ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠦᠷᠦᠭᠮᠧᠨ (ᠲᠦᠷᠦᠭᠮᠧᠨᠢᠰᠲ᠋ᠠᠨ) ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠠᠱᠬᠠᠪᠠᠳ᠋ ᠬᠣᠲᠠᠨ᠎ᠠ ