ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠷᠠᠪ ᠤᠨ ᠡᠳ᠋ ᠦᠨ ᠵᠠᠰᠠᠭ ᠤᠨ ᠬᠥᠭ᠍ᠵᠢᠯ ᠦᠨ ᠲᠥᠯᠦᠭᠡᠬᠢ ᠰᠠᠩ ᠤᠨ ᠶᠡᠷᠦᠩᠬᠡᠶ ᠵᠠᠬᠢᠷᠤᠯ ᠤᠨ ᠡᠭᠦᠷᠭᠡ ᠭᠦᠢᠴᠡᠳᠬᠡᠭ᠍ᠴᠢ ᠸᠠᠯᠢᠢᠳ᠋ ᠠᠯᠢ-ᠪᠠᠾᠠᠷ ᠢ ᠬᠦᠯᠢᠶᠡᠨ ᠠᠪᠴᠤ ᠠᠭᠤᠯᠵᠠᠯ᠎ᠠ᠃
ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠻᠦᠸᠠᠢᠢᠲ᠋ ᠤᠨ ᠰᠠᠩ ᠤᠨ ᠱᠤᠭᠤᠮ ᠢᠶᠠᠷ ᠠᠦ᠋ᠲ᠋ᠣ᠋ ᠵᠠᠮ᠂ ᠡᠷᠴᠢᠮ ᠬᠦᠴᠦ᠂ ᠡᠷᠡᠭᠦᠯ ᠮᠡᠨᠳᠦ ᠢᠢᠨ ᠰᠠᠯᠪᠤᠷᠢ ᠳᠤ ᠬᠡᠷᠡᠭᠵᠢᠭᠦᠯᠦᠭᠰᠡᠨ ᠲᠥᠰᠦᠯ ᠦᠳ ᠨᠢ ᠬᠣᠶᠠᠷ ᠣᠷᠤᠨ ᠤ ᠬᠠᠷᠢᠯᠴᠠᠭ᠎ᠠ ᠢᠢ ᠪᠡᠬᠢᠵᠢᠭᠦᠯᠬᠦ᠂ ᠤᠯᠤᠰ ᠣᠷᠤᠨ ᠤ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ᠂ ᠢᠷᠭᠡᠳ ᠦᠨ ᠠᠬᠤᠶ ᠠᠮᠢᠳᠤᠷᠠᠯ ᠢ ᠳᠡᠭᠡᠭ᠍ᠰᠢᠯᠠᠭᠦᠯᠬᠦ ᠳᠥ ᠴᠢᠬᠤᠯᠠ ᠨᠥᠯᠦᠭᠡ ᠦᠵᠡᠭᠦᠯᠦᠭᠰᠡᠨ ᠢ ᠲᠡᠮᠳᠡᠭᠯᠡᠯ ᠡ᠃
400 ᠭᠠᠷᠤᠶ ᠻᠮ ᠠᠦ᠋ᠲ᠋ᠣ᠋ ᠵᠠᠮ ᠲᠠᠯᠪᠢᠬᠤ᠂ ᠲᠠᠢᠢᠰᠢᠷ ᠤᠨ ᠤᠰᠤᠨ ᠴᠠᠬᠢᠯᠭᠠᠨ ᠰᠲ᠋ᠠᠨ᠋ᠼᠢ᠂ ᠲᠦᠯᠡᠩᠬᠡᠶ ᠢᠢᠨ ᠲᠥᠪ ᠵᠡᠷᠭᠡ ᠲᠣᠮᠣᠬᠠᠨ ᠪᠦᠲᠦᠭᠡᠨ ᠪᠠᠢᠢᠭᠤᠯᠤᠯᠲᠠ ᠳᠤ ᠣᠷᠤᠭᠤᠯᠤᠭᠰᠠᠨ ᠬᠤᠪᠢ ᠨᠡᠮᠡᠷᠢ ᠢᠢ ᠨᠢ ᠮᠣᠩ᠋ᠭᠤᠯ ᠤᠨ ᠠᠷᠠᠳ ᠲᠦᠮᠡᠨ ᠥᠨᠳᠦᠷ ᠦᠨᠡᠯᠡᠵᠦ ᠪᠠᠢᠢᠳᠠᠭ ᠢ ᠬᠡᠯᠡᠵᠦ᠂ ᠴᠢᠨᠠᠭᠰᠢᠳᠠ ᠣᠯᠠᠨ ᠲᠥᠰᠦᠯ᠂ ᠬᠥᠲᠦᠯᠪᠦᠷᠢ ᠢᠢᠨ ᠬᠦᠷᠢᠶᠡᠨ ᠳᠥ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃
ᠠᠷᠠᠪ ᠤᠨ ᠡᠳ᠋ ᠦᠨ ᠵᠠᠰᠠᠭ ᠤᠨ ᠬᠥᠭ᠍ᠵᠢᠯ ᠦᠨ ᠲᠥᠯᠦᠭᠡᠬᠢ ᠰᠠᠩ ᠤᠨ ᠶᠡᠷᠦᠩᠬᠡᠶ ᠵᠠᠬᠢᠷᠤᠯ ᠤᠨ ᠡᠭᠦᠷᠭᠡ ᠭᠦᠢᠴᠡᠳᠬᠡᠭ᠍ᠴᠢ ᠸᠠᠯᠢᠢᠳ᠋ ᠠᠯᠢ-ᠪᠠᠾᠠᠷ ᠴᠢᠨᠠᠭᠰᠢᠳᠠ ᠮᠣᠩ᠋ᠭᠤᠯ ᠤᠯᠤᠰ ᠤᠨ ᠲᠡᠷᠢᠭᠦᠯᠡᠬᠦ ᠠᠴᠢ ᠬᠣᠯᠪᠤᠭᠳᠠᠯ ᠪᠦᠬᠦᠢ ᠲᠥᠰᠦᠯ᠂ ᠬᠥᠲᠦᠯᠪᠦᠷᠢ ᠨᠦᠭᠦᠳ ᠲᠥ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠨᠤᠲᠠᠯᠠᠯ᠎ᠠ᠃ ᠮᠥᠨ ᠠᠷᠠᠪ ᠤᠨ ᠤᠯᠤᠰ ᠣᠷᠤᠨ ᠨᠤᠭᠤᠳ ᠤᠨ ᠰᠠᠩ ᠤᠳ ᠢ ᠬᠥᠭ᠍ᠵᠢᠯ ᠦᠨ ᠲᠥᠰᠦᠯ᠂ ᠬᠥᠲᠦᠯᠪᠦᠷᠢ ᠨᠦᠭᠦᠳ ᠲᠥ ᠲᠠᠲᠠᠨ ᠣᠷᠤᠯᠴᠠᠭᠤᠯᠬᠤ ᠪᠣᠯᠤᠮᠵᠢᠲᠠᠢ ᠢᠢ ᠬᠡᠯᠡᠯ ᠡ᠃
ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠵᠦ᠂ ᠳᠡᠳ᠋ ᠪᠦᠲᠦᠴᠡ᠂ ᠡᠷᠡᠭᠦᠯ ᠮᠡᠨᠳᠦ ᠢᠢᠨ ᠰᠠᠯᠪᠤᠷᠢ ᠪᠠᠷ ᠳᠠᠮᠵᠢᠭᠤᠯᠤᠨ ᠡᠳ᠋ ᠦᠨ ᠵᠠᠰᠠᠭ ᠤᠨ ᠬᠥᠭ᠍ᠵᠢᠯ ᠳᠥ ᠣᠷᠤᠭᠤᠯᠵᠤ ᠪᠤᠢ ᠬᠤᠪᠢ ᠨᠡᠮᠡᠷᠢ ᠢᠢ ᠨᠢ ᠦᠨᠡᠯᠡᠨ ᠠᠷᠠᠪ ᠤᠨ ᠡᠳ᠋ ᠦᠨ ᠵᠠᠰᠠᠭ ᠤᠨ ᠬᠥᠭ᠍ᠵᠢᠯ ᠦᠨ ᠲᠥᠯᠦᠭᠡᠬᠢ ᠰᠠᠩ ᠢ «ᠨᠠᠢᠢᠷᠠᠮᠳᠠᠯ» ᠮᠧᠳᠠᠯᠢ ᠪᠠᠷ ᠱᠠᠩᠨᠠᠯ ᠠ᠃
ᠮᠣᠩ᠋ᠭᠤᠯ ᠤᠯᠤᠰ᠂ ᠻᠦᠸᠠᠢᠢᠲ᠋ ᠤᠨ ᠰᠠᠩ 1996 ᠣᠨ ᠠᠴᠠ ᠬᠣᠢᠢᠰᠢ ᠬᠠᠮᠲᠤᠷᠠᠨ ᠠᠵᠢᠯᠯᠠᠵᠤ ᠪᠠᠢᠢᠭ᠎ᠠ ᠪᠥᠭᠡᠳ ᠥᠩ᠋ᠭᠡᠷᠡᠭᠰᠡᠨ ᠬᠤᠭᠤᠴᠠᠭᠠᠨ ᠳᠤ ᠻᠦᠸᠠᠢᠢᠲ᠋ ᠤᠨ ᠰᠠᠩ ᠤᠨ 76 ᠰᠠᠶ᠎ᠠ ᠠᠮᠠ᠂ ᠳ᠋ᠣᠯᠯᠠᠷ ᠤᠨ ᠰᠠᠩᠬᠦᠵᠢᠯᠲᠡ ᠪᠡᠷ ᠠᠦ᠋ᠲᠣ᠋ ᠵᠠᠮ᠂ ᠡᠷᠴᠢᠮ ᠬᠦᠴᠦ᠂ ᠡᠷᠡᠭᠦᠯ ᠮᠡᠨᠳᠦ ᠢᠢᠨ ᠰᠠᠯᠪᠤᠷᠢ ᠳᠤ ᠲᠠᠪᠤᠨ ᠲᠥᠰᠦᠯ ᠢ ᠠᠮᠵᠢᠯᠲᠠᠲᠠᠢ ᠬᠡᠷᠡᠭᠵᠢᠭᠦᠯᠦᠭᠰᠡᠨ ᠶᠤᠮ᠃
ᠲᠠᠯ᠎ᠠ ᠨᠤᠭᠤᠳ ᠬᠡᠨᠲᠡᠶ ᠠᠢᠢᠮᠠᠭ ᠤᠨ «ᠥᠨᠳᠦᠷᠬᠠᠭᠠᠨ» ᠨᠢᠰᠬᠦ ᠣᠩ᠋ᠭᠤᠴᠠᠨ ᠤ ᠪᠠᠭᠤᠳᠠᠯ ᠢ ᠦᠷᠭᠡᠳᠭᠡᠬᠦ ᠲᠥᠰᠦᠯ ᠢ ᠬᠠᠮᠲᠤᠷᠠᠨ ᠬᠡᠷᠡᠭᠵᠢᠭᠦᠯᠵᠦ ᠪᠠᠢᠢᠨ᠎ᠠ᠃