ᠋ᠷᠣ᠋ ᠰᠠᠨ᠋ᠴᠧᠽ (Pedro Sánchez) ᠢ ᠬᠦᠯᠢᠶᠡᠨ ᠠᠪᠴᠤ ᠠᠭᠤᠯᠵᠠᠪᠠ᠃

ᠠᠭᠤᠯᠵᠠᠯᠲᠠ ᠢᠢᠨ ᠦᠶ ᠡ ᠪᠡᠷ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩᠭ᠋ᠤᠯ ᠤᠯᠤᠰ ᠤᠨ 《ᠭᠤᠷᠪᠠᠳᠠᠭᠴᠢ ᠬᠥᠷᠰᠢ》 ᠧᠦ᠋ᠷᠤᠫᠠ ᠢᠢᠨ ᠬᠣᠯᠪᠤᠭᠠᠨ ᠤ ᠭᠡᠰᠢᠭᠦᠨ᠂ ᠢᠰᠫᠠᠨᠢ ᠢᠢᠨ ᠬᠠᠭᠠᠨᠲᠤ ᠤᠯᠤᠰ ᠲᠠᠢ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠢᠢ ᠪᠦᠬᠦᠢ ᠯᠡ ᠰᠠᠯᠪᠤᠷᠢ ᠳᠤ ᠦᠷᠭᠡᠵᠢᠭᠦᠯᠬᠦ ᠬᠥᠭ᠍ᠵᠢᠭᠦᠯᠬᠦ ᠡᠷᠡᠮᠡᠯᠵᠡᠯ ᠢᠢᠡᠨ ᠢᠯᠡᠷᠬᠡᠢᠢᠯᠡᠪᠡ᠃

ᠬᠣᠶᠠᠷ ᠲᠠᠯ ᠠ ᠢᠢᠨ ᠬᠠᠷᠢᠯᠴᠠᠭ᠎ᠠ ᠢᠢ ᠡᠳ᠋ ᠦᠨ ᠵᠠᠰᠠᠭ᠂ ᠬᠤᠳᠠᠯᠳᠤᠭᠠᠨ ᠤ ᠪᠣᠳᠠᠲᠤ ᠠᠭᠤᠯᠭ᠎ᠠ ᠪᠠᠷ ᠪᠠᠶᠠᠵᠢᠭᠤᠯᠬᠤ᠂ ᠳᠡᠭᠡᠳᠦ ᠲᠦᠪᠰᠢᠨ ᠦ ᠠᠢᠢᠯᠴᠢᠯᠠᠯ ᠬᠡᠷᠡᠭᠵᠢᠭᠦᠯᠬᠦ ᠵᠠᠮ ᠢᠢᠠᠷ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠪᠣᠯᠤᠮᠵᠢ ᠢᠢᠨ ᠲᠠᠯ ᠠ ᠪᠠᠷ ᠲᠠᠯ ᠠ ᠨᠤᠭᠤᠳ ᠰᠠᠨᠠᠯ ᠰᠣᠯᠢᠯᠴᠠᠪᠠ᠃

ᠶᠡᠷᠦᠩᠬᠡᠢ ᠰᠠᠢᠢᠳ ᠫᠧᠳ᠋ᠷᠣ᠋ ᠰᠠᠨ᠋ᠴᠧᠽ (Pedro Sánchez) ᠢᠰᠫᠠᠨᠢ ᠢᠢᠨ ᠬᠠᠭᠠᠨᠲᠤ ᠤᠯᠤᠰ᠂ ᠮᠣᠩ᠋ᠭᠣᠯ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠡ ᠲᠦᠪᠰᠢᠨ ᠳᠥ ᠥᠷᠭᠡᠵᠢᠭᠦᠯᠦᠨ ᠬᠥᠭ᠍ᠵᠢᠭᠦᠯᠬᠦ᠂ ᠳᠡᠭᠡᠳᠦ᠂ ᠥᠨᠳᠦᠷ ᠲᠦᠪᠰᠢᠨ ᠦ ᠠᠢᠢᠯᠴᠢᠯᠠᠯ ᠢ ᠬᠡᠷᠡᠭᠵᠢᠭᠦᠯᠬᠦ ᠢᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠯ ᠡ᠃

ᠲᠡᠭᠦᠨᠴᠢᠯᠡᠨ ᠢᠰᠫᠠᠨᠢ ᠢᠢᠨ ᠬᠠᠭᠠᠨᠲᠤ ᠤᠯᠤᠰ ᠨᠢ ᠧᠦ᠋ᠷᠤᠫᠠ ᠢᠢᠨ ᠬᠣᠯᠪᠤᠭᠠᠨ ᠤ ᠭᠡᠰᠢᠭᠦᠨ ᠣᠷᠤᠨ ᠤ ᠬᠤᠪᠢ ᠪᠠᠷ ᠧᠦ᠋ᠷᠤᠫᠠ ᠢᠢᠨ ᠬᠣᠯᠪᠤᠭ᠎ᠠ᠂ ᠮᠣᠩ᠋ᠭᠣᠯ ᠤᠯᠤᠰ ᠤᠨ ᠬᠠᠷᠢᠯᠴᠠᠭ᠎ᠠ ᠢᠢ ᠢᠳᠡᠪᠬᠢᠵᠢᠭᠦᠯᠬᠦ ᠳᠥ ᠬᠤᠪᠢ ᠨᠡᠮᠡᠷᠢ ᠪᠡᠨ ᠣᠷᠤᠭᠤᠯᠬᠤ᠂ ᠧᠦ᠋ᠷᠤᠫᠠ ᠢᠢᠨ ᠬᠣᠯᠪᠤᠭᠠᠨ ᠤ ᠭᠡᠰᠢᠭᠦᠨ ᠣᠷᠤᠨ ᠨᠤᠭᠤᠳ ᠲᠠᠢ ᠮᠣᠩ᠋ᠭᠣᠯ ᠤᠯᠤᠰ ᠢ ᠬᠣᠯᠪᠤᠬᠤ ᠭᠦᠭᠦᠷᠭᠡ ᠪᠣᠯᠤᠨ ᠠᠵᠢᠯᠯᠠᠬᠤ ᠳᠤ ᠪᠡᠯᠡᠨ ᠪᠠᠢᠢᠭ᠎ᠠ ᠪᠠᠨ ᠲᠡᠮᠳᠡᠭᠯᠡᠪᠡ᠃

ᠲᠠᠯ ᠠ ᠨᠤᠭᠤᠳ ᠬᠣᠶᠠᠷ ᠤᠯᠤᠰ ᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠤᠨ ᠬᠦᠷᠢᠶᠡᠨ ᠳᠡᠬᠢ ᠤᠯᠠᠮᠵᠢᠯᠠᠯᠲᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠪᠡᠨ ᠨᠣᠲᠠᠯᠠᠯ ᠠ᠃