ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ᠂ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠲᠣ ᠯᠠᠮ (To Lam) 2024 ᠣᠨ ᠤ 09 ᠳ᠋ᠤᠭᠡᠷ ᠰᠠᠷ ᠠ ᠢᠢᠨ 30 ᠤ ᠡᠳᠦᠷ ᠮᠣᠩ᠋ᠭᠤᠯ ᠤᠯᠤᠰ ᠳᠤ ᠲᠥᠷᠦ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ ᠡ᠃
ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ ᠲᠣ ᠯᠠᠮ (To Lam) ᠪᠣᠯᠤᠨ ᠳᠠᠭᠠᠯᠳᠤᠨ ᠶᠠᠪᠤᠭ᠎ᠠ ᠲᠥᠯᠦᠭᠡᠯᠡᠭᠴᠢᠳ ᠢ «ᠴᠢᠩ᠋ᠭᠢᠰ ᠬᠠᠭᠠᠨ» ᠣᠯᠠᠨ ᠤᠯᠤᠰ ᠤᠨ ᠨᠢᠰᠬᠦ ᠣᠩ᠋ᠭᠤᠴᠠ ᠢᠢᠨ ᠪᠠᠭᠤᠳᠠᠯ ᠳᠤ ᠭᠠᠳᠠᠭᠠᠳᠤ ᠬᠠᠷᠢᠯᠴᠠᠭᠠᠨ ᠤ ᠰᠠᠢᠢᠳ ᠪᠠ᠊᠂ ᠪᠠᠲᠤᠴᠡᠴᠡᠭ᠂ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵ᠊᠂ ᠰᠡᠷᠡᠭᠡᠵᠠᠪ᠂ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠠᠴᠠ ᠮᠣᠩ᠋ᠭᠤᠯ ᠤᠯᠤᠰ ᠳᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠭᠦ᠋ᠶᠧᠨ ᠳ᠋ᠦᠠᠨ ᠲᠠᠨᠢ ᠲᠡᠷᠢᠭᠦᠲᠡᠶ ᠠᠯᠪᠠᠨ ᠤ ᠲᠥᠯᠦᠭᠡᠯᠡᠭᠴᠢᠳ ᠤᠭᠲᠤᠪᠠ᠃
ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢᠨ ᠬᠦᠷᠢᠶᠡᠨ ᠳᠥ ᠬᠡᠷᠡᠭᠵᠢᠵᠦ ᠪᠤᠢ ᠡᠨᠡᠬᠦ ᠲᠥᠷᠦ ᠢᠢᠨ ᠠᠢᠢᠯᠴᠢᠯᠠᠯ ᠤᠨ ᠦᠶ᠎ᠡ ᠪᠡᠷ ᠲᠥᠷᠦ ᠢᠢᠨ ᠲᠡᠷᠢᠭᠦᠨ ᠨᠤᠭᠦᠳ ᠠᠯᠪᠠᠨ ᠶᠣᠰᠤᠨ ᠤ ᠬᠡᠯᠡᠯᠴᠡᠭᠡ ᠬᠢᠵᠦ᠂ ᠬᠣᠶᠠᠷ ᠤᠯᠤᠰ ᠤᠨ ᠡᠷᠬᠡ ᠵᠦᠢ ᠢᠢᠨ ᠣᠷᠴᠢᠨ ᠢ ᠪᠡᠬᠢᠵᠢᠭᠦᠯᠬᠦ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠨᠤᠭᠦᠳ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃
ᠲᠡᠭᠦᠨᠴᠢᠯᠡᠨ ᠮᠣᠩ᠋ᠭᠤᠯ ᠤᠯᠤᠰ ᠤᠨ ᠶᠡᠬᠡ ᠬᠤᠷᠠᠯ ᠤᠨ ᠳᠠᠷᠤᠭ᠎ᠠ ᠳᠠ᠊᠂ ᠠᠮᠤᠷᠪᠠᠶᠠᠰᠬᠤᠯᠠᠩ᠂ ᠶᠡᠷᠦᠩᠬᠡᠶ ᠰᠠᠢᠢᠳ ᠯᠤ᠊᠂ ᠣᠶᠤᠨ-ᠡᠷᠳᠡᠨᠢ ᠨᠠᠷ ᠶᠡᠷᠦᠩᠬᠡᠢᠢᠯᠡᠭᠴᠢ ᠲᠣ ᠯᠠᠮ (To Lam) ᠳ᠋ᠤ ᠪᠠᠷᠠᠭᠠᠯᠬᠠᠵᠤ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠬᠤ ᠪᠠᠷ ᠲᠥᠯᠦᠪᠯᠡᠵᠦ ᠪᠠᠢᠢᠨ᠎ᠠ᠃ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠨᠢ 1954 ᠣᠨ ᠤ 11 ᠳ᠋ᠤᠭᠡᠷ ᠰᠠᠷ ᠠ ᠢᠢᠨ 17 ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