ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠨᠶᠤ᠋-ᠶᠣᠷᠻ ᠬᠣᠲᠠᠨ᠎ᠠ ᠪᠣᠯᠵᠤ ᠪᠤᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠶᠢᠨ 79 ᠳ᠋ᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠣᠷᠣᠯᠴᠠᠬᠤ ᠦᠶ᠎ᠡ ᠪᠡᠷ ᠢᠶᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠰ (António Guterres) ᠲᠡᠢ 2024 ᠣᠨ ᠤ 09 ᠳ᠋ᠤᠭᠡᠷ ᠰᠠᠷ᠎ᠠ ᠶᠢᠨ 25 ᠍ ᠤ ᠡᠳᠦᠷ ᠠᠭᠤᠯᠵᠠᠯ᠎ᠠ᠃
ᠮᠣᠩ᠋ᠭᠣᠯ ᠤᠯᠤᠰ ᠤᠨ ᠶᠡᠷᠦᠩᠬᠡᠶᠢᠯᠡᠭᠴᠢ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ᠌ ᠦᠨ ᠡᠮᠦᠨ᠎ᠡ ᠲᠤᠯᠭᠠᠷᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ᠂ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠤᠨ ᠬᠡᠷᠡᠭᠵᠢᠯᠲᠡ ᠶᠢ ᠬᠠᠩ᠋ᠭᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠡ᠊ᠩᠬᠡ ᠶᠢ ᠰᠠᠬᠢᠭᠤᠯᠬᠤ ᠠᠵᠢᠯᠯᠠᠭ᠎ᠠ᠂ ᠵᠧᠨ᠋ᠳᠡᠷ ᠦᠨ ᠲᠡᠭᠰᠢ ᠪᠠᠶᠢᠳᠠᠯ ᠢ ᠬᠠᠩ᠋ᠭᠠᠬᠤ ᠴᠢᠭᠯᠡᠯ ᠢᠶᠡᠷ ᠮᠣᠩ᠋ᠭᠣᠯ ᠤᠯᠤᠰ ᠤᠨ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠬᠥᠨᠳᠡᠵᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠮᠣᠩ᠋ᠭᠣᠯ ᠤᠯᠤᠰ ᠢ ᠲᠤᠭᠤᠰᠢᠲᠠᠢ ᠳᠡᠮᠵᠢᠵᠦ ᠠᠵᠢᠯᠯᠠᠳᠠᠭ ᠲᠤ ᠲᠠᠯᠠᠷᠬᠠᠯ ᠢᠶᠠᠨ ᠢᠯᠡᠷᠬᠡᠶᠢᠯᠡᠪᠡ᠃
