Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠣᠭᠤᠷᠤᠨᠳᠤ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠬᠤ ᠲᠤᠬᠠᠶ ᠬᠠᠮᠲᠤᠷᠠᠭᠰᠠᠨ ᠲᠤᠩᠬᠠᠭᠯᠠᠯ ᠭᠠᠷᠭᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ᠂ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠲᠣ‍ ᠯᠠᠮ (To Lam) ᠤᠨ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠬᠠᠮᠲᠤᠷᠠᠭᠰᠠᠨ ᠲᠤᠩᠬᠠᠭᠯᠠᠯ ᠭᠠᠷᠭᠠᠭᠰᠠᠨ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

  1. ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ᠂ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠲᠣ‍ ᠯᠠᠮ (To Lam) 2024 ᠣᠨ ᠤ 09 ᠊ᠳ᠋ᠦᠭᠡᠷ ᠰᠠᠷ᠎ᠠ ᠢᠢᠨ 30 ᠠᠴᠠ 10 ᠳ᠋ᠤᠭᠠᠷ ᠰᠠᠷ᠎ᠠ ᠢᠢᠨ 01 ᠦ ᠡᠳᠦᠷ ᠦᠳ ᠲᠥ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠵᠥ ᠪᠠᠢᠢᠨ᠎ᠠ᠃ ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠬᠡ ᠬᠤᠷᠠᠯ ᠤᠨ ᠳᠠᠷᠤᠭ᠎ᠠ ᠳᠡᠰᠢᠵᠡᠭ᠍ᠪᠡ ᠢᠢᠨ ᠠᠮᠤᠷᠪᠠᠶᠠᠰᠬᠤᠯᠠᠩ᠂ ᠶᠡᠷᠦᠩᠬᠡᠶ ᠰᠠᠢᠢᠳ ᠯᠤᠪᠰᠠᠩᠨᠠᠮᠰᠠᠷᠠᠢ ᠢᠢᠨ ᠣᠶᠤᠨ-ᠡᠷᠳᠡᠨᠢ ᠨᠠᠷ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ ᠲᠣ‍ ᠯᠠᠮ (To Lam) ᠳᠤ ᠲᠤᠰ ᠲᠤᠰ ᠪᠠᠷᠠᠭᠠᠯᠬᠠᠯ ᠠ᠃
  2.  ᠲᠥᠷᠦ ᠢᠢᠨ ᠲᠡᠷᠢᠭᠦᠨ ᠨᠠᠷ ᠥᠩ᠋ᠭᠡᠷᠡᠭᠰᠡᠨ 70 ᠵᠢᠯ ᠦᠨ ᠬᠤᠭᠤᠴᠠᠭᠠᠨ ᠳᠤ ᠮᠣᠩ᠋ᠭᠤᠯ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠲᠤᠭᠤᠰᠢᠲᠠᠢ ᠥᠷᠭᠡᠵᠢᠨ ᠪᠡᠬᠢᠵᠢᠵᠦ ᠢᠷᠡᠭᠰᠡᠨ ᠢ ᠥᠨᠳᠦᠷ ᠢᠶᠡᠷ ᠦᠨᠡᠯᠡᠵᠦ᠂ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠦᠪ ᠪᠣᠯᠤᠨ ᠪᠦᠰᠡ ᠨᠤᠲᠤᠭ᠂ ᠣᠯᠠᠨ ᠤᠯᠤᠰ ᠤᠨ ᠬᠠᠷᠢᠯᠴᠠᠨ ᠰᠣᠨᠢᠷᠬᠠᠭᠰᠠᠨ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠯ᠎ᠠ᠃
  3. ᠮᠣᠩ᠋ᠭᠤᠯ ᠤᠯᠤᠰ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠢ ᠵᠡᠭᠦᠨ ᠡᠮᠦᠨᠡᠳᠦ ᠠᠽᠢ ᠳᠠᠬᠢ ᠴᠢᠬᠤᠯᠠ ᠲᠦᠩᠰᠢ ᠬᠡᠮᠡᠨ ᠦᠵᠡᠵᠦ᠂ ᠬᠠᠷᠢᠯᠴᠠᠨ ᠠᠰᠢᠭᠲᠠᠢ᠂ ᠪᠡᠶ᠎ᠡ ᠪᠡᠶ᠎ᠡ ᠪᠡᠨ ᠨᠥᠬᠦᠭ᠍ᠰᠡᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠤᠢ ᠪᠠᠨ ᠨᠤᠲᠠᠯᠠᠯ᠎ᠠ᠃ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠨᠢ ᠮᠣᠩ᠋ᠭᠤᠯ ᠤᠯᠤᠰ ᠤᠨ ᠡ᠊ᠩᠬᠡ ᠢᠢ ᠡᠷᠬᠢᠮᠯᠡᠭᠰᠡᠨ᠂ ᠨᠡᠭᠡᠭᠡᠯᠲᠡᠲᠡᠢ᠂ ᠪᠡᠶ᠎ᠡ ᠳᠠᠭᠠᠭᠠᠭᠰᠠᠨ᠂ ᠣᠯᠠᠨ ᠲᠤᠯᠭᠠᠭᠤᠷᠢᠲᠤ ᠭᠠᠳᠠᠭᠠᠳᠤ ᠪᠣᠳᠤᠯᠭ᠎ᠠ᠂ «ᠭᠤᠷᠪᠠᠳᠠᠭᠴᠢ ᠬᠥᠷᠰᠢ» ᠢᠢᠨ ᠪᠣᠳᠤᠯᠭ᠎ᠠ ᠢᠢ ᠬᠦᠨᠳᠦᠳᠬᠡᠨ ᠬᠣᠶᠠᠷ ᠣᠷᠤᠨ ᠤ ᠬᠠᠷᠢᠯᠴᠠᠭ᠎ᠠ ᠢᠢ ᠰᠢᠨ᠎ᠡ ᠱᠠᠲᠤᠨ ᠳᠤ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠨᠤᠲᠠᠯᠠᠪᠠ᠃
