Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠻᠠᠽᠠᠭᠰᠲ᠋ᠠᠨ ᠤᠯᠤᠰ ᠤᠨ ᠶᠡᠷᠦᠩᠬᠡᠢᠢᠯᠡᠭᠴᠢ ᠻᠠ᠊᠂ ᠲᠣᠻᠠᠶᠧᠸ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠨ᠎᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠻᠠᠽᠠᠭᠰᠲ᠋ᠠᠨ ᠤᠯᠤᠰ ᠤᠨ ᠶᠡᠷᠦᠩᠬᠡᠢᠢᠯᠡᠭᠴᠢ ᠻᠠᠰᠰᠢᠮ-ᠵᠣᠮᠠᠷᠲ᠋ ᠻᠧᠮᠧᠯᠧᠸᠢᠴ ᠲᠣᠻᠠᠶᠧᠸ (Касым-Жомарт Кемелевич Токаев, Kassym-Jomart Kemeluly Tokayev) 2024 ᠣᠨ ᠤ 10 ᠳ᠋ᠤᠭᠠᠷ ᠰᠠᠷ ᠠ ᠢᠢᠨ 28-29 ᠦ ᠡᠳᠦᠷ ᠦᠳ ᠲᠥ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠨ᠎ᠠ᠃

ᠡᠨᠡᠬᠦ ᠲᠥᠷᠦ ᠢᠢᠨ ᠠᠢᠢᠯᠴᠢᠯᠠᠯ ᠨᠢ ᠪᠦᠭᠦᠳᠡ ᠨᠠᠢᠢᠷᠠᠮᠳᠠᠬᠤ ᠻᠠᠽᠠᠭᠰᠲ᠋ᠠᠨ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ 2008 ᠣᠨ ᠳᠤ ᠬᠢᠭ᠍ᠰᠡᠨ ᠠᠢᠢᠯᠴᠢᠯᠠᠯ ᠠᠴᠠ ᠬᠣᠢᠢᠰᠢ 16 ᠵᠢᠯ ᠦᠨ ᠳᠠᠷᠠᠭ᠎ᠠ ᠬᠡᠷᠡᠭᠵᠢᠵᠦ ᠪᠤᠢ ᠠᠢᠢᠯᠴᠢᠯᠠᠯ ᠶᠤᠮ᠃

ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠠᠽᠠᠭᠰᠲ᠋ᠠᠨ ᠤᠯᠤᠰ ᠤᠨ ᠶᠡᠷᠦᠩᠬᠡᠢᠢᠯᠡᠭᠴᠢ ᠻᠠᠰᠰᠢᠮ-ᠵᠣᠮᠠᠷᠲ᠋ ᠻᠧᠮᠧᠯᠧᠸᠢᠴ ᠲᠣᠻᠠᠶᠧᠸ (Касым-Жомарт Токаев, Kassym-Jomart Tokayev) ᠨᠠᠷ ᠠᠯᠪᠠᠨ ᠶᠣᠰᠤᠨ ᠤ ᠬᠡᠯᠡᠯᠴᠡᠭᠡ ᠬᠢᠵᠥ᠂ ᠬᠣᠶᠠᠷ ᠤᠯᠤᠰ ᠤᠨ ᠥᠩ᠋ᠭᠡᠷᠡᠭᠰᠡᠨ 30 ᠭᠠᠷᠤᠶ ᠵᠢᠯ ᠦᠨ ᠬᠠᠷᠢᠯᠴᠠᠭᠠᠨ ᠤ ᠣᠯᠤᠯᠲᠠ᠂ ᠠᠮᠵᠢᠯᠲᠠ ᠢᠢ ᠳ᠋ᠦᠩᠨᠡᠨ ᠬᠡᠯᠡᠯᠴᠡᠵᠦ ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠰᠢᠨ᠎ᠡ ᠱᠠᠲᠤᠨ ᠳᠤ ᠭᠠᠷᠭᠠᠬᠤ᠂ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠤᠨ ᠬᠥᠭ᠍ᠵᠢᠭᠦᠯᠬᠦ ᠪᠣᠯᠤᠨ ᠣᠯᠠᠨ ᠤᠯᠤᠰ᠂ ᠪᠦᠰᠡ ᠨᠤᠲᠤᠭ ᠤᠨ ᠲᠠᠪᠴᠠᠩ ᠳᠠᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠵᠡᠷᠭᠡ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠬᠤ ᠪᠠᠷ ᠲᠥᠯᠦᠪᠯᠡᠵᠦ ᠪᠠᠢᠢᠨ᠎ᠠ᠃

ᠮᠥᠨ ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠵᠦ᠂ ᠲᠡᠭᠡᠭᠡᠪᠦᠷᠢ᠂ ᠯᠣᠭᠢᠰᠲ᠋ᠢᠭ᠂ ᠬᠥᠳᠡᠭᠡ ᠠᠵᠤ ᠠᠬᠤᠶ᠂ ᠮᠠᠯ ᠡᠮᠨᠡᠯᠭᠡ᠂ ᠮᠡᠳᠡᠭᠡᠯᠡᠯ ᠦᠨ ᠲ᠋ᠧᠺᠨᠣᠯᠤᠭᠢ᠂ ᠰᠣᠶᠤᠯ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠵᠢᠩ ᠲᠡᠢ ᠬᠤᠪᠢ ᠨᠡᠮᠡᠷᠢ ᠣᠷᠤᠭᠤᠯᠬᠤ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠪᠠᠷᠢᠮᠲᠠ ᠪᠢᠴᠢᠭ᠌ ᠦᠳ ᠢ ᠪᠠᠢᠢᠭᠤᠯᠤᠨ᠎ᠠ ᠃ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠻᠠᠽᠠᠭᠰᠲ᠋ᠠᠨ ᠤᠯᠤᠰ ᠨᠢ 1992 ᠣᠨ ᠤ 01 ᠳ᠋ᠤᠭᠡᠷ ᠰᠠᠷ ᠠ ᠢᠢᠨ 22 ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