ᠲᠡᠭᠦᠨᠴᠢᠯᠡᠨ ᠤᠯᠠᠭᠠᠨᠪᠠᠭᠠᠲᠤᠷ ᠬᠣᠲᠠᠨ᠎ᠠ ᠳᠡᠯᠡᠬᠡᠢ ᠶᠢᠨ ᠡᠮᠡᠭᠲᠡᠶᠢᠴᠦᠳ ᠦᠨ ᠴᠢᠭᠤᠯᠭ᠎ᠠ ᠠᠭᠤᠯᠵᠠᠯᠲᠠ᠂ ᠵᠡᠭᠦᠨ ᠬᠣᠶᠢᠳᠤ ᠠᠽᠢ ᠶᠢᠨ ᠠᠶᠤᠯ ᠦᠭᠡᠢ ᠪᠠᠶᠢᠳᠠᠯ ᠤᠨ ᠠᠰᠠᠭᠤᠳᠠᠯ ᠢᠢᠠᠷ ᠬᠢ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠪᠠᠭ᠎ᠠ ᠬᠤᠷᠠᠯ ᠢ ᠠᠮᠵᠢᠯᠲᠠᠲᠠᠢ ᠵᠣᠬᠢᠶᠠᠨ ᠪᠠᠶᠢᠭᠤᠯᠤᠭᠰᠠᠨ ᠲᠠᠯ᠎ᠠ ᠪᠠᠷ ᠮᠡᠳᠡᠭᠡᠯᠡᠯ ᠥᠭᠴᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠪᠦᠬᠦ ᠴᠢᠭᠯᠡᠯ ᠳᠥ ᠪᠡᠬᠢᠵᠢᠭᠦᠯᠬᠦ ᠶᠢᠨ ᠲᠥᠯᠥᠭᠡ ᠪᠠᠶᠢᠭ᠎ᠠ ᠪᠠᠨ ᠣᠨᠴᠠᠯᠠᠯ᠎ᠠ᠃
ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠰ (António Guterres) ᠮᠣᠩ᠋ᠭᠣᠯ ᠤᠯᠤᠰ ᠤᠨ 2026 ᠣᠨ ᠳᠤ ᠡᠬᠡ ᠣᠷᠣᠨ ᠳᠠᠭᠠᠨ ᠵᠣᠬᠢᠶᠠᠨ ᠪᠠᠶᠢᠭᠤᠯᠬᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠢᠢᠨ ᠲᠠᠯ ᠠ ᠨᠤᠭᠤᠳ ᠤᠨ 17 ᠳ᠋ᠤᠭᠠᠷ ᠪᠠᠭ᠎ᠠ ᠬᠤᠷᠠᠯ ᠢ ᠣᠨᠴᠠᠯᠠᠵᠤ᠂ ᠪᠦᠰᠡ ᠨᠤᠲᠤᠭ᠂ ᠣᠯᠠᠨ ᠤᠯᠤᠰ ᠤᠨ ᠡᠮᠦᠨ᠎ᠡ ᠲᠤᠯᠭᠠᠷᠠᠵᠤ ᠪᠤᠢ ᠠᠰᠠᠭᠤᠳᠠᠯ ᠢ ᠰᠢᠢᠳᠪᠦᠷᠢᠯᠡᠬᠦ ᠳᠥ ᠣᠷᠣᠭᠤᠯᠵᠤ ᠪᠤᠢ ᠮᠣᠩ᠋ᠭᠣᠯ ᠤᠯᠤᠰ ᠤᠨ ᠬᠤᠪᠢ ᠨᠡᠮᠡᠷᠢ ᠶᠢ ᠥᠨᠳᠦᠷ ᠢᠶᠡᠷ ᠦᠨᠡᠯᠡᠵᠦ ᠪᠠᠶᠢᠳᠠᠭ ᠢᠶᠠᠨ ᠲᠡᠮᠳᠡᠭᠯᠡᠯ ᠡ᠃
ᠮᠣᠩ᠋ᠭᠣᠯ ᠤᠯᠤᠰ ᠣᠯᠠᠨ ᠲᠤᠯᠭᠠᠭᠤᠷᠢᠲᠤ᠂ ᠡ᠊ᠩᠬᠡ ᠶᠢ ᠡᠷᠬᠢᠮᠯᠡᠭᠰᠡᠨ᠂ ᠨᠡᠭᠡᠭᠡᠯᠲᠡᠲᠡᠢ ᠭᠠᠳᠠᠭᠠᠳᠤ ᠪᠣᠳᠣᠯᠭ᠎ᠠ ᠪᠠᠨ ᠠᠮᠵᠢᠯᠲᠠᠲᠠᠢ ᠬᠡᠷᠡᠭᠵᠢᠭᠦᠯᠵᠦ᠂ ᠮᠥᠩᠬᠡ ᠶᠢᠨ ᠬᠣᠶᠠᠷ ᠬᠥᠷᠰᠢ ᠪᠣᠯᠤᠨ ᠳᠡᠯᠡᠬᠡᠢ ᠶᠢᠨ ᠪᠤᠰᠤᠳ ᠤᠯᠤᠰ ᠣᠷᠣᠨ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠲᠡᠩᠴᠡᠪᠦᠷᠢᠲᠡᠢ ᠪᠥᠭᠡᠳ ᠡᠷᠴᠢᠮᠲᠡᠢ ᠬᠥᠭ᠍ᠵᠢᠭᠦᠯᠵᠦ ᠪᠠᠶᠢᠭ᠎ᠠ ᠨᠢ ᠪᠠᠬᠠᠷᠬᠠᠭᠤᠰᠢᠲᠠᠢ ᠬᠡᠮᠡᠨ ᠲᠡᠮᠳᠡᠭᠯᠡᠯ ᠡ᠃