  4. ᠲᠥᠷᠦ ᠢᠢᠨ ᠲᠡᠷᠢᠭᠦᠨ ᠨᠠᠷ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠨᠢ ᠮᠠᠨ ᠤ ᠬᠣᠶᠠᠷ ᠤᠯᠤᠰ ᠤᠨ ᠠᠷᠠᠳ ᠲᠦᠮᠡᠨ ᠦ ᠨᠡᠢᠢᠲᠡᠯᠢᠭ ᠡᠷᠬᠡ ᠠᠰᠢᠭ ᠲᠤ ᠨᠡᠢᠢᠴᠡᠬᠦ ᠲᠡᠳᠦᠶ ᠦᠭᠡᠢ ᠣᠯᠠᠨ ᠤᠯᠤᠰ᠂ ᠪᠦᠰᠡ ᠨᠤᠲᠤᠭ ᠤᠨ ᠡ᠊ᠩᠬᠡ ᠲᠠᠢᠢᠪᠤᠩ ᠢ ᠪᠡᠬᠢᠵᠢᠭᠦᠯᠵᠦ᠂ ᠲᠣᠭᠲᠠᠪᠤᠷᠢᠲᠠᠢ ᠬᠥᠭ᠍ᠵᠢᠯ ᠢ ᠬᠠᠩ᠋ᠭᠠᠬᠤ ᠳᠤ ᠴᠢᠬᠤᠯᠠ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠰᠠᠨᠠᠯ ᠨᠢᠭᠡᠳᠴᠦ᠂ ᠬᠣᠶᠠᠷ ᠤᠯᠤᠰ ᠤᠨ ᠬᠠᠷᠢᠯᠴᠠᠭ᠎ᠠ ᠢᠢ «ᠢᠵᠢ ᠪᠦᠷᠢᠨ ᠲᠦᠩᠰᠢᠯᠡᠯ» ᠦᠨ ᠲᠥᠪᠰᠢᠨ ᠳᠥ ᠱᠠᠲᠤ ᠠᠬᠢᠭᠤᠯᠤᠨ ᠬᠥᠭ᠍ᠵᠢᠭᠦᠯᠬᠦ ᠪᠡᠷ ᠲᠣᠬᠢᠷᠠᠵᠤ᠂ ᠳᠠᠷᠠᠭᠠᠬᠢ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠲᠣᠭᠲᠠᠪᠠ᠃

ᠡᠭᠦᠨ ᠳᠥ:

I ᠤᠯᠤᠰ ᠲᠥᠷᠦ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠨ᠎ᠡ᠃

  • ᠲᠠᠯ᠎ᠠ ᠨᠤᠭᠤᠳ ᠪᠦᠬᠦᠢ ᠯᠠ ᠲᠥᠪᠰᠢᠨ ᠦ ᠬᠠᠷᠢᠯᠴᠠᠨ ᠠᠢᠢᠯᠴᠢᠯᠠᠯ᠂ ᠲᠥᠯᠦᠭᠡᠯᠡᠭᠴᠢᠳ ᠤᠨ ᠰᠣᠯᠢᠯᠴᠠᠭ᠎ᠠ ᠢᠢ ᠨᠡᠮᠡᠭᠳᠡᠭᠦᠯᠵᠦ᠂ ᠠᠷᠠᠳ ᠢᠷᠭᠡᠳ ᠬᠣᠭᠤᠷᠤᠨᠳᠤ ᠢᠢᠨ ᠣᠢᠢᠷ᠎ᠠ ᠳᠣᠲᠤᠨ᠎ᠠ ᠬᠠᠷᠢᠯᠴᠠᠭ᠎ᠠ ᠢᠢ ᠥᠷᠭᠡᠵᠢᠭᠦᠯᠬᠦ ᠳᠥ ᠪᠣᠳᠤᠯᠭ᠎ᠠ ᠢᠢᠨ ᠳᠡᠮᠵᠢᠯᠭᠡ ᠦᠵᠡᠭᠦᠯᠵᠦ ᠠᠵᠢᠯᠯᠠᠬᠤ ᠪᠠᠷ ᠰᠠᠨᠠᠯ ᠨᠢᠭᠡᠳᠪᠡ᠃ ᠲᠡᠭᠦᠨᠴᠢᠯᠡᠨ᠂ ᠬᠣᠶᠠᠷ ᠤᠯᠤᠰ ᠤᠨ ᠶᠠᠮᠤᠨ ᠨᠤᠨᠭᠤᠳ᠂ ᠲᠥᠷᠦ ᠢᠢᠨ ᠪᠤᠰᠤᠳ ᠪᠠᠢᠢᠭᠤᠯᠤᠯᠭ᠎ᠠ ᠪᠣᠯᠤᠨ ᠨᠡᠢᠢᠰᠯᠡᠯ᠂ ᠣᠷᠤᠨ ᠨᠤᠲᠤᠭ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠰᠢᠨ᠎ᠡ ᠮᠧᠬᠠᠨᠢᠰᠮ ᠢ ᠪᠤᠢ ᠪᠣᠯᠭᠠᠬᠤ ᠪᠣᠯᠤᠮᠵᠢ ᠢᠢ ᠰᠤᠳᠤᠯᠵᠤ ᠠᠵᠢᠯᠯᠠᠬᠤ ᠪᠠᠷ ᠲᠣᠭᠲᠠᠪᠠ᠃
  •  ᠲᠠᠯ᠎ᠠ ᠨᠤᠭᠤᠳ ᠮᠣᠩ᠋ᠭᠤᠯ᠂ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ᠂ ᠲᠡᠭᠦᠨ ᠦ ᠳᠣᠲᠤᠷ᠎ᠠ ᠫᠠᠷᠯᠠᠮᠧᠨ᠋ᠲ ᠳᠠᠬᠢ ᠪᠠᠢᠢᠩ᠋ᠭᠤ ᠢᠢᠨ ᠬᠣᠷᠢᠢ ᠠ᠂ ᠨᠠᠢᠢᠷᠠᠮᠳᠠᠯ ᠤᠨ ᠪᠦᠯᠦᠭ᠂ ᠡᠮᠡᠭᠲᠡᠢ ᠪᠣᠯᠤᠨ ᠵᠠᠯᠠᠭᠤ ᠭᠡᠰᠢᠭᠦᠳ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠬᠠᠷᠢᠯᠴᠠᠭᠠᠨ ᠤ ᠰᠢᠨ᠎ᠡ ᠲᠥᠪᠰᠢᠨ ᠳᠥ ᠨᠡᠢᠢᠴᠡᠭᠦᠯᠦᠨ ᠬᠥᠭ᠍ᠵᠢᠭᠦᠯᠬᠦ᠂ 2018 ᠣᠨ ᠳᠤ ᠪᠠᠢᠢᠭᠤᠯᠤᠭᠰᠠᠨ ᠫᠠᠷᠯᠠᠮᠧᠨ᠋ᠲ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠢ ᠰᠢᠨᠡᠴᠢᠯᠠᠨ ᠪᠠᠢᠢᠭᠤᠯᠬᠤ᠂ ᠪᠦᠰᠡ ᠨᠤᠲᠤᠭ ᠪᠣᠯᠤᠨ ᠣᠯᠠᠨ ᠤᠯᠤᠰ ᠤᠨ ᠫᠠᠷᠯᠠᠮᠧᠨ᠋ᠲ᠋ᠴᠢᠳ ᠤᠨ ᠹᠣᠷᠦᠢᠮ ᠵᠡᠷᠭᠡ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠨ ᠪᠡᠶ᠎ᠡ ᠪᠡᠶ᠎ᠡ ᠪᠡᠨ ᠦᠷᠭᠦᠯᠵᠢᠯᠡᠭᠦᠯᠦᠨ ᠳᠡᠮᠵᠢᠵᠦ᠂ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠪᠡ᠃
  •  ᠲᠠᠯ᠎ᠠ ᠨᠤᠭᠤᠳ ᠬᠣᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠤᠷᠤᠨᠳᠤ ᠢᠢᠨ ᠤᠯᠤᠰ ᠲᠥᠷᠦ ᠢᠢᠨ ᠵᠥᠪᠯᠡᠯᠳᠦᠬᠦ ᠠᠭᠤᠯᠵᠠᠯᠲᠠ ᠢᠢᠨ ᠮᠧᠬᠠᠨᠢᠰᠮ ᠢ ᠲᠣᠭᠲᠠᠮᠠᠯᠵᠢᠭᠤᠯᠵᠤ᠂ ᠬᠣᠶᠠᠷ ᠲᠠᠯᠠᠲᠤ ᠬᠠᠮᠲᠤ ᠢᠢᠨ ᠠᠵᠢᠯᠯᠠᠭ᠎ᠠ᠂ ᠭᠠᠳᠠᠭᠠᠳᠤ ᠪᠣᠳᠤᠯᠭ᠎ᠠ᠂ ᠣᠯᠠᠨ ᠤᠯᠤᠰ᠂ ᠪᠦᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠲᠣᠭᠲᠠᠮᠠᠯ ᠰᠠᠨᠠᠯ ᠰᠣᠯᠢᠯᠴᠠᠵᠤ᠂ ᠣᠯᠠᠨ ᠲᠠᠯᠠᠲᠤ ᠶᠠᠷᠢᠶ᠎ᠠ ᠬᠡᠯᠡᠯᠴᠡᠭᠡᠨ ᠦ ᠮᠧᠬᠠᠨᠢᠰᠮ ᠢ ᠪᠤᠢ ᠪᠣᠯᠭᠠᠬᠤ ᠠᠷᠭ᠎ᠠ ᠵᠠᠮ ᠢ ᠡᠷᠢᠯᠬᠢᠯᠡᠬᠦ ᠪᠡᠷ ᠪᠣᠯᠪᠠ᠃

II ᠪᠠᠲᠤᠯᠠᠨ ᠬᠠᠮᠠᠭᠠᠯᠠᠬᠤ᠂ ᠬᠠᠤᠯᠢ ᠰᠠᠬᠢᠭᠤᠯᠤᠬᠤ ᠴᠢᠭᠯᠡᠯ ᠦᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃

  • ᠲᠥᠷᠦ ᠢᠢᠨ ᠲᠡᠷᠢᠭᠦᠨ ᠨᠠᠷ ᠠᠶᠤᠯ ᠦᠭᠡᠢ ᠪᠠᠢᠢᠳᠠᠯ᠂ ᠪᠠᠲᠤᠯᠠᠨ ᠬᠠᠮᠠᠭᠠᠯᠠᠬᠤ ᠰᠠᠯᠪᠤᠷᠢ ᠳᠠᠬᠢ ᠬᠠᠮᠲᠤ ᠢᠢᠨ ᠠᠵᠢᠯᠯᠠᠭᠠᠨ ᠳᠤ ᠰᠡᠭᠦᠯ ᠦᠨ ᠦᠶ᠎ᠡ ᠳᠥ ᠭᠠᠷᠴᠤ ᠪᠤᠢ ᠰᠢᠨ᠎ᠡ ᠠᠬᠢᠴᠠ ᠳᠡᠪᠰᠢᠯ ᠢ ᠥᠨᠳᠦᠷ ᠢᠶᠡᠷ ᠦᠨᠡᠯᠡᠵᠦ᠂ ᠪᠦᠬᠦ ᠲᠥᠪᠰᠢᠨ ᠦ ᠲᠥᠯᠦᠭᠡᠯᠡᠭᠴᠢᠳ ᠤᠨ ᠰᠣᠯᠢᠯᠴᠠᠭ᠎ᠠ᠂ ᠠᠭᠤᠯᠵᠠᠯᠲᠠ᠂ ᠶᠠᠷᠢᠶ᠎ᠠ ᠬᠡᠯᠡᠯᠴᠡᠭᠡ ᠢᠢ ᠲᠣᠭᠲᠠᠮᠠᠯᠵᠢᠭᠤᠯᠤᠬᠤ ᠪᠠᠷ ᠲᠣᠭᠲᠠᠯ ᠠ᠃
  • ᠲᠠᠯ᠎ᠠ ᠨᠤᠭᠤᠳ ᠬᠣᠶᠠᠷ ᠤᠯᠤᠰ ᠤᠨ ᠬᠠᠤᠯᠢ ᠰᠠᠬᠢᠭᠤᠯᠤᠬᠤ ᠪᠣᠯᠤᠨ ᠬᠦᠴᠦᠨ ᠦ ᠪᠠᠢᠢᠭᠤᠯᠤᠯᠭ᠎ᠠ ᠬᠣᠭᠤᠷᠤᠨᠳᠤ ᠢᠢᠨ ᠬᠠᠷᠢᠯᠴᠠᠭ᠎ᠠ ᠢᠢ ᠦᠷᠭᠦᠯᠵᠢᠯᠡᠭᠦᠯᠦᠨ ᠥᠷᠭᠡᠵᠢᠭᠦᠯᠦᠬᠦ ᠢᠢᠨ ᠴᠢᠬᠤᠯᠠ ᠢᠢ ᠣᠨᠴᠠᠯᠠᠨ ᠲᠡᠮᠳᠡᠭᠯᠡᠪᠡ᠃ ᠡᠨᠡ ᠬᠦᠷᠢᠶᠡᠨ ᠳᠥ ᠬᠣᠶᠠᠷ ᠲᠠᠯ᠎ᠠ ᠢᠢᠨ ᠬᠣᠭᠤᠷᠤᠨᠳᠤ ᠪᠠᠢᠢᠭᠤᠯᠤᠭᠰᠠᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠨ ᠬᠡᠷᠡᠭᠵᠢᠯᠲᠡ ᠢᠢ ᠬᠠᠩ᠋ᠭᠠᠬᠤ᠂ ᠠᠶᠤᠯ ᠦᠭᠡᠢ ᠪᠠᠢᠢᠳᠠᠯ᠂ ᠭᠡᠮᠲᠦ ᠬᠡᠷᠡᠭ ᠡᠴᠡ ᠤᠷᠢᠳᠴᠢᠯᠠᠨ ᠰᠡᠷᠭᠡᠢᠢᠯᠡᠬᠦ ᠴᠢᠭᠯᠡᠯ ᠢᠶᠡᠷ ᠭᠡᠷ᠎ᠡ᠂ ᠬᠡᠯᠡᠯᠴᠡᠭᠡᠷ ᠪᠠᠢᠢᠭᠤᠯᠬᠤ᠂ ᠮᠡᠳᠡᠭᠡᠯᠡᠯ ᠰᠣᠯᠢᠯᠴᠠᠬᠤ᠂ ᠬᠣᠶᠠᠷ ᠣᠷᠤᠨ ᠤ ᠦᠨᠳᠦᠰᠦᠨ ᠦ ᠡᠷᠬᠡ ᠠᠰᠢᠭ᠂ ᠠᠶᠤᠯ ᠦᠭᠡᠢ ᠪᠠᠢᠢᠳᠠᠯ ᠲᠠᠢ ᠬᠣᠯᠪᠤᠭ᠎ᠠ ᠲᠠᠢ ᠰᠲ᠋ᠷᠠᠲ᠋ᠧᠭᠢ ᠢᠢᠨ ᠠᠰᠠᠭᠤᠳᠠᠯ ᠢᠶᠠᠷ ᠲᠠᠭᠠᠮᠠᠭᠯᠠᠯ᠂ ᠳ᠋ᠦᠩ ᠰᠢᠨᠵᠢᠯᠡᠭᠡ ᠬᠢᠵᠦ᠂ ᠬᠠᠮᠲᠤᠷᠠᠭᠰᠠᠨ ᠦᠨᠡᠯᠡᠭᠡ ᠭᠠᠷᠭᠠᠬᠤ ᠴᠢᠭᠯᠡᠯ ᠳᠥ ᠬᠠᠮᠲᠤᠷᠠᠨ ᠠᠵᠢᠯᠯᠠᠬᠤ ᠪᠠᠷ ᠲᠣᠬᠢᠷᠠᠪᠠ᠃

III ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠯᠲᠠ ᠢᠢᠨ ᠰᠠᠯᠪᠤᠷᠢ ᠳᠠᠬᠢ ᠪᠣᠳᠠᠲᠤ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃

  1. ᠲᠥᠷᠦ ᠢᠢᠨ ᠲᠡᠷᠢᠭᠦᠨ ᠨᠠᠷ ᠡᠳ᠋ ᠦᠨ ᠵᠠᠰᠠᠭ ᠤᠨ ᠪᠣᠳᠠᠲᠤ᠂ ᠦᠷ᠎ᠡ ᠥᠭ᠍ᠭᠦᠭᠡᠵᠢᠲᠡᠢ᠂ ᠢᠵᠢ ᠪᠦᠷᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠬᠣᠶᠠᠷ ᠲᠠᠯ᠎ᠠ ᠢᠢᠨ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠮᠧᠬᠠᠨᠢᠰᠮ ᠢ ᠲᠣᠭᠲᠠᠮᠠᠯᠵᠢᠭᠤᠯᠬᠤ᠂ ᠲᠡᠭᠦᠨ ᠦ ᠳᠣᠲᠤᠷ᠎ᠠ ᠬᠤᠳᠠᠯᠳᠤᠭ᠎ᠠ᠂ ᠡᠳ᠋ ᠦᠨ ᠵᠠᠰᠠᠭ᠂ ᠰᠢᠨᠵᠢᠯᠠᠬᠦ ᠤᠬᠠᠭᠠᠨ᠂ ᠲᠧᠭᠨᠢᠭ ᠦᠨ ᠬᠠᠮᠲᠤ ᠢᠢᠨ ᠠᠵᠢᠯᠯᠠᠭᠠᠨ ᠤ ᠮᠧᠬᠠᠨᠢᠰᠮ ᠪᠣᠯᠬᠤ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠤᠨ ᠬᠤᠷᠠᠯᠳᠤᠭᠠᠨ ᠢ ᠲᠣᠭᠲᠠᠮᠠᠯᠵᠢᠭᠤᠯᠬᠤ ᠢᠢᠨ ᠴᠢᠬᠤᠯᠠ ᠢᠢ ᠣᠨᠴᠠᠯᠠᠨ ᠲᠡᠮᠳᠡᠭᠯᠡᠪᠡ᠃
  2. ᠲᠠᠯ᠎ᠠ ᠨᠤᠭᠤᠳ ᠮᠣᠩ᠋ᠭᠤᠯ᠂ ᠸᠢᠶᠧᠲ᠋ᠨᠠᠮ ᠤᠨ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠴᠢᠭᠯᠡᠯ ᠳᠥ ᠨᠢᠭ᠌ᠲᠠ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠴᠦ᠂ ᠬᠣᠶᠠᠷ ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠪᠠᠢᠢᠭᠤᠯᠤᠭᠰᠠᠨ «ᠪᠢᠽᠢᠨᠧᠰ ᠦᠨ ᠵᠥᠪᠯᠡᠯ» ᠦᠨ ᠠᠴᠢ ᠬᠣᠯᠪᠤᠭᠳᠠᠯ᠂ ᠡᠭᠦᠷᠭᠡ ᠢᠢ ᠨᠡᠮᠡᠭᠳᠡᠭᠦᠯᠬᠦ᠂ ᠪᠢᠽᠢᠨᠧᠰ ᠡᠷᠬᠢᠯᠡᠭᠴᠢᠳ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠪᠡᠬᠢᠵᠢᠭᠦᠯᠬᠦ᠂ ᠠᠵᠤ ᠠᠬᠤᠶ ᠢᠢᠨ ᠨᠢᠭᠡᠴᠡ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠵᠡᠷᠭᠡ ᠪᠡᠷ ᠬᠠᠮᠲᠤᠷᠠᠨ ᠠᠵᠢᠯᠯᠠᠬᠤ ᠪᠠᠷ ᠲᠣᠬᠢᠷᠠᠪᠠ᠃
  3. ᠲᠥᠷᠦ ᠢᠢᠨ ᠲᠡᠷᠢᠭᠦᠨ ᠨᠠᠷ ᠬᠥᠷᠦᠩ᠋ᠭᠡ ᠣᠷᠤᠭᠤᠯᠤᠯᠲᠠ ᠢᠢᠨ ᠣᠷᠴᠢᠨ ᠢ ᠰᠠᠢᠢᠵᠢᠷᠠᠭᠤᠯᠤᠬᠤ ᠴᠢᠭᠯᠡᠯ ᠢᠶᠡᠷ ᠬᠠᠷᠢᠯᠴᠠᠨ ᠲᠤᠷᠰᠢᠯᠭ᠎ᠠ ᠰᠣᠯᠢᠯᠴᠠᠬᠤ᠂ «ᠬᠥᠷᠦᠩ᠋ᠭᠡ ᠣᠷᠤᠭᠤᠯᠯᠲᠠ ᠢᠢ ᠬᠥᠬᠢᠭᠦᠯᠦᠨ ᠳᠡᠮᠵᠢᠬᠦ᠂ ᠬᠠᠷᠢᠯᠴᠠᠨ ᠬᠠᠮᠠᠭᠠᠯᠠᠬᠤ ᠲᠤᠬᠠᠶ ᠬᠡᠯᠡᠯᠴᠡᠭᠡᠷ» ᠪᠠᠢᠢᠭᠤᠯᠬᠤ ᠠᠰᠠᠭᠤᠳᠠᠯ ᠢ ᠰᠤᠳᠠᠯᠤᠨ ᠦᠵᠡᠬᠦ ᠪᠡᠷ ᠲᠣᠬᠢᠷᠠᠪᠠ᠃

IV ᠬᠥᠳᠡᠭᠡ ᠠᠵᠤ ᠠᠬᠤᠶ᠂ ᠰᠢᠨᠵᠢᠯᠠᠬᠦ ᠤᠬᠠᠭᠠᠨ᠂ ᠲ᠋ᠧᠭᠨᠣᠯᠤᠭᠢ᠂ ᠵᠠᠮ᠂ ᠲᠡᠭᠡᠭᠡᠪᠦᠷᠢ᠂ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠬᠥᠳᠡᠯᠮᠦᠷᠢ᠂ ᠪᠠᠢᠢᠭᠠᠯᠢ ᠣᠷᠴᠢᠨ᠂ ᠨᠡᠢᠢᠭᠡᠮ ᠦᠨ ᠬᠠᠮᠠᠭᠠᠯᠠᠯ ᠤᠨ ᠰᠠᠯᠪᠤᠷᠢ ᠳᠤ ᠪᠣᠳᠠᠲᠤ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠦᠨ᠎ᠡ᠃

  1. ᠲᠥᠷᠦ ᠢᠢᠨ ᠲᠡᠷᠢᠭᠦᠨ ᠨᠠᠷ 2022 ᠣᠨ ᠳᠤ ᠪᠠᠢᠢᠭᠤᠯᠤᠭᠰᠠᠨ «ᠬᠥᠳᠡᠭᠡ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠥᠳᠡᠭᠡ ᠠᠵᠤ ᠠᠬᠤᠶ᠂ ᠬᠥᠳᠡᠭᠡ ᠢᠢᠨ ᠬᠥᠭ᠍ᠵᠢᠯ ᠦᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠦᠨ ᠬᠦᠷᠢᠶᠡᠨ ᠳᠥ ᠬᠥᠳᠡᠭᠡ ᠠᠵᠤ ᠠᠬᠤᠶ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠬᠥᠲᠦᠯᠪᠦᠷᠢ ᠢᠢ ᠰᠢᠨᠡᠴᠢᠯᠠᠬᠦ ᠪᠡᠷ ᠲᠣᠬᠢᠷᠠᠯᠴᠠᠪᠠ᠃
  2. ᠲᠠᠯ᠎ᠠ ᠨᠤᠭᠤᠳ ᠬᠥᠳᠡᠭᠡ ᠠᠵᠤ ᠠᠬᠤᠶ ᠢᠢᠨ ᠰᠠᠯᠪᠤᠷᠢ ᠳᠤ ᠪᠠᠷᠢᠮᠲᠠᠯᠠᠵᠤ ᠪᠤᠢ ᠬᠥᠭ᠍ᠵᠢᠯ ᠦᠨ ᠪᠣᠳᠤᠯᠭ᠎ᠠ᠂ ᠴᠢᠨᠠᠭᠰᠢᠳᠠ ᠠᠪᠴᠤ ᠬᠡᠷᠡᠭᠵᠢᠭᠦᠯᠬᠦ ᠪᠡᠷ ᠲᠥᠯᠦᠪᠯᠡᠭᠰᠡᠨ ᠠᠷᠭ᠎ᠠ ᠬᠡᠮᠵᠢᠶᠡᠨ ᠨᠦᠭᠦᠳ ᠦᠨ ᠲᠠᠯᠠᠭᠠᠷᠬᠢ ᠮᠡᠳᠡᠭᠡᠯᠡᠯ ᠦᠨ ᠤᠷᠤᠰᠬᠠᠯ ᠢ ᠨᠡᠮᠡᠭᠳᠡᠭᠦᠯᠬᠦ᠂ ᠬᠥᠳᠡᠭᠡ ᠠᠵᠤ ᠠᠬᠤᠶ ᠢᠢᠨ ᠭᠠᠷᠤᠯ ᠲᠠᠢ ᠪᠦᠲᠦᠭᠡᠭ᠍ᠳᠡᠬᠦᠨ ᠦ ᠡᠻᠰᠫᠣᠷᠲ ᠤᠨ ᠡᠷᠬᠡ ᠵᠦᠢ ᠢᠢᠨ ᠲᠠᠭᠠᠲᠠᠢ ᠣᠷᠴᠢᠨ ᠢ ᠪᠦᠷᠢᠳᠦᠭᠦᠯᠬᠦ᠂ ᠬᠥᠳᠡᠭᠡ ᠠᠵᠤ ᠠᠬᠤᠶ ᠢᠢᠨ ᠰᠠᠯᠪᠤᠷᠢ ᠳᠠᠬᠢ ᠳᠡᠪᠰᠢᠯᠲᠡᠲᠦ ᠲ᠋ᠧᠭᠨᠣᠯᠤᠭᠢ ᠢᠢ ᠰᠤᠳᠤᠯᠵᠤ᠂ ᠬᠡᠷᠡᠭᠯᠡᠭᠡᠨ ᠳᠥ ᠨᠡᠪᠲᠡᠷᠡᠭᠦᠯᠬᠦ ᠴᠢᠭᠯᠡᠯ ᠳᠥ ᠬᠠᠷᠢᠯᠴᠠᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃
  3. ᠲᠥᠷᠦ ᠢᠢᠨ ᠲᠡᠷᠢᠭᠦᠨ ᠨᠠᠷ ᠮᠣᠩ᠋ᠭᠤᠯ᠂ ᠸᠢᠶᠧᠲ᠋ᠨᠠᠮ ᠤᠨ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠤᠨ ᠬᠤᠷᠠᠯᠳᠤᠭᠠᠨ᠂ ᠲᠡᠭᠦᠨ ᠦ ᠳᠣᠲᠤᠷ᠎ᠠ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠳᠡᠳ᠋ ᠻᠣᠮᠢᠰᠰ ᠤᠨ ᠫᠷᠣᠲ᠋ᠤᠻᠤᠯ ᠤᠨ ᠬᠡᠷᠡᠭᠵᠢᠯᠲᠡ ᠢᠢ ᠬᠠᠩ᠋ᠭᠠᠵᠤ᠂ ᠰᠢᠨᠵᠢᠯᠠᠬᠦ ᠤᠬᠠᠭᠠᠨ᠂ ᠳᠡᠪᠰᠢᠯᠲᠡᠲᠦ ᠲ᠋ᠧᠭᠨᠣᠯᠤᠭᠢ᠂ ᠲᠥᠪᠯᠡᠷᠡᠯ᠂ ᠮᠡᠳᠡᠭᠡᠯᠡᠯ᠂ ᠬᠠᠷᠢᠯᠴᠠᠭ᠎ᠠ ᠬᠣᠯᠪᠤᠭᠠᠨ ᠤ ᠴᠢᠭᠯᠡᠯ ᠢᠶᠡᠷ ᠬᠠᠮᠲᠤᠷᠠᠭᠰᠠᠨ ᠰᠤᠳᠤᠯᠭ᠎ᠠ ᠬᠢᠬᠦ ᠪᠡᠷ ᠰᠠᠨᠠᠯ ᠨᠢᠭᠡᠳᠪᠡ᠃
  4. ᠲᠥᠷᠦ ᠢᠢᠨ ᠲᠡᠷᠢᠭᠦᠨ ᠨᠠᠷ ᠵᠠᠮ ᠲᠡᠭᠡᠭᠡᠪᠦᠷᠢ᠂ ᠯᠣᠵᠢᠰᠲ᠋ᠢᠭ᠋ ᠤᠨ ᠰᠠᠭᠠᠳ ᠪᠡᠷᠬᠡᠰᠢᠶᠡᠯ ᠢ ᠰᠢᠢᠳᠪᠦᠷᠢᠯᠡᠬᠦ᠂ ᠬᠣᠶᠠᠷ ᠤᠯᠤᠰ ᠤᠨ ᠬᠣᠭᠤᠷᠤᠨᠳᠤ ᠠᠦ᠋ᠲ᠋ᠣ᠋ ᠵᠠᠮ᠂ ᠲᠡᠮᠦᠷ ᠵᠠᠮ᠂ ᠠᠭᠠᠷ ᠤᠨ ᠲᠡᠭᠡᠭᠡᠪᠦᠷᠢ᠂ ᠳᠠᠯᠠᠢ ᠢᠢᠨ ᠲᠡᠭᠡᠭᠡᠪᠦᠷᠢ ᠢᠢᠨ ᠰᠠᠯᠪᠤᠷᠢ ᠳᠤ ᠪᠠᠢᠢᠭᠤᠯᠤᠭᠰᠠᠨ ᠪᠠᠷᠢᠮᠲᠠ ᠪᠢᠴᠢᠭ᠌ ᠦᠳ ᠦᠨ ᠬᠡᠷᠡᠭᠵᠢᠯᠲᠡ ᠢᠢ ᠬᠠᠩ᠋ᠭᠠᠵᠤ ᠠᠵᠢᠯᠯᠠᠬᠤ ᠪᠠᠷ ᠲᠣᠬᠢᠷᠠᠪᠠ᠃
