ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ ᠲᠣ ᠯᠠᠮ (To Lam) ᠤᠨ ᠮᠣᠩ᠋ᠭᠤᠯ ᠤᠯᠤᠰ ᠲᠤ ᠬᠢᠵᠥ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃ ᠠᠢᠢᠯᠴᠢᠯᠠᠯ ᠤᠨ ᠬᠦᠷᠢᠶᠡᠨ ᠳᠥ ᠮᠣᠩ᠋ᠭᠤᠯ᠂ ᠸᠢᠶᠧᠲ᠋ᠨᠠᠮ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ᠎ᠠ᠃
ᠡᠭᠦᠨ ᠳᠥ:
1. «ᠬᠠᠤᠯᠢ ᠵᠦᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠠᠤᠯᠢ ᠵᠦᠢ᠂ ᠳᠣᠲᠤᠭᠠᠳᠤ ᠬᠡᠷᠡᠭ ᠦᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠠᠤᠯᠢ ᠵᠦᠢ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠬᠠᠤᠯᠢ ᠵᠦᠢ᠂ ᠳᠣᠲᠤᠭᠠᠳᠤ ᠬᠡᠷᠡᠭ ᠦᠨ ᠰᠠᠢᠢᠳ ᠣᠶᠤᠨᠰᠠᠢᠢᠬᠠᠨ ᠤ ᠠᠯᠲᠠᠠᠭᠡᠷᠡᠯ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠬᠠᠤᠯᠢ ᠵᠦᠢ ᠢᠢᠨ ᠰᠠᠢᠢᠳ ᠨᠭᠦ᠋ᠶᠧᠨ ᠾᠠᠢ ᠨᠢᠩ ᠨᠠᠷ ᠭᠠᠷ ᠤᠨ ᠦᠰᠦᠭ ᠵᠢᠷᠤᠯ᠎ᠠ᠃
ᠬᠠᠤᠯᠢ ᠲᠣᠭᠲᠠᠭᠠᠮᠵᠢ ᠢᠢᠨ ᠲᠥᠰᠦᠯ ᠪᠣᠯᠪᠠᠰᠤᠷᠠᠭᠤᠯᠤᠬᠤ ᠳᠤ ᠤᠷᠢᠳᠴᠢᠯᠠᠭᠰᠠᠨ ᠰᠤᠳᠤᠯᠭ᠎ᠠ ᠬᠢᠬᠦ᠂ ᠡᠷᠬᠡ ᠵᠦᠢ ᠢᠢᠨ ᠮᠡᠳᠡᠭᠡᠯᠡᠯ ᠦᠨ ᠨᠢᠭᠡᠳᠦᠭᠰᠡᠨ ᠰᠢᠰᠲ᠋ᠧᠮ ᠢ ᠲᠡᠭᠦᠯᠳᠡᠷᠵᠢᠭᠦᠯᠬᠦ᠂ ᠬᠠᠤᠯᠢ ᠲᠣᠭᠲᠠᠭᠠᠮᠵᠢ ᠢᠢᠨ ᠡᠳ᠋ ᠦᠨ ᠵᠠᠰᠠᠭ᠂ ᠨᠡᠢᠢᠭᠡᠮ ᠳᠥ ᠦᠵᠡᠭᠦᠯᠬᠦ ᠨᠥᠯᠦᠭᠡᠯᠡᠯ᠂ ᠬᠡᠷᠡᠭᠵᠢᠯᠲᠡ ᠢᠢᠨ ᠲᠠᠯ᠎ᠠ ᠪᠠᠷ ᠬᠠᠷᠢᠯᠴᠠᠨ ᠲᠤᠷᠰᠢᠯᠭ᠎ᠠ ᠰᠣᠯᠢᠯᠴᠠᠬᠤ ᠵᠡᠷᠭᠡ ᠪᠡᠷ ᠬᠠᠮᠲᠤᠷᠠᠨ ᠠᠵᠢᠯᠯᠠᠨ᠎ᠠ᠃ ᠮᠥᠨ ᠢᠷᠭᠡᠨ ᠦ ᠪᠦᠷᠢᠳᠬᠡᠯ᠂ ᠬᠠᠤᠯᠢ ᠵᠦᠢ ᠢᠢᠨ ᠲᠤᠰᠠᠯᠠᠯᠴᠠᠭ᠎ᠠ᠂ ᠡᠷᠬᠡ ᠵᠦᠢ ᠢᠢᠨ ᠰᠤᠷᠲᠠᠯᠴᠢᠯᠠᠭᠠᠨ ᠤ ᠰᠠᠯᠪᠤᠷᠢ ᠳᠤ ᠬᠠᠮᠲᠤᠷᠠᠨ᠎ᠠ᠃
2. «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠮ᠂ ᠲᠡᠭᠡᠭᠡᠪᠦᠷᠢ ᠢᠢᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠲᠡᠭᠡᠭᠡᠪᠦᠷᠢ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠵᠠᠮ᠂ ᠲᠡᠭᠡᠭᠡᠪᠦᠷᠢ ᠢᠢᠨ ᠰᠠᠢᠢᠳ ᠪᠣᠷᠤᠬᠦ᠋ᠦ ᠢᠢᠨ ᠳᠡᠯᠭᠡᠷᠰᠠᠢᠢᠬᠠᠨ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠲᠡᠭᠡᠭᠡᠪᠦᠷᠢ ᠢᠢᠨ ᠰᠠᠢᠢᠳ ᠨᠭᠦ᠋ᠶᠧᠨ ᠸᠠᠩ ᠲᠠᠩ ᠨᠠᠷ ᠭᠠᠷ ᠤᠨ ᠦᠰᠦᠭ ᠵᠢᠷᠤᠯ᠎ᠠ᠃
ᠠᠦ᠋ᠲ᠋ᠣ᠋ ᠲᠡᠭᠡᠭᠡᠪᠦᠷᠢ᠂ ᠠᠭᠠᠷ ᠤᠨ ᠲᠡᠭᠡᠭᠡᠪᠦᠷᠢ᠂ ᠲᠡᠮᠦᠷ ᠵᠠᠮ᠂ ᠳᠠᠯᠠᠢ ᠢᠢᠨ ᠲᠡᠭᠡᠭᠡᠪᠦᠷᠢ ᠢᠢᠨ ᠰᠠᠯᠪᠤᠷᠢ ᠢᠢᠨ ᠬᠥᠷᠦᠩ᠋ᠭᠡ ᠣᠷᠤᠭᠤᠯᠯᠲᠠ ᠢᠢ ᠬᠥᠬᠢᠭᠦᠯᠦᠨ ᠳᠡᠮᠵᠢᠬᠦ᠂ ᠬᠠᠷᠢᠯᠴᠠᠨ ᠳᠡᠮᠵᠢᠯᠭᠡ ᠦᠵᠡᠭᠦᠯᠬᠦ᠂ ᠲᠠᠯ᠎ᠠ ᠨᠤᠭᠤᠳ ᠤᠨ ᠨᠤᠲᠤᠭ ᠳᠡᠪᠢᠰᠬᠡᠷ ᠢᠶᠡᠷ ᠳᠠᠮᠵᠢᠭᠤᠯᠤᠨ ᠠᠴᠢᠶ᠎ᠠ ᠲᠡᠭᠡᠭᠡᠪᠦᠷᠢᠯᠡᠬᠦ ᠲᠠᠭᠠᠲᠠᠢ ᠨᠥᠬᠦᠴᠡᠯ ᠪᠦᠷᠢᠳᠦᠭᠦᠯᠬᠦ ᠳᠥ ᠴᠢᠭᠯᠡᠭᠰᠡᠨ ᠣᠯᠠᠨ ᠤᠯᠤᠰ ᠤᠨ ᠲᠡᠭᠡᠭᠡᠪᠦᠷᠢ᠂ ᠯᠣᠵᠢᠰᠲ᠋ᠢᠭ᠋ ᠤᠨ ᠦᠷ᠎ᠡ ᠠᠰᠢᠭᠲᠠᠢ ᠰᠦᠯᠵᠢᠶ᠎ᠡ ᠪᠤᠢ ᠪᠣᠯᠭᠠᠨ᠎ᠠ᠃