ᠲᠡᠷᠡ ᠪᠡᠷ ᠮᠣᠩ᠋ᠭᠣᠯ ᠤᠯᠤᠰ ᠨᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯᠤᠨ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ᠌ ᠦᠨ ᠴᠢᠬᠤᠯᠠ ᠭᠡᠰᠢᠭᠦᠨ᠂ ᠪᠦᠰᠡ ᠨᠤᠲᠤᠭ ᠤᠨ ᠢᠶᠠᠨ ᠤᠯᠤᠰ ᠣᠷᠣᠨ ᠨᠤᠭᠤᠳ ᠤᠨ ᠬᠠᠷᠢᠯᠴᠠᠨ ᠣᠶᠢᠯᠠᠭᠠᠯᠴᠠᠯ᠂ ᠬᠠᠷᠢᠯᠴᠠᠨ ᠢᠲᠡᠭᠡᠯᠴᠡᠯ ᠦᠨ ᠭᠦᠭᠦᠷᠭᠡ ᠪᠣᠯᠵᠤ ᠪᠠᠶᠢᠭ᠎ᠠ ᠶᠢ ᠲᠡᠮᠳᠡᠭᠯᠡᠬᠦ ᠶᠢᠨ ᠰᠠᠴᠠᠭᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠨᠢ ᠮᠣᠩ᠋ᠭᠣᠯ ᠤᠯᠤᠰ ᠲᠠᠢ ᠬᠠᠮᠲᠤ ᠶᠢᠨ ᠠᠵᠢᠯᠯᠠᠭ᠎ᠠ ᠪᠠᠨ ᠭᠦᠨᠵᠡᠭᠡᠶᠢᠷᠡᠭᠦᠯᠬᠦ᠂ ᠪᠡᠬᠢᠵᠢᠭᠦᠯᠬᠦ ᠶᠢᠨ ᠲᠥᠯᠦᠭᠡ ᠪᠠᠶᠢᠭ᠎ᠠ ᠶᠢ ᠢᠯᠡᠷᠬᠡᠶᠢᠯᠡᠯ᠎ᠡ᠃
ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠰ (António Guterres) 2022 ᠣᠨ ᠳᠤ ᠮᠣᠩ᠋ᠭᠣᠯ ᠤᠯᠤᠰ ᠲᠤ ᠬᠢᠭ᠍ᠰᠡᠨ ᠠᠶᠢᠯᠴᠢᠯᠠᠯ ᠤᠨ ᠦᠶ᠎ᠡ ᠪᠡᠷ ᠬᠠᠯᠠᠭᠤᠨ ᠳᠣᠲᠣᠨᠣ ᠪᠠᠷ ᠬᠦᠯᠢᠶᠡᠨ ᠠᠪᠤᠭᠰᠠᠨ ᠢ ᠰᠠᠨᠠᠨ ᠳᠤᠷᠠᠰᠴᠤ ᠪᠠᠶᠢᠳᠠᠭ ᠢᠶᠠᠨ ᠬᠡᠯᠡᠭᠡᠳ᠂ ᠮᠣᠩ᠋ᠭᠣᠯ ᠤᠨ ᠠᠷᠠᠳ ᠲᠦᠮᠡᠨ ᠳᠥ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠪᠡ᠃
ᠮᠣᠩ᠋ᠭᠣᠯ ᠤᠯᠤᠰ ᠤᠨ ᠲᠥᠷᠦ᠂ ᠵᠠᠰᠠᠭ ᠠᠴᠠ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ᠂ ᠤᠯᠤᠰ ᠣᠷᠣᠨ ᠤ ᠪᠠᠨ ᠬᠥᠭ᠍ᠵᠢᠯ ᠳᠡᠪᠰᠢᠯ ᠢ ᠴᠣᠭᠴᠠᠯᠠᠭᠠᠬᠤ ᠴᠢᠭᠯᠡᠯ ᠳᠥ ᠭᠠᠷᠭᠠᠵᠤ ᠪᠤᠢ ᠬᠦᠴᠦᠨ ᠴᠢᠷᠮᠠᠶᠢᠯᠲᠠ ᠶᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯᠤᠨ ᠲᠡᠭᠦᠨ ᠦ ᠰᠢᠰᠲ᠋ᠧᠮ ᠦᠨ ᠪᠠᠶᠢᠭᠤᠯᠤᠯᠭ᠎ᠠ ᠨᠤᠭᠤᠳ ᠪᠦᠬᠦ ᠲᠠᠯ᠎ᠠ ᠪᠠᠷ ᠲᠤᠭᠤᠰᠢᠲᠠᠢ ᠳᠡᠮᠵᠢᠬᠤ ᠶᠢ ᠨᠣᠲᠠᠯᠠᠯ᠎ᠠ᠃