  5. ᠮᠣᠩ᠋ᠭᠤᠯ᠂ ᠸᠢᠶᠧᠲ᠋ᠨᠠᠮ ᠣᠷᠤᠰ᠂ ᠬᠢᠲᠠᠳ ᠭᠤᠷᠪᠠᠨ ᠤᠯᠤᠰ ᠤᠨ 2016 ᠣᠨ ᠳᠤ ᠪᠠᠢᠢᠭᠤᠯᠤᠭᠰᠠᠨ «ᠠᠽᠢ ᠢᠢᠨ ᠠᠦ᠋ᠲ᠋ᠣ᠋ ᠵᠠᠮ ᠤᠨ ᠰᠦᠯᠵᠢᠶ᠎ᠡ ᠪᠡᠷ ᠣᠯᠠᠨ ᠤᠯᠤᠰ ᠤᠨ ᠠᠦ᠋ᠲ᠋ᠣ᠋ ᠲᠡᠭᠡᠭᠡᠪᠦᠷᠢᠯᠡᠯᠲᠡ ᠭᠦᠢᠴᠡᠳᠬᠡᠬᠦ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠢ ᠨᠢᠭᠡᠳᠦᠨ ᠣᠷᠤᠬᠤ ᠳᠤ ᠮᠣᠩ᠋ᠭᠤᠯ ᠤᠯᠤᠰ ᠳᠡᠮᠵᠢᠯᠭᠡ ᠦᠵᠡᠭᠦᠯᠬᠦ᠂ ᠮᠣᠩ᠋ᠭᠤᠯ᠂ ᠸᠢᠶᠧᠲ᠋ᠨᠠᠮ᠂ ᠬᠢᠲᠠᠳ ᠭᠤᠷᠪᠠᠨ ᠤᠯᠤᠰ ᠤᠨ ᠬᠣᠭᠤᠷᠤᠨᠳᠤ ᠪᠠᠷᠠᠭ᠎ᠠ ᠪᠦᠲᠦᠭᠡᠭ᠍ᠳᠡᠬᠦᠨ ᠲᠡᠭᠡᠭᠡᠪᠦᠷᠢᠯᠡᠬᠦ ᠮᠧᠬᠠᠨᠢᠰᠮ ᠪᠠᠢᠢᠭᠤᠯᠬᠤ ᠲᠤᠬᠠᠶ ᠠᠰᠠᠭᠤᠳᠠᠯ ᠢ ᠦᠷᠭᠦᠯᠵᠢᠯᠡᠭᠦᠯᠦᠨ ᠰᠤᠳᠤᠯᠬᠤ ᠪᠠᠷ ᠲᠣᠭᠲᠠᠪᠠ᠃
  6. ᠲᠠᠯ᠎ᠠ ᠨᠤᠭᠤᠳ 2022 ᠣᠨ ᠳᠤ ᠪᠠᠢᠢᠭᠤᠯᠤᠭᠰᠠᠨ «ᠰᠣᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ ᠪᠣᠯᠤᠨ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠦᠨ ᠬᠡᠷᠡᠭᠵᠢᠯᠲᠡ ᠢᠢ ᠬᠠᠩ᠋ᠭᠠᠬᠤ᠂ ᠰᠣᠶᠤᠯ᠂ ᠤᠷᠠᠯᠢᠭ ᠪᠣᠯᠤᠨ ᠰᠫᠣᠷᠲ ᠤᠨ ᠲᠥᠯᠦᠭᠡᠯᠡᠭᠴᠢᠳ ᠬᠣᠭᠤᠷᠤᠨᠳᠤ ᠬᠠᠮᠲᠤᠷᠠᠭᠰᠠᠨ ᠠᠷᠭ᠎ᠠ ᠬᠡᠮᠵᠢᠶ᠎ᠡ᠂ ᠬᠥᠲᠦᠯᠪᠦᠷᠢ ᠨᠦᠭᠦᠳ ᠬᠡᠷᠡᠭᠵᠢᠭᠦᠯᠬᠦ ᠪᠡᠷ ᠰᠠᠨᠠᠯ ᠨᠢᠭᠡᠳᠪᠡ᠃
  7. ᠬᠣᠶᠠᠷ ᠣᠷᠤᠨ ᠤ ᠠᠷᠠᠳ ᠢᠷᠭᠡᠳ ᠦᠨ ᠨᠠᠢᠢᠷᠠᠮᠳᠠᠯ᠂ ᠨᠥᠬᠦᠷᠯᠡᠯ᠂ ᠬᠠᠷᠢᠯᠴᠠᠨ ᠣᠢᠢᠯᠠᠭᠠᠯᠴᠠᠯ ᠢ ᠪᠠᠲᠤᠳᠬᠠᠬᠤ᠂ ᠲᠡᠦᠬᠡ᠂ ᠰᠣᠶᠤᠯ ᠤᠨ ᠳᠤᠷᠠᠰᠬᠠᠯᠲᠤ ᠥᠪ ᠢ ᠬᠠᠮᠠᠭᠠᠯᠠᠬᠤ᠂ ᠨᠥᠬᠦᠨ ᠰᠡᠷᠭᠦᠭᠡᠬᠦ᠂ ᠰᠣᠶᠤᠯ ᠤᠨ ᠪᠡᠶᠡᠲᠦ ᠪᠤᠰᠤ ᠥᠪ ᠢ ᠬᠠᠮᠠᠭᠠᠯᠠᠬᠤ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠬᠣᠶᠠᠷ ᠤᠯᠤᠰ ᠤᠨ ᠠᠶᠠᠯᠠᠯ ᠵᠢᠭᠤᠯᠴᠢᠯᠠᠯ ᠤᠨ ᠳᠠᠪᠠᠭᠤ ᠲᠠᠯ᠎ᠠ᠂ ᠨᠥᠭᠡᠴᠡ ᠪᠣᠯᠤᠯᠴᠠᠭ᠎ᠠ ᠢᠢ ᠬᠠᠷᠢᠯᠴᠠᠨ ᠰᠤᠷᠲᠠᠯᠴᠢᠯᠠᠬᠤ ᠠᠵᠢᠯ ᠢ ᠡᠷᠴᠢᠮᠵᠢᠭᠦᠯᠵᠦ᠂ ᠠᠶᠠᠯᠠᠯ ᠵᠢᠭᠤᠯᠴᠢᠯᠠᠯ ᠤᠨ ᠰᠠᠯᠪᠤᠷᠢ ᠳᠤ ᠪᠠᠷᠢᠮᠲᠠᠯᠠᠵᠤ ᠪᠤᠢ ᠬᠥ᠍ᠭ᠍ᠵᠢᠯ ᠦᠨ ᠪᠣᠳᠤᠯᠭ᠎ᠠ᠂ ᠮᠧᠨᠧᠵᠮᠧᠨ᠋ᠲ ᠦᠨ ᠲᠠᠯᠠᠭᠠᠷᠬᠢ ᠲᠤᠷᠰᠢᠯᠭ᠎ᠠ᠂ ᠮᠡᠳᠡᠭᠡᠯᠡᠯ ᠰᠣᠯᠢᠯᠴᠠᠬᠤ ᠴᠢᠭᠯᠡᠯ ᠳᠥ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠲᠣᠭᠲᠠᠪᠠ᠃
  8. ᠲᠠᠯ᠎ᠠ ᠨᠤᠭᠤᠳ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠦᠨ ᠬᠦᠷᠢᠶᠡᠨ ᠳᠥ ᠬᠣᠶᠠᠷ ᠤᠯᠤᠰ ᠲᠤ ᠰᠤᠷᠤᠯᠴᠠᠵᠤ ᠪᠤᠢ ᠣᠶᠤᠲᠠᠨ ᠨᠤᠭᠤᠳ ᠢ ᠥᠪᠡᠷ ᠥᠪᠡᠷ ᠦᠨ ᠤᠯᠤᠰ ᠤᠨ ᠬᠡᠷᠡᠭᠴᠡᠭᠡ ᠱᠠᠭᠠᠷᠳᠠᠯᠭ᠎ᠠ ᠳᠤ ᠨᠡᠢᠢᠴᠡᠭᠰᠡᠨ ᠮᠡᠷᠭᠡᠵᠢᠯ ᠢᠶᠡᠷ ᠰᠤᠷᠤᠯᠴᠠᠭᠤᠯᠬᠤ ᠴᠢᠭᠯᠡᠯ ᠳᠥ ᠬᠠᠮᠲᠤᠷᠠᠨ ᠠᠵᠢᠯᠯᠠᠬᠤ ᠪᠠᠷ ᠪᠣᠯᠪᠠ᠃
  9. ᠲᠠᠯ᠎ᠠ ᠨᠤᠭᠤᠳ 2017 ᠣᠨ ᠳᠤ ᠪᠠᠢᠢᠭᠤᠯᠤᠭᠰᠠᠨ «ᠮᠣᠩ᠋ᠭᠤᠯ ᠤᠯᠤᠰ ᠤᠨ ᠬᠥᠳᠡᠯᠮᠦᠷᠢ᠂ ᠨᠡᠢᠢᠭᠡᠮ ᠦᠨ ᠬᠠᠮᠠᠭᠠᠯᠠᠯ ᠤᠨ ᠶᠠᠮᠤᠨ ᠪᠣᠯᠤᠨ ᠸᠢᠶᠧᠲ᠋ᠨᠠᠮ ᠤᠯᠤᠰ ᠤᠨ ᠬᠥᠳᠡᠯᠮᠦᠷᠢ᠂ ᠬᠥᠭ᠍ᠵᠢᠯ ᠦᠨ ᠪᠡᠷᠬᠡᠰᠢᠶᠡᠯ ᠲᠡᠢ ᠢᠷᠭᠡᠳ ᠪᠣᠯᠤᠨ ᠨᠡᠢᠢᠭᠡᠮ ᠦᠨ ᠠᠰᠠᠭᠤᠳᠠᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠦᠨ ᠬᠦᠷᠢᠶᠡᠨ ᠳᠥ ᠬᠣᠶᠠᠷ ᠣᠷᠤᠨ ᠤ ᠬᠥᠳᠡᠯᠮᠦᠷᠢ ᠢᠢᠨ ᠵᠠᠬ᠎ᠠ ᠵᠢᠭᠡᠯᠢ ᠳᠥ ᠬᠡᠷᠡᠭᠴᠡᠭᠡ ᠲᠡᠢ ᠰᠠᠯᠪᠤᠷᠢ ᠳᠤ ᠠᠵᠢᠯᠯᠠᠬᠤ ᠬᠦᠴᠦ ᠨᠡᠢᠢᠯᠡᠭᠦᠯᠬᠦ᠂ ᠬᠦᠯᠢᠶᠡᠨ ᠠᠪᠬᠤ ᠪᠣᠯᠤᠮᠵᠢ ᠢᠢᠨ ᠲᠠᠯ᠎ᠠ ᠪᠠᠷ ᠦᠷᠭᠦᠯᠵᠢᠯᠡᠭᠦᠯᠦᠨ ᠰᠤᠳᠤᠯᠬᠤ ᠪᠠᠷ ᠲᠣᠭᠲᠠᠪᠠ᠃
