ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠻᠠᠽᠠᠬᠰᠲ᠋ᠠᠨ ᠤᠯᠤᠰ ᠤᠨ ᠶᠡᠷᠦᠩᠬᠡᠢᠢᠯᠡᠭᠴᠢ ᠻᠠᠰᠰᠢᠮ-ᠵᠣᠮᠠᠷᠲ᠋ ᠻᠧᠮᠧᠯᠧᠸᠢᠴ ᠲᠣᠻᠠᠶᠧᠸ (Касым-Жомарт Кемелевич Токаев, Kassym-Jomart Kemeluly Tokayev) 2024 ᠣᠨ ᠤ 10 ᠳ᠋ᠤᠭᠠᠷ ᠰᠠᠷ ᠠ ᠢᠢᠨ 28-29 ᠦ ᠡᠳᠦᠷ ᠦᠳ ᠲᠥ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠠᠽᠠᠬᠰᠲ᠋ᠠᠨ ᠤᠯᠤᠰ ᠤᠨ ᠶᠡᠷᠦᠩᠬᠡᠢᠢᠯᠡᠭᠴᠢ ᠻᠠ᠊᠂ ᠲᠣᠻᠠᠶᠧᠸ ᠢ ᠵᠠᠩᠵᠤᠨ ᠳ᠋ᠠ᠊᠂ ᠰᠦᠬᠡᠪᠠᠭᠠᠲᠤᠷ ᠤᠨ ᠲᠠᠯᠠᠪᠠᠢ ᠳᠤ ᠤᠭᠲᠤᠵᠤ ᠠᠪᠤᠯ ᠠ᠃
ᠲᠥᠷᠦ ᠢᠢᠨ ᠬᠦᠨᠳᠦᠲᠦ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳᠥ ᠬᠣᠶᠠᠷ ᠣᠷᠤᠨ ᠤ ᠲᠥᠷᠦ ᠢᠢᠨ ᠳᠠᠭᠤᠯᠠᠯ ᠡᠭᠡᠰᠢᠭᠯᠡᠪᠡ᠃ ᠶᠡᠷᠦᠩᠬᠡᠢᠢᠯᠡᠭᠴᠢ ᠨᠠᠷ ᠲᠥᠷᠦ ᠢᠢᠨ ᠶᠣᠰᠤᠯᠠᠯ ᠤᠨ ᠴᠡᠷᠢᠭ ᠦᠨ ᠴᠠᠭᠠᠨ ᠲᠤᠭ ᠲᠤ ᠮᠡᠬᠦᠢᠢᠨ ᠶᠤᠰᠤᠯᠠᠵᠤ᠂ ᠶᠡᠷᠦᠩᠬᠡᠢᠢᠯᠡᠭᠴᠢ ᠻᠠ᠊᠂ ᠲᠣᠻᠠᠶᠧᠸ ᠲᠥᠷᠦ ᠢᠢᠨ ᠬᠦᠨᠳᠦᠲᠦ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠯ ᠡ᠃
ᠲᠥᠷᠦ ᠢᠢᠨ ᠲᠡᠷᠢᠭᠦᠨ ᠨᠠᠷ ᠤᠭᠲᠤᠬᠤ ᠶᠣᠰᠤᠯᠠᠯ ᠳᠤ ᠬᠦᠷᠦᠯᠴᠡᠨ ᠢᠷᠡᠭᠰᠡᠨ ᠮᠣᠩ᠋ᠭᠤᠯ ᠤᠯᠤᠰ ᠪᠣᠯᠤᠨ ᠪᠦᠭᠦᠳᠡ ᠨᠠᠢᠢᠷᠠᠮᠳᠠᠬᠤ ᠻᠠᠽᠠᠬᠰᠲ᠋ᠠᠨ ᠤᠯᠤᠰ ᠤᠨ ᠠᠯᠪᠠᠨ ᠤ ᠲᠥᠯᠦᠭᠡᠯᠡᠭᠴᠢᠳ᠂ ᠮᠣᠩ᠋ᠭᠤᠯ ᠤᠯᠤᠰ ᠲᠤ ᠰᠠᠭᠤᠭ᠎ᠠ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠰᠠᠭᠤᠷᠢᠨ ᠲᠥᠯᠦᠭᠡᠯᠡᠭᠴᠢᠳ ᠲᠡᠢ ᠮᠡᠨᠳᠦᠴᠢᠯᠡᠯ ᠡ᠃