3. «ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠴᠢᠩᠪᠠᠲᠤ ᠢᠢᠨ ᠨᠣᠮᠢᠨ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠰᠣᠶᠤᠯ᠂ ᠰᠫᠣᠷᠲ᠂ ᠠᠶᠠᠯᠠᠯ ᠵᠢᠭᠤᠯᠴᠢᠯᠠᠯ ᠤᠨ ᠰᠠᠢᠢᠳ ᠨᠭᠦ᠋ᠶᠧᠨ ᠸᠠᠩ ᠾᠤᠩ ᠨᠠᠷ ᠭᠠᠷ ᠤᠨ ᠦᠰᠦᠭ ᠵᠢᠷᠤᠯ᠎ᠠ᠃
ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠮᠡᠳᠡᠯᠭᠡ᠂ ᠲᠤᠷᠰᠢᠯᠭ᠎ᠠ᠂ ᠬᠡᠪᠯᠡᠮᠡᠯ ᠮᠠᠲ᠋ᠧᠷᠢᠶᠠᠯ᠂ ᠮᠡᠳᠡᠭᠡ ᠮᠡᠳᠡᠭᠡᠯᠡᠯ᠂ ᠲᠣᠭ᠎ᠠ ᠪᠠᠷᠢᠮᠲᠠ ᠰᠣᠯᠢᠯᠴᠠᠬᠤ᠂ ᠠᠶᠠᠯᠠᠯ ᠵᠢᠭᠤᠯᠴᠢᠯᠠᠯ ᠤᠨ ᠬᠤᠪᠢ ᠢᠢᠨ ᠬᠡᠪᠰᠢᠯ ᠦᠨ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠵᠠᠮ ᠢᠶᠠᠷ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃
4. «ᠻᠢᠪᠧᠷ ᠠᠶᠤᠯ ᠦᠭᠡᠢ ᠪᠠᠢᠢᠳᠠᠯ᠂ ᠻᠢᠪᠧᠷ ᠭᠡᠮᠲᠦ ᠬᠡᠷᠡᠭ ᠲᠡᠢ ᠲᠡᠮᠡᠴᠡᠬᠦ ᠲᠤᠬᠠᠶ ᠮᠣᠩ᠋ᠭᠤᠯ ᠤᠯᠤᠰ ᠤᠨ ᠬᠠᠤᠯᠢ ᠵᠦᠢ᠂ ᠳᠣᠲᠤᠭᠠᠳᠤ ᠬᠡᠷᠡᠭ ᠦᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠨᠡᠢᠢᠭᠡᠮ ᠦᠨ ᠠᠶᠤᠯ ᠦᠭᠡᠢ ᠪᠠᠢᠢᠳᠠᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠬᠠᠤᠯᠢ ᠵᠦᠢ᠂ ᠳᠣᠲᠤᠭᠠᠳᠤ ᠬᠡᠷᠡᠭ ᠦᠨ ᠰᠠᠢᠢᠳ ᠣᠶᠤᠨᠰᠠᠢᠢᠬᠠᠨ ᠤ ᠠᠯᠲᠠᠠᠭᠡᠷᠡᠯ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠨᠡᠢᠢᠭᠡᠮ ᠦᠨ ᠠᠶᠤᠯ ᠦᠭᠡᠢ ᠪᠠᠢᠢᠳᠠᠯ ᠤᠨ ᠳᠡᠳ᠋ ᠰᠠᠢᠢᠳ ᠹᠠᠮ ᠲᠧ ᠳ᠋ᠦᠩ ᠨᠠᠷ ᠭᠠᠷ ᠤᠨ ᠦᠰᠦᠭ ᠵᠢᠷᠤᠯ᠎ᠠ᠃
ᠻᠢᠪᠧᠷ ᠠᠶᠤᠯ ᠦᠭᠡᠢ ᠪᠠᠢᠢᠳᠠᠯ ᠤᠨ ᠲᠤᠬᠠᠶ ᠣᠯᠠᠨ ᠤᠯᠤᠰ ᠤᠨ ᠡᠷᠬᠡ ᠵᠦᠢ ᠢᠢᠨ ᠳᠦᠷᠢᠮ᠂ ᠵᠢᠷᠤᠮ᠂ ᠰᠲ᠋ᠠᠨ᠋ᠳᠠᠷᠲ ᠢ ᠬᠥᠭ᠍ᠵᠢᠭᠦᠯᠦᠨ ᠰᠠᠢᠢᠵᠢᠷᠠᠭᠤᠯᠤᠬᠤ᠂ ᠻᠢᠪᠧᠷ ᠬᠠᠯᠳᠠᠯᠭ᠎ᠠ ᠠᠴᠠ ᠤᠷᠢᠳᠴᠢᠯᠠᠨ ᠰᠡᠷᠭᠡᠢᠢᠯᠡᠬᠦ ᠦᠷ᠎ᠡ ᠳ᠋ᠦᠩ ᠲᠡᠢ ᠠᠷᠭ ᠠ ᠨᠤᠭᠤᠳ᠂ ᠴᠢᠬᠤᠯᠠ ᠮᠡᠳᠡᠭᠡᠯᠡᠯ ᠦᠨ ᠳᠡᠳ᠋ ᠪᠦᠲᠦᠴᠡ ᠢᠢᠨ ᠬᠠᠮᠠᠭᠠᠯᠠᠯᠲᠠ᠂ ᠻᠢᠪᠧᠷ ᠠᠶᠤᠯ ᠦᠭᠡᠢ ᠪᠠᠢᠢᠳᠠᠯ ᠤᠨ ᠬᠠᠮᠠᠭᠠᠯᠠᠯᠲᠠ ᠢᠢᠨ ᠴᠢᠭᠯᠡᠯ ᠢᠶᠡᠷ ᠮᠡᠳᠡᠭᠡᠯᠡᠯ ᠰᠣᠯᠢᠯᠴᠠᠵᠤ᠂ ᠬᠠᠷᠢᠯᠴᠠᠨ ᠲᠤᠷᠰᠢᠯᠭ᠎ᠠ ᠰᠣᠯᠢᠯᠴᠠᠨ᠎ᠠ᠃
5. «ᠮᠣᠩ᠋ᠭᠤᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠨᠡᠢᠢᠰᠯᠡᠯ ᠾᠠᠨᠣᠢ ᠬᠣᠲᠠ ᠬᠣᠭᠤᠷᠤᠨᠳᠤ ᠢᠢᠨ ᠨᠠᠢᠢᠷᠰᠠᠭ᠂ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠨᠡᠢᠢᠰᠯᠡᠯ ᠦᠨ ᠵᠠᠰᠠᠭ ᠳᠠᠷᠤᠭ᠎ᠠ ᠢᠢᠨ ᠨᠡᠢᠢᠭᠡᠮ ᠦᠨ ᠰᠠᠯᠪᠤᠷᠢ᠂ ᠨᠣᠭᠤᠭᠠᠨ ᠬᠥᠭ᠍ᠵᠢᠯ ᠪᠣᠯᠤᠨ ᠠᠭᠠᠷ᠂ ᠣᠷᠴᠢᠨ ᠤ ᠪᠣᠬᠢᠷᠳᠠᠯ ᠤᠨ ᠠᠰᠠᠭᠤᠳᠠᠯ ᠬᠠᠷᠢᠭᠤᠴᠠᠭᠰᠠᠨ ᠣᠷᠤᠯᠠᠭᠴᠢ ᠯᠤᠯᠠᠢ ᠢᠢᠨ ᠬᠣᠣᠰᠪᠠᠶᠠᠷ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠾᠠᠨᠣᠢ ᠬᠣᠲᠠ ᠢᠢᠨ ᠠᠷᠠᠳ ᠤᠨ ᠬᠣᠷᠤᠭᠠᠨ ᠤ ᠣᠷᠤᠯᠠᠭᠴᠢ ᠳᠠᠷᠤᠭ᠎ᠠ ᠨᠭᠦ᠋ᠶᠧᠨ ᠮᠠᠨᠢ ᠻᠦᠢᠶᠧᠨ ᠨᠠᠷ ᠭᠠᠷ ᠤᠨ ᠦᠰᠦᠭ ᠵᠢᠷᠤᠯ᠎ᠠ᠃