  10. ᠸᠢᠶᠧᠲ᠋ᠨᠠᠮ ᠤᠯᠤᠰ ᠨᠢ ᠮᠣᠩ᠋ᠭᠤᠯ ᠤᠯᠤᠰ ᠤᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠦᠭᠡᠯᠡᠯ ᠢ ᠪᠠᠭᠤᠷᠠᠭᠤᠯᠬᠤ᠂ ᠴᠥᠯᠵᠢᠯᠲᠡ ᠲᠡᠢ ᠲᠡᠮᠡᠴᠡᠬᠦ᠂ ᠮᠣᠩ᠋ᠭᠤᠯ ᠣᠷᠤᠨ ᠤ ᠲᠠᠯ᠎ᠠ ᠬᠡᠭᠡᠷ᠎ᠡ᠂ ᠭᠣᠪᠢ᠂ ᠴᠥᠯ ᠦᠨ ᠪᠦᠰᠡ ᠢᠢ ᠣᠢᠢᠵᠢᠭᠤᠯᠬᠤ᠂ ᠪᠠᠢᠢᠭᠠᠯᠢ ᠣᠷᠴᠢᠨ ᠢ ᠬᠠᠮᠠᠭᠠᠯᠠᠬᠤ ᠳᠤ ᠴᠢᠭᠯᠡᠭᠰᠡᠨ ᠬᠦᠴᠦᠨ ᠴᠢᠷᠮᠠᠢᠢᠯᠲᠠ᠂ ᠲᠡᠭᠦᠨ ᠦ ᠳᠣᠲᠤᠷ᠎ᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠥᠨᠳᠦᠷ ᠢᠶᠡᠷ ᠦᠨᠡᠯᠡᠵᠦ᠂ ᠮᠣᠩ᠋ᠭᠤᠯ ᠤᠨ ᠬᠥᠷᠦᠰᠦᠨ ᠳᠥ ᠲᠣᠬᠢᠷᠠᠭᠰᠠᠨ ᠮᠣᠳᠤ ᠲᠠᠷᠢᠬᠤ ᠰᠤᠳᠤᠯᠭ᠎ᠠ ᠢᠢ ᠲᠥᠯᠦᠪᠯᠡᠭᠰᠡᠨ ᠲᠠᠯᠠᠪᠠᠢ ᠳᠤ ᠬᠢᠬᠦ ᠪᠡᠷ ᠲᠣᠭᠲᠠᠪᠠ᠃
  11. ᠲᠠᠯ᠎ᠠ ᠨᠤᠭᠤᠳ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠦ ᠬᠠᠷᠢᠭᠤ ᠠᠷᠭ᠎ᠠ ᠬᠡᠮᠵᠢᠶ᠎ᠡ ᠠᠪᠬᠤ ᠴᠢᠭᠯᠡᠯ ᠢᠶᠡᠷ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠪᠣᠯᠤᠮᠵᠢ ᠢᠢᠨ ᠲᠠᠯ᠎ᠠ ᠪᠠᠷ ᠰᠤᠳᠤᠯᠵᠤ ᠦᠵᠡᠬᠦ ᠪᠡᠷ ᠰᠠᠨᠠᠯ ᠨᠢᠭᠡᠳᠪᠡ᠃
  12. ᠲᠠᠯ᠎ᠠ ᠨᠤᠭᠤᠳ ᠮᠡᠳᠡᠭᠡᠯᠡᠯ᠂ ᠬᠠᠷᠢᠯᠴᠠᠭ᠎ᠠ ᠬᠣᠯᠪᠤᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠪᠠᠷᠢᠮᠲᠠ ᠪᠢᠴᠢᠭ᠌ ᠪᠠᠢᠢᠭᠤᠯᠬᠤ ᠲᠠᠯ᠎ᠠ ᠪᠠᠷ ᠰᠤᠳᠤᠯᠵᠤ᠂ ᠡᠳ᠋ ᠦᠨ ᠵᠠᠰᠠᠭ᠂ ᠰᠣᠶᠤᠯ᠂ ᠨᠡᠢᠢᠭᠡᠮ ᠦᠨ ᠬᠥᠭ᠍ᠵᠢᠯ ᠦᠨ ᠦᠢᠯᠡ ᠶᠠᠪᠤᠴᠠ ᠢᠢᠨ ᠲᠠᠯᠠᠭᠠᠷᠬᠢ ᠮᠡᠳᠡᠭᠡ᠂ ᠮᠡᠳᠡᠭᠡᠯᠡᠯ᠂ ᠵᠢᠷᠤᠭ᠂ ᠳᠦᠷᠰᠦ ᠪᠢᠴᠢᠯᠭᠡ ᠵᠡᠷᠭᠡ ᠢᠢ ᠬᠠᠷᠢᠯᠴᠠᠨ ᠰᠣᠯᠢᠯᠴᠠᠬᠤ ᠨᠢ ᠬᠣᠶᠠᠷ ᠣᠷᠤᠨ ᠤ ᠢᠷᠭᠡᠳ ᠪᠡᠶ᠎ᠡ ᠪᠡᠶ᠎ᠡ ᠪᠡᠨ ᠲᠡᠳᠦᠶ ᠦᠭᠡᠢ ᠤᠯᠤᠰ ᠣᠷᠤᠨ ᠤ ᠣᠨᠴᠠᠯᠢᠭ ᠢ ᠢᠯᠡᠭᠦᠦ ᠰᠠᠢᠢᠨ ᠣᠢᠢᠯᠠᠭᠠᠭᠰᠠᠨ ᠢᠶᠠᠷ ᠠᠷᠠᠳ ᠲᠦᠮᠡᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠢ ᠭᠦᠨᠵᠡᠭᠡᠢᠢᠷᠡᠭᠦᠯᠬᠦ ᠠᠴᠢ ᠬᠣᠯᠪᠤᠭᠳᠠᠯ ᠲᠠᠢ ᠢᠢ ᠣᠨᠴᠠᠯᠠᠵᠤ᠂ ᠮᠡᠳᠡᠭᠡᠯᠡᠯ᠂ ᠬᠠᠷᠢᠯᠴᠠᠭ᠎ᠠ ᠬᠣᠯᠪᠤᠭᠠᠨ ᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠬᠦ ᠪᠡᠷ ᠲᠣᠬᠢᠷᠠᠪᠠ᠃

V ᠣᠯᠠᠨ ᠤᠯᠤᠰ ᠪᠣᠯᠤᠨ ᠪᠦᠰᠡ ᠨᠤᠲᠤᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃

  • ᠲᠥᠷᠦ ᠢᠢᠨ ᠲᠡᠷᠢᠭᠦᠨ ᠨᠠᠷ ᠣᠯᠠᠨ ᠤᠯᠤᠰ ᠪᠣᠯᠤᠨ ᠪᠦᠰᠡ ᠨᠤᠲᠤᠭ ᠤᠨ ᠪᠠᠢᠢᠭᠤᠯᠤᠯᠭ᠎ᠠ ᠢᠢᠨ ᠬᠦᠷᠢᠶᠡᠨ ᠳᠥ ᠨᠢᠭ᠌ᠲᠠ ᠬᠠᠮᠲᠤᠷᠠᠨ ᠠᠵᠢᠯᠯᠠᠵᠤ ᠢᠷᠡᠭᠰᠡᠨ ᠢ ᠥᠨᠳᠦᠷ ᠢᠶᠡᠷ ᠦᠨᠡᠯᠡᠪᠡ᠃ ᠲᠠᠯ᠎ᠠ ᠨᠤᠭᠤᠳ ᠪᠦᠰᠡ ᠨᠤᠲᠤᠭ ᠤᠨ ᠠᠶᠤᠯ ᠦᠭᠡᠢ ᠪᠠᠢᠢᠳᠠᠯ᠂ ᠤᠯᠤᠰ ᠲᠥᠷᠦ᠂ ᠣᠯᠠᠨ ᠤᠯᠤᠰ ᠤᠨ ᠨᠥᠬᠦᠴᠡᠯ ᠪᠠᠢᠢᠳᠠᠯ ᠤᠨ ᠲᠠᠯ᠎ᠠ ᠪᠠᠷ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠪᠠᠷᠢᠮᠲᠠᠯᠠᠵᠤ ᠪᠤᠢ ᠪᠣᠳᠤᠯᠭ᠎ᠠ᠂ ᠪᠠᠢᠢᠷᠢ ᠰᠠᠭᠤᠷᠢ ᠢᠢᠨ ᠲᠠᠯ᠎ᠠ ᠪᠠᠷ ᠲᠣᠭᠲᠠᠮᠠᠯ ᠰᠠᠨᠠᠯ ᠰᠣᠯᠢᠯᠴᠠᠵᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠪᠤᠰᠤᠳ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠦᠷᠭᠦᠯᠵᠢᠯᠡᠭᠦᠯᠦᠨ ᠨᠢᠭ᠌ᠲᠠ ᠬᠠᠮᠲᠤᠷᠠᠨ ᠠᠵᠢᠯᠯᠠᠬᠤ ᠪᠠᠨ ᠨᠤᠲᠠᠯᠠᠪᠠ᠃