ᠶᠡᠷᠦᠩᠬᠡᠢᠢᠯᠡᠭᠴᠢ ᠨᠠᠷ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠶᠡᠷᠦᠩᠬᠡᠢᠢᠯᠡᠭᠴᠢ ᠻᠠ᠊᠂ ᠲᠣᠻᠠᠶᠧᠸ ᠲᠥᠷᠦ ᠢᠢᠨ ᠤᠷᠳᠦᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠯ ᠠ᠃
ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ᠂ ᠪᠦᠭᠦᠳᠡ ᠨᠠᠢᠢᠷᠠᠮᠳᠠᠬᠤ ᠻᠠᠽᠠᠬᠰᠲ᠋ᠠᠨ ᠤᠯᠤᠰ ᠤᠨ ᠶᠡᠷᠦᠩᠬᠡᠢᠢᠯᠡᠭᠴᠢ ᠻᠠ᠊᠂ ᠲᠣᠻᠠᠶᠧᠸ ᠨᠠᠷ ᠠᠯᠪᠠᠨ ᠶᠣᠰᠤᠨ ᠤ ᠬᠡᠯᠡᠯᠴᠡᠭᠡ ᠬᠢᠨ᠎ᠡ᠃ ᠲᠠᠯ᠎ᠠ ᠨᠤᠭᠤᠳ ᠥᠩ᠋ᠭᠡᠷᠡᠭᠰᠡᠨ 30 ᠭᠠᠷᠤᠶ ᠵᠢᠯ ᠦᠨ ᠬᠠᠷᠢᠯᠴᠠᠭᠠᠨ ᠤ ᠣᠯᠤᠯᠲᠠ᠂ ᠠᠮᠵᠢᠯᠲᠠ ᠢᠢ ᠳ᠋ᠦᠩᠨᠡᠨ ᠬᠡᠯᠡᠯᠴᠡᠵᠦ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠰᠢᠨ᠎ᠡ ᠱᠠᠲᠤᠨ ᠳᠤ ᠭᠠᠷᠭᠠᠬᠤ᠂ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ ᠪᠣᠯᠤᠨ ᠣᠯᠠᠨ ᠤᠯᠤᠰ᠂ ᠪᠦᠰᠡ ᠨᠤᠲᠤᠭ ᠤᠨ ᠲᠠᠪᠴᠠᠩ ᠳᠠᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠣᠯᠢᠯᠴᠠᠬᠤ ᠶᠤᠮ᠃
ᠬᠣᠶᠠᠷ ᠤᠯᠤᠰ ᠤᠨ ᠲᠥᠷᠦ ᠢᠢᠨ ᠲᠡᠷᠢᠭᠦᠨ ᠠᠯᠪᠠᠨ ᠶᠣᠰᠤᠨ ᠤ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠥᠭ᠍ᠬᠦ ᠪᠡᠷ ᠲᠥᠯᠦᠪᠯᠡᠵᠦ ᠪᠠᠢᠢᠨ᠎ᠠ᠃
ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠵᠦ᠂ ᠲᠡᠭᠡᠭᠡᠪᠦᠷᠢ᠂ ᠯᠣᠭᠢᠰᠲ᠋ᠢᠭ᠂ ᠬᠥᠳᠡᠭᠡ ᠠᠵᠤ ᠠᠬᠤᠶ᠂ ᠮᠠᠯ ᠡᠮᠨᠡᠯᠭᠡ᠂ ᠮᠡᠳᠡᠭᠡᠯᠡᠯ ᠦᠨ ᠲ᠋ᠧᠭᠨᠣᠯᠤᠭᠢ᠂ ᠰᠣᠶᠤᠯ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠭᠯᠡᠭᠰᠡᠨ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠪᠠᠷᠢᠮᠲᠠ ᠪᠢᠴᠢᠭ᠌ ᠦᠳ ᠲᠥ ᠬᠤᠯᠪᠤᠭᠳᠠᠬᠤ ᠠᠯᠪᠠᠨ ᠲᠤᠰᠢᠶᠠᠯᠲᠠᠨ ᠨᠤᠭᠤᠳ ᠭᠠᠷ ᠤᠨ ᠦᠰᠦᠭ ᠵᠢᠷᠤᠨ᠎ᠠ᠃
ᠶᠡᠷᠦᠩᠬᠡᠢᠢᠯᠡᠭᠴᠢ ᠻᠠ᠊᠂ ᠲᠣᠻᠠᠶᠧᠸ ᠤᠨ ᠡᠨᠡ ᠤᠳᠠᠭ᠎ᠠ ᠢᠢᠨ ᠲᠥᠷᠦ ᠢᠢᠨ ᠠᠢᠢᠯᠴᠢᠯᠠᠯ ᠨᠢ ᠪᠦᠭᠦᠳᠡ ᠨᠠᠢᠢᠷᠠᠮᠳᠠᠬᠤ ᠻᠠᠽᠠᠬᠰᠲ᠋ᠠᠨ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ 2008 ᠣᠨ ᠳᠤ ᠬᠢᠭ᠍ᠰᠡᠨ ᠠᠢᠢᠯᠴᠢᠯᠠᠯ ᠠᠴᠠ ᠬᠣᠢᠢᠰᠢ 16 ᠵᠢᠯ ᠦᠨ ᠳᠠᠷᠠᠭ᠎ᠠ ᠪᠣᠯᠵᠤ ᠪᠠᠢᠢᠨ᠎ᠠ᠃
ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠻᠠᠽᠠᠬᠰᠲ᠋ᠠᠨ ᠤᠯᠤᠰ 1992 ᠣᠨ ᠤ 01 ᠳ᠋ᠤᠭᠡᠷ ᠰᠠᠷ ᠠ ᠢᠢᠨ 22 ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠵᠡᠢ᠃ ᠮᠥᠨ ᠣᠨ ᠳᠤ ᠪᠠᠨ ᠮᠠᠨ ᠤ ᠤᠯᠤᠰ ᠠᠯᠢᠮᠠᠲ᠋ᠢ ᠬᠣᠲᠠ ᠳᠤ᠂ ᠻᠠᠽᠠᠬᠰᠲ᠋ᠠᠨ ᠤᠯᠤᠰ 1997 ᠣᠨ ᠳᠤ ᠤᠯᠠᠭᠠᠨᠪᠠᠭᠠᠲᠤᠷ ᠬᠣᠲᠠ ᠳᠤ ᠡᠯᠴᠢᠨ ᠰᠠᠢᠢᠳ ᠤᠨ ᠶᠠᠮᠤᠨ ᠢᠶᠠᠨ ᠨᠡᠭᠡᠭᠡᠭ᠍ᠰᠡᠨ᠃ ᠮᠠᠨ ᠤ ᠤᠯᠤᠰ ᠤᠨ ᠡᠯᠴᠢᠨ ᠰᠠᠢᠢᠳ ᠤᠨ ᠶᠠᠮᠤᠨ ᠣᠳᠤ ᠠᠰᠲ᠋ᠠᠨᠠ ᠬᠣᠲᠠᠨ᠎ᠠ ᠪᠠᠢᠢᠷᠢᠯᠠᠵᠤ ᠪᠠᠢᠢᠨ᠎ᠠ᠃