ᠬᠤᠳᠠᠯᠳᠤᠭ᠎ᠠ᠂ ᠡᠳ᠋ ᠦᠨ ᠵᠠᠰᠠᠭ᠂ ᠰᠣᠶᠤᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠥᠷᠭᠡᠨ ᠬᠦᠷᠢᠶᠡᠨ ᠳᠥ ᠬᠠᠮᠲᠤᠷᠠᠨ ᠠᠵᠢᠯᠯᠠᠵᠤ᠂ ᠨᠠᠢᠢᠷᠰᠠᠭ ᠬᠠᠷᠢᠯᠴᠠᠭ᠎ᠠ ᠪᠠᠨ ᠪᠡᠬᠢᠵᠢᠭᠦᠯᠦᠨ᠂ ᠪᠦᠬᠦᠢ ᠯᠠ ᠰᠠᠯᠪᠤᠷᠢ ᠳᠠᠬᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠠᠨ ᠭᠦᠨᠵᠡᠭᠡᠢᠢᠷᠡᠭᠦᠯᠬᠦ ᠨᠥᠬᠦᠴᠡᠯ ᠪᠦᠷᠢᠳᠦᠭᠦᠯᠦᠨ᠎ᠡ᠃
6. «ᠮᠣᠩ᠋ᠭᠤᠯ ᠤᠯᠤᠰ ᠤᠨ ᠰᠢᠨᠵᠢᠯᠠᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠠᠻᠠᠳᠧᠮᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠰᠢᠨᠵᠢᠯᠠᠬᠦ ᠤᠬᠠᠭᠠᠨ ᠤ ᠠᠻᠠᠳᠧᠮᠢ ᠢᠢᠨ ᠲᠡᠷᠢᠭᠦᠯᠡᠭᠴᠢᠳ ᠤᠨ ᠭᠠᠵᠠᠷ ᠤᠨ ᠳᠠᠷᠤᠭ᠎ᠠ ᠠᠳᠢᠶᠠᠰᠦ᠋ᠷᠦᠩ ᠦᠨ ᠪᠠᠶᠠᠷᠪᠠᠭᠠᠲᠤᠷ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠠᠻᠠᠳᠧᠮᠢ ᠢᠢᠨ ᠶᠡᠷᠦᠩᠬᠡᠢᠢᠯᠡᠭᠴᠢ ᠴᠠᠤ ᠸᠠᠩ ᠮᠢᠨᠢ ᠨᠠᠷ ᠭᠠᠷ ᠤᠨ ᠦᠰᠦᠭ ᠵᠢᠷᠤᠯ᠎ᠠ᠃