  • ᠲᠡᠭᠦᠨᠴᠢᠯᠡᠨ ᠳᠡᠯᠡᠬᠡᠶ ᠢᠢᠨ ᠬᠤᠳᠠᠯᠳᠤᠭᠠᠨ ᠤ ᠪᠠᠢᠢᠭᠤᠯᠤᠯᠭ᠎ᠠ (ДХБ)᠂ ᠠᠽᠢ-ᠨᠣᠮᠤᠬᠠᠨ ᠳᠠᠯᠠᠢ ᠢᠢᠨ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ (АПЕК)᠂ ᠵᠡᠭᠦᠨ ᠡᠮᠦᠨᠡᠳᠦ ᠠᠽᠢ ᠢᠢᠨ ᠪᠦᠰᠡ ᠨᠤᠲᠤᠭ ᠤᠨ ᠬᠠᠮᠲᠤ ᠢᠢᠨ ᠠᠵᠢᠯᠯᠠᠭᠠᠨ ᠤ ᠨᠡᠢᠢᠭᠡᠮᠯᠢᠭ᠌ (АСЕАН)᠂ ᠠᠽᠢ-ᠧᠦ᠋ᠷᠣᠫᠠ ᠢᠢᠨ ᠠᠭᠤᠯᠵᠠᠯᠲᠠ (АСЕМ)᠂ ᠵᠡᠭᠦᠨ ᠠᠽᠢ ᠢᠢᠨ ᠳᠡᠭᠡᠳᠦ ᠲᠥᠪᠰᠢᠨ ᠦ ᠠᠭᠤᠯᠵᠠᠯᠲᠠ ᠵᠡᠷᠭᠡ ᠪᠦᠰᠡ ᠨᠤᠲᠤᠭ᠂ ᠣᠯᠠᠨ ᠤᠯᠤᠰ ᠤᠨ ᠪᠠᠢᠢᠭᠤᠯᠤᠯᠭ᠎ᠠ ᠪᠣᠯᠤᠨ ᠵᠡᠭᠦᠨ ᠬᠣᠢᠢᠳᠤ ᠠᠽᠢ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯ ᠢᠢᠠᠷ ᠬᠢ «ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ» ᠰᠠᠨᠠᠭᠠᠴᠢᠯᠠᠭ᠎ᠠ ᠢᠢᠨ ᠬᠦᠷᠢᠶᠡᠨ ᠳᠥ ᠨᠢᠭ᠌ᠲᠠ ᠬᠠᠮᠲᠤᠷᠠᠨ ᠠᠵᠢᠯᠯᠠᠵᠤ᠂ ᠸᠢᠶᠧᠲ᠋ᠨᠠᠮ ᠤᠨ ᠲᠠᠯ᠎ᠠ ᠮᠣᠩ᠋ᠭᠤᠯ ᠤᠯᠤᠰ ᠢ АСЕАН ᠤ ᠤᠯᠤᠰ ᠣᠷᠤᠨ ᠨᠤᠭᠤᠳ ᠲᠠᠢ ᠬᠠᠷᠢᠯᠴᠠᠭ᠎ᠠ ᠪᠠᠨ ᠥᠷᠭᠡᠵᠢᠭᠦᠯᠦᠨ ᠪᠡᠬᠢᠵᠢᠭᠦᠯᠬᠦ ᠳᠥ ᠳᠡᠮᠵᠢᠯᠭᠡ ᠲᠤᠰᠠᠯᠠᠯᠴᠠᠭ᠎ᠠ ᠦᠵᠡᠭᠦᠯᠵᠦ᠂ АПЕК ᠭᠡᠰᠢᠭᠦᠨᠴᠢᠯᠡᠯ ᠢᠶᠡᠨ ᠦᠷᠭᠡᠳᠭᠡᠬᠦ ᠦᠶ᠎ᠡ ᠪᠡᠷ ᠮᠣᠩ᠋ᠭᠤᠯ ᠤᠯᠤᠰ ᠲᠤᠰ ᠪᠠᠢᠢᠭᠤᠯᠤᠯᠭ᠎ᠠ ᠳᠤ ᠡᠯᠰᠡᠬᠦ ᠬᠦᠰᠡᠯᠲᠡ ᠢᠢ ᠳᠡᠮᠵᠢᠬᠦ ᠪᠡᠨ ᠳᠠᠬᠢᠨ ᠨᠤᠲᠠᠯᠠᠪᠠ᠃
  • ᠲᠠᠯ᠎ᠠ ᠨᠤᠭᠤᠳ ᠲᠧᠷᠷᠣᠷᠢᠰᠮ᠂ ᠦᠨᠳᠦᠰᠦᠲᠡᠨ ᠳᠠᠮᠨᠠᠭᠰᠠᠨ ᠭᠡᠮᠲᠦ ᠬᠡᠷᠡᠭ᠂ ᠠᠭᠤᠷ ᠠᠮᠢᠰᠬᠤᠯ ᠤᠨ ᠥᠭᠡᠷᠡᠴᠢᠯᠡᠯᠲᠡ ᠵᠡᠷᠭᠡ ᠤᠯᠠᠮᠵᠢᠯᠠᠯᠲᠤ ᠪᠤᠰᠤ ᠠᠶᠤᠯ ᠵᠠᠨᠤᠯ ᠲᠠᠢ ᠲᠡᠮᠡᠴᠡᠬᠦ ᠬᠦᠷᠢᠶᠡᠨ ᠳᠥ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠠᠩᠬᠠᠷᠴᠤ ᠠᠵᠢᠯᠯᠠᠬᠤ ᠪᠠᠷ ᠲᠣᠭᠲᠠᠪᠠ᠃
  • ᠮᠣᠩ᠋ᠭᠤᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠪᠠᠢᠢᠭᠠᠯᠢ ᠣᠷᠴᠢᠨ ᠢᠶᠠᠨ ᠬᠠᠮᠠᠭᠠᠯᠠᠬᠤ ᠳᠤ ᠴᠢᠭᠯᠡᠭᠰᠡᠨ ᠳᠡᠯᠡᠬᠡᠶ ᠨᠡᠢᠢᠲᠡ ᠢᠢᠨ ᠬᠦᠴᠦᠨ ᠴᠢᠷᠮᠠᠢᠢᠯᠲᠠ ᠳᠤ ᠬᠤᠪᠢ ᠨᠡᠮᠡᠷᠢ ᠣᠷᠤᠭᠤᠯᠬᠤ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠲᠡᠢ ᠢᠳᠡᠪᠬᠢᠲᠡᠢ ᠬᠠᠮᠲᠤᠷᠠᠨ ᠠᠵᠢᠯᠯᠠᠬᠤ ᠬᠦᠷᠢᠶᠡᠨ ᠳᠥ 2026 ᠣᠨ ᠳᠤ ᠵᠣᠬᠢᠶᠠᠨ ᠪᠠᠢᠢᠭᠤᠯᠬᠤ ᠴᠥᠯᠵᠢᠯᠲᠡ ᠲᠡᠢ ᠲᠡᠮᠡᠴᠡᠬᠦ ᠲᠤᠬᠠᠶ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠻᠣᠨ᠋ᠸᠧᠨ᠋ᠼᠢ ᠢᠢᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠳᠤ ᠸᠢᠶᠧᠲ᠋ᠨᠠᠮ ᠲᠠᠯ᠎ᠠ ᠠᠴᠠ ᠲᠥᠯᠦᠭᠡᠯᠡᠭᠴᠢ ᠣᠷᠤᠯᠴᠠᠭᠤᠯᠬᠤ ᠪᠠᠷ ᠪᠣᠯᠪᠠ᠃
  • ᠲᠠᠯ᠎ᠠ ᠨᠤᠭᠤᠳ ᠡᠮᠦᠨᠡᠳᠦ ᠬᠢᠲᠠᠳ ᠤᠨ ᠲᠡᠩ᠋ᠭᠢᠰ ᠲᠥ ᠲᠣᠭᠲᠠᠪᠤᠷᠢᠲᠠᠢ ᠪᠠᠢᠢᠳᠠᠯ᠂ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠮᠠᠷᠭᠤᠭᠠᠨ ᠲᠠᠢ ᠠᠰᠠᠭᠤᠳᠠᠯ ᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠳᠦᠷᠢᠮ᠂ ᠣᠯᠠᠨ ᠤᠯᠤᠰ ᠤᠨ ᠬᠠᠤᠯᠢ ᠲᠣᠭᠲᠠᠭᠠᠮᠵᠢ᠂ ᠲᠡᠭᠦᠨ ᠦ ᠳᠣᠲᠤᠷ᠎ᠠ 1982 ᠣᠨ ᠤ ᠳᠠᠯᠠᠢ ᠢᠢᠨ ᠡᠷᠬᠡ ᠵᠦᠢ ᠢᠢᠨ ᠲᠤᠬᠠᠶ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠻᠣᠨ᠋ᠸᠧᠨ᠋ᠼᠢ (UNCLOS 1982) ᠳ᠋ᠤ ᠨᠡᠢᠢᠴᠡᠭᠦᠯᠦᠨ ᠡ᠊ᠩᠬᠡ ᠲᠠᠢᠢᠪᠤᠩ ᠠᠷᠭ᠎ᠠ ᠵᠠᠮ ᠢᠶᠠᠷ ᠰᠢᠢᠳᠪᠦᠷᠢᠯᠡᠬᠦ ᠢᠢᠨ ᠴᠢᠬᠤᠯᠠ ᠢᠢ ᠲᠡᠮᠳᠡᠭᠯᠡᠪᠡ᠃
  • ᠲᠥᠷᠦ ᠢᠢᠨ ᠲᠡᠷᠢᠭᠦᠨ ᠨᠠᠷ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ᠂ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠲᠣ‍ ᠯᠠᠮ (To Lam) ᠤᠨ ᠮᠣᠩ᠋ᠭᠤᠯ ᠤᠯᠤᠰ ᠲᠤ ᠬᠢᠭ᠍ᠰᠡᠨ ᠡᠨᠡᠬᠦ ᠲᠥᠷᠦ ᠢᠢᠨ ᠠᠢᠢᠯᠴᠢᠯᠠᠯ ᠨᠢ ᠬᠣᠶᠠᠷ ᠣᠷᠤᠨ ᠤ ᠨᠠᠢᠢᠷᠠᠮᠳᠠᠯᠲᠤ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠦᠪ᠂ ᠴᠢᠭᠯᠡᠯ ᠢ ᠲᠣᠳᠤᠷᠬᠠᠢᠢᠯᠠᠬᠤ ᠳᠤ ᠴᠢᠬᠤᠯᠠ ᠬᠤᠪᠢ ᠨᠡᠮᠡᠷᠢ ᠣᠷᠤᠭᠤᠯᠤᠭᠰᠠᠨ ᠢ ᠰᠠᠨᠠᠯ ᠨᠢᠭᠡ ᠲᠡᠮᠳᠡᠭᠯᠡᠪᠡ᠃
  • ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ᠂ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠲᠣ‍ ᠯᠠᠮ (To Lam) ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠦᠶ᠎ᠡ ᠪᠡᠷ ᠳᠡᠭᠡᠳᠦ᠂ ᠥᠨᠳᠦᠷ ᠲᠥᠪᠰᠢᠨ ᠦ ᠲᠥᠯᠦᠭᠡᠯᠡᠭᠴᠢᠳ ᠢ ᠬᠠᠯᠠᠭᠤᠨ ᠳᠣᠲᠤᠨ᠎ᠠ᠂ ᠨᠠᠢᠢᠷᠰᠠᠭ ᠢᠶᠠᠷ ᠬᠦᠯᠢᠶᠡᠨ ᠠᠪᠴᠤ ᠪᠤᠢ ᠳᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠣᠯᠤᠨ ᠮᠣᠩ᠋ᠭᠤᠯ ᠤᠨ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠪᠡ᠃

ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠳᠠᠷᠠᠭᠠᠬᠢ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠪᠠ᠃ ᠡᠭᠦᠨ ᠳᠥ:

  • «ᠬᠠᠤᠯᠢ ᠵᠦᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠠᠤᠯᠢ ᠵᠦᠢ᠂ ᠳᠣᠲᠤᠭᠠᠳᠤ ᠬᠡᠷᠡᠭ ᠦᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠬᠠᠤᠯᠢ ᠵᠦᠢ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
  • «ᠻᠢᠪᠧᠷ ᠠᠶᠤᠯ ᠦᠭᠡᠢ ᠪᠠᠢᠢᠳᠠᠯ᠂ ᠻᠢᠪᠧᠷ ᠭᠡᠮᠲᠦ ᠬᠡᠷᠡᠭ ᠲᠡᠢ ᠲᠡᠮᠡᠴᠡᠬᠦ ᠲᠤᠬᠠᠶ ᠮᠣᠩ᠋ᠭᠤᠯ ᠤᠯᠤᠰ ᠤᠨ ᠬᠠᠤᠯᠢ ᠵᠦᠢ᠂ ᠳᠣᠲᠤᠭᠠᠳᠤ ᠬᠡᠷᠡᠭ ᠦᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠨᠡᠢᠢᠭᠡᠮ ᠦᠨ ᠠᠶᠤᠯ ᠦᠭᠡᠢ ᠪᠠᠢᠢᠳᠠᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
  • «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠮ᠂ ᠲᠡᠭᠡᠭᠡᠪᠦᠷᠢ ᠢᠢᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠲᠡᠭᠡᠭᠡᠪᠦᠷᠢ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
  • «ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
  • «ᠮᠣᠩ᠋ᠭᠤᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠨᠡᠢᠢᠰᠯᠡᠯ ᠾᠠᠨᠣᠢ ᠬᠣᠲᠠ ᠬᠣᠭᠤᠷᠤᠨᠳᠤ ᠢᠢᠨ ᠨᠠᠢᠢᠷᠰᠠᠭ᠂ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌;
  • «ᠮᠣᠩ᠋ᠭᠤᠯ ᠤᠯᠤᠰ ᠤᠨ ᠰᠢᠨᠵᠢᠯᠠᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠠᠻᠠᠳᠧᠮᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
  • «ᠮᠣᠩ᠋ᠭᠤᠯ ᠤᠯᠤᠰ ᠤᠨ ᠰᠢᠨᠵᠢᠯᠠᠬᠦ ᠤᠬᠠᠭᠠᠨ᠂ ᠲ᠋ᠧᠭᠨᠣᠯᠤᠭᠢ ᠢᠢᠨ ᠶᠡᠬᠡ ᠰᠤᠷᠭᠠᠭᠤᠯᠢ ᠪᠣᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ᠋ ᠸᠢᠶᠧᠲ᠋ᠨᠠᠮ ᠤᠯᠤᠰ ᠤᠨ ᠦᠨᠳᠦᠰᠦᠨ ᠦ ᠶᠡᠬᠡ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠵᠡᠷᠭᠡ ᠪᠣᠯᠤᠨ᠎ᠠ᠃