Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠬᠥᠭ᠍ᠵᠢᠯ ᠦᠨ ᠬᠥᠲᠦᠯᠪᠦᠷᠢ ᠶᠢᠨ ᠵᠠᠬᠢᠷᠤᠭᠴᠢ ᠶᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ 79 ᠳ᠋ᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠣᠷᠣᠯᠴᠠᠬᠤ ᠦᠶ᠎ᠡ ᠪᠡᠷ ᠢᠢᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠬᠥᠭ᠍ᠵᠢᠯ ᠦᠨ ᠬᠥᠲᠦᠯᠪᠦᠷᠢ ᠢᠢᠨ ᠵᠠᠬᠢᠷᠤᠭᠴᠢ ᠠᠻᠢᠮ ᠱᠲ᠋ᠠᠢᠢᠨᠧᠷ ᠢ 2024 ᠣᠨ ᠤ 9 ᠳ᠋ᠤᠭᠡᠷ ᠰᠠᠷ᠎ᠠ ᠢᠢᠨ 25 ᠤ ᠡᠳᠦᠷ ᠬᠦᠯᠢᠶᠡᠨ ᠠᠪᠴᠤ ᠠᠭᠤᠯᠵᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠥᠭ᠍ᠵᠢᠯ ᠦᠨ ᠬᠥᠲᠥᠯᠪᠦᠷᠢ ᠲᠡᠢ ᠬᠥᠭ᠍ᠵᠢᠭᠦᠯᠵᠦ ᠪᠤᠢ ᠬᠠᠮᠲᠤ ᠢᠢᠨ ᠠᠵᠢᠯᠯᠠᠭᠠᠨ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠭᠡᠳ᠂ ᠮᠣᠩ᠋ᠭᠣᠯ ᠤᠯᠤᠰ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠢᠢᠨ ᠬᠡᠷᠡᠭᠵᠢᠯᠲᠡ ᠶᠢ ᠡᠷᠴᠢᠮᠵᠢᠭᠦᠯᠬᠦ ᠢᠢᠨ ᠲᠥᠯᠥᠭᠡ ᠪᠠᠢᠢᠭ᠎ᠠ ᠶᠢ ᠲᠣᠳᠣᠳᠬᠠᠪᠠ᠃

ᠮᠣᠩ᠋ᠭᠣᠯ ᠤᠯᠤᠰ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠥᠭ᠍ᠵᠢᠯ ᠦᠨ ᠬᠥᠲᠦᠯᠪᠦᠷᠢ ᠢᠢᠨ ᠬᠣᠭᠣᠷᠣᠨᠳᠣ ᠰᠠᠢᠢᠨ ᠵᠠᠰᠠᠭᠯᠠᠯ᠂ ᠴᠥᠯᠵᠢᠯᠲᠡ᠂ ᠠᠭᠤᠷ ᠠᠮᠢᠰᠬᠤᠯ ᠤᠨ ᠥᠭᠡᠷᠡᠴᠢᠯᠡᠯᠲᠡ᠂ ᠨᠣᠭᠣᠭᠠᠨ ᠰᠢᠯᠵᠢᠯᠲᠡ᠂ ᠡᠷᠴᠢᠮ ᠬᠦᠴᠦᠨ ᠦ ᠰᠢᠯᠵᠢᠯᠲᠡ᠂ ᠡᠮᠡᠭᠲᠡᠢᠢᠴᠦᠳ ᠢ ᠴᠢᠳᠠᠪᠬᠢᠵᠢᠭᠤᠯᠬᠤ᠂ ᠵᠧᠨ᠋ᠳᠡᠷ ᠦᠨ ᠲᠡᠭᠰᠢ ᠪᠠᠢᠢᠳᠠᠯ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠣᠯᠠᠨ ᠴᠢᠭᠯᠡᠯ ᠢᠢᠡᠷ ᠥᠷᠨᠢᠵᠦ ᠪᠤᠢ ᠬᠠᠮᠲᠤ ᠢᠢᠨ ᠠᠵᠢᠯᠯᠠᠭ᠎ᠠ ᠢᠢ ᠲᠤᠭᠤᠰᠢᠲᠠᠢ ᠳᠡᠮᠵᠢᠬᠦ ᠪᠡᠨ ᠢᠯᠡᠷᠬᠡᠢᠢᠯᠡᠯ᠎ᠡ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠥᠭ᠍ᠵᠢᠯ ᠦᠨ ᠬᠥᠲᠥᠯᠪᠦᠷᠢ ᠢᠢᠨ ᠵᠠᠬᠢᠷᠤᠭᠴᠢ ᠠᠻᠢᠮ ᠱᠲ᠋ᠠᠢᠢᠨᠧᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠳᠡᠮᠵᠢᠨ᠂ ᠮᠣᠩ᠋ᠭᠣᠯ ᠤᠯᠤᠰ ᠲᠠᠢ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠬᠦ᠂ ᠢᠯᠠᠩ᠋ᠭᠤᠶ᠎ᠠ ᠪᠠᠢᠢᠭᠠᠯᠢ ᠣᠷᠴᠢᠨ᠂ ᠨᠣᠭᠣᠭᠠᠨ ᠬᠥᠭ᠍ᠵᠢᠯ ᠦᠨ ᠬᠠᠮᠲᠤ ᠢᠢᠨ ᠠᠵᠢᠯᠯᠠᠭᠠᠨ ᠳᠤ ᠣᠨᠴᠠᠭᠠᠢ ᠠᠩᠬᠠᠷᠤᠯ ᠬᠠᠩᠳᠠᠭᠤᠯᠬᠤ ᠪᠠᠨ ᠢᠯᠡᠷᠬᠡᠢᠢᠯᠡᠯ᠎ᠡ᠃

ᠲᠤᠬᠠᠢᠢᠯᠠᠪᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠶᠢᠨ ᠰᠠᠨᠠᠭᠠᠴᠢᠯᠠᠭᠰᠠᠨ ᠮᠠᠯ ᠤᠨ ᠭᠠᠷᠤᠯ ᠲᠠᠢ ᠲᠦᠭᠦᠬᠡᠢ ᠡᠳ᠋ ᠢ ᠡᠳ᠋ ᠦᠨ ᠵᠠᠰᠠᠭ ᠤᠨ ᠡᠷᠭᠢᠯᠲᠡ ᠳᠥ ᠣᠷᠣᠭᠤᠯᠵᠤ᠂ ᠨᠡᠮᠡᠭᠦᠦ ᠥᠷᠲᠡᠭ ᠰᠢᠩ᠋ᠭᠡᠭᠡᠭ᠍ᠰᠡᠨ ᠡᠻᠰᠫᠣᠷᠲ ᠤᠨ ᠪᠦᠲᠦᠭᠡᠭ᠍ᠳᠡᠬᠦᠨ ᠦᠢᠯᠡᠳᠪᠦᠷᠢᠯᠡᠬᠦ ᠵᠣᠷᠢᠯᠭ᠎ᠠ ᠲᠠᠢ 《ᠴᠠᠭᠠᠨ ᠠᠯᠲᠠ》 ᠬᠥᠲᠥᠯᠪᠦᠷᠢ ᠢᠢ ᠣᠨᠴᠠᠯᠠᠵᠤ᠂ ᠲᠤᠰ ᠬᠥᠲᠥᠯᠪᠦᠷᠢ ᠢᠢᠨ ᠬᠦᠷᠢᠶᠡᠨ ᠳᠥ ᠬᠠᠮᠲᠤᠷᠠᠨ ᠠᠵᠢᠯᠯᠠᠬᠤ ᠪᠣᠯᠤᠮᠵᠢ ᠢᠢᠨ ᠲᠠᠯ᠎ᠠ ᠪᠠᠷ ᠰᠠᠨᠠᠯ ᠰᠤᠯᠢᠯᠴᠠᠪᠠ᠃

ᠲᠡᠭᠦᠨᠴᠢᠯᠡᠨ ᠮᠣᠩ᠋ᠭᠣᠯ ᠤᠯᠤᠰ ᠤᠨ ᠶᠡᠷᠦᠩᠬᠡᠶᠢᠯᠡᠭᠴᠢ ᠢᠢᠨ ᠢᠪᠡᠭᠡᠯ ᠳᠣᠣᠷ᠎ᠠ ᠡᠨᠡ ᠣᠨ ᠤ ᠨᠠᠢᠮᠠᠳᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠤᠭᠰᠠᠨ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠨᠢ ᠴᠠᠭ ᠢᠢᠠᠨ ᠣᠯᠤᠭᠰᠠᠨ᠂ ᠵᠣᠬᠢᠶᠠᠨ ᠪᠠᠢᠢᠭᠤᠯᠤᠭᠴᠢ ᠣᠷᠣᠨ ᠲᠡᠳᠦᠢ ᠦᠭᠡᠢ ᠳᠡᠯᠡᠬᠡᠢ ᠳᠠᠶᠠᠭᠠᠷ ᠬᠢ ᠡᠮᠡᠭᠲᠡᠢᠢᠴᠦᠳ ᠦᠨ ᠨᠡᠢᠢᠲᠡᠯᠢᠭ ᠠᠰᠠᠭᠤᠳᠠᠯ ᠢ ᠬᠥᠨᠳᠡᠨ᠂ ᠥᠷᠭᠡᠨ ᠴᠠᠷ ᠬᠦᠷᠢᠶ᠎ᠡ ᠲᠡᠢ᠂ ᠠᠵᠢᠯ ᠬᠡᠷᠡᠭᠴᠢ ᠶᠠᠷᠢᠶ᠎ᠠ ᠬᠡᠯᠡᠯᠴᠡᠭᠡ ᠥᠷᠨᠢᠭᠦᠯᠦᠭᠰᠡᠨ ᠠᠮᠵᠢᠯᠲᠠᠲᠠᠢ ᠬᠤᠷᠠᠯ ᠪᠣᠯᠤᠭᠰᠠᠨ ᠭᠡᠳᠡᠭ ᠢ ᠲᠡᠮᠳᠡᠭᠯᠡᠯ ᠡ᠃

ᠴᠢᠭᠤᠯᠭ᠎ᠠ ᠠᠭᠤᠯᠵᠠᠯᠲᠠ ᠠᠴᠠ ᠪᠠᠲᠤᠯᠠᠭᠰᠠᠨ 《ᠲᠣᠭᠲᠠᠪᠤᠷᠢᠲᠠᠢ ᠢᠷᠡᠭᠡᠳᠦᠢ ᠢᠢᠨ ᠲᠥᠯᠦᠭᠡᠬᠢ ᠤᠯᠠᠭᠠᠨᠪᠠᠭᠠᠲᠤᠷ ᠤᠨ ᠲᠤᠩᠬᠠᠭᠯᠠᠯ》 ᠍ ᠤᠨ ᠭᠣᠣᠯ ᠦᠵᠡᠯ ᠰᠠᠨᠠᠭ᠎ᠠ ᠨᠶᠤ᠋-ᠶᠣᠷᠻ ᠬᠣᠲᠠᠨ᠎ᠠ 09 ᠳᠤᠭᠡᠷ ᠰᠠᠷ᠎ᠠ ᠢᠢᠨ 22-23 ᠍ ᠤ ᠡᠳᠦᠷ ᠦᠳ ᠲᠥ ᠪᠣᠯᠤᠭᠰᠠᠨ 《ᠢᠷᠡᠭᠡᠳᠦᠢ ᠢᠢᠨ ᠠᠰᠠᠭᠤᠳᠠᠯ ᠢᠢᠠᠷ ᠬᠢ ᠳᠡᠭᠡᠳᠦ ᠲᠦᠪᠰᠢᠨ ᠦ ᠠᠭᠤᠯᠵᠠᠯᠲᠠ》 ᠍ ᠠᠴᠠ ᠪᠠᠲᠤᠯᠠᠭᠰᠠᠨ ᠪᠠᠷᠢᠮᠲᠠ ᠪᠢᠴᠢᠭ᠌ ᠦᠳ ᠲᠥ ᠲᠤᠰᠬᠠᠯ ᠢᠢᠠᠨ ᠣᠯᠤᠭᠰᠠᠨ ᠢ ᠰᠠᠢᠢᠰᠢᠶᠠᠪᠠ᠃

ᠮᠣᠩ᠋ᠭᠣᠯ ᠤᠯᠤᠰ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠢᠢ ᠵᠣᠬᠢᠶᠠᠨ ᠪᠠᠢᠢᠭᠤᠯᠬᠤ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠥᠭ᠍ᠵᠢᠯ ᠦᠨ ᠬᠥᠲᠦᠯᠪᠦᠷᠢ ᠡᠴᠡ ᠳᠡᠮᠵᠢᠯᠭᠡ ᠦᠵᠡᠭᠦᠯᠦᠨ᠂ ᠬᠠᠮᠲᠤᠷᠠᠨ ᠠᠵᠢᠯᠯᠠᠭᠰᠠᠨ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠯ᠎ᠡ᠃