ᠬᠠᠮᠲᠤᠷᠠᠭᠰᠠᠨ ᠬᠤᠷᠠᠯ᠂ ᠰᠧᠮᠢᠨᠠᠷ᠂ ᠵᠥᠪᠯᠡᠭᠡᠨ ᠵᠣᠬᠢᠶᠠᠨ ᠪᠠᠢᠢᠭᠤᠯᠬᠤ᠂ ᠡᠷᠳᠡᠮ ᠰᠢᠨᠵᠢᠯᠡᠭᠡᠨ ᠦ ᠠᠵᠢᠯᠲᠠᠨ ᠰᠣᠯᠢᠯᠴᠠᠬᠤ᠂ ᠰᠢᠨᠵᠢᠯᠠᠬᠦ ᠤᠬᠠᠭᠠᠨ ᠤ ᠮᠡᠳᠡᠭᠡᠯᠡᠯ᠂ ᠥᠭ᠍ᠭᠦᠭ᠍ᠳᠡᠯ᠂ ᠰᠤᠳᠤᠯᠭᠠᠨ ᠤ ᠦᠷ᠎ᠡ ᠳ᠋ᠦᠩ ᠦᠨ ᠲᠠᠯ᠎ᠠ ᠪᠠᠷ ᠬᠠᠷᠢᠯᠴᠠᠨ ᠮᠡᠳᠡᠭᠡᠯᠡᠯ ᠰᠣᠯᠢᠯᠴᠠᠬᠤ ᠵᠠᠮ ᠢᠶᠠᠷ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ᠎ᠡ᠃
7. «ᠮᠣᠩ᠋ᠭᠤᠯ ᠤᠯᠤᠰ ᠤᠨ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠶᠡᠬᠡ ᠰᠤᠷᠭᠠᠭᠤᠯᠢ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠸᠢᠶᠧᠲ᠋ᠨᠠᠮ ᠤᠨ ᠦᠨᠳᠦᠰᠦᠨ ᠦ ᠶᠡᠬᠡ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠢᠢ ᠲᠥᠯᠦᠭᠡᠯᠡᠵᠦ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠶᠡᠬᠡ ᠰᠤᠷᠭᠠᠭᠤᠯᠢ ᠢᠢᠨ ᠷᠧᠻᠲ᠋ᠣᠷ ᠲᠡᠮᠦᠷᠫᠦᠷᠪᠦ ᠢᠢᠨ ᠨᠠᠮᠨᠠᠩ᠂ ᠸᠢᠶᠧᠲ᠋ᠨᠠᠮ ᠤᠨ ᠲᠠᠯ᠎ᠠ ᠢᠢ ᠲᠥᠯᠦᠭᠡᠯᠡᠵᠦ ᠦᠨᠳᠦᠰᠦᠨ ᠦ ᠶᠡᠬᠡ ᠰᠤᠷᠭᠠᠭᠤᠯᠢ ᠢᠢᠨ ᠵᠠᠬᠢᠷᠤᠯ ᠯᠧ ᠻᠦᠠᠨ ᠨᠠᠷ ᠭᠠᠷ ᠤᠨ ᠦᠰᠦᠭ ᠵᠢᠷᠤᠯ᠎ᠠ᠃
ᠬᠠᠮᠲᠤᠷᠠᠭᠰᠠᠨ ᠰᠤᠷᠭᠠᠯᠲᠠ᠂ ᠬᠥᠲᠦᠯᠪᠦᠷᠢ ᠵᠣᠬᠢᠶᠠᠨ ᠪᠠᠢᠢᠭᠤᠯᠬᠤ᠂ ᠠᠷᠭ᠎ᠠ ᠵᠦᠢ᠂ ᠲᠤᠷᠰᠢᠯᠭ᠎ᠠ ᠰᠣᠯᠢᠯᠴᠠᠬᠤ᠂ ᠰᠢᠨᠵᠢᠯᠠᠬᠦ ᠤᠬᠠᠭᠠᠨ ᠪᠣᠯᠤᠨ ᠲ᠋ᠧᠭᠨᠣᠯᠤᠭᠢ ᠢᠢᠨ ᠰᠠᠯᠪᠤᠷᠢ ᠳᠤ ᠬᠠᠮᠲᠤᠷᠠᠭᠰᠠᠨ ᠰᠤᠳᠤᠯᠭ᠎ᠠ ᠬᠢᠬᠦ᠂ ᠰᠤᠳᠤᠯᠤᠭᠠᠴᠢ ᠡᠷᠳᠡᠮᠲᠡᠨ ᠮᠡᠷᠭᠡᠰᠢᠭᠦᠯᠬᠦ ᠪᠣᠯᠤᠨ ᠣᠶᠤᠲᠠᠨ ᠬᠠᠷᠢᠯᠴᠠᠨ ᠰᠣᠯᠢᠯᠴᠠᠨ᠎ᠠ᠃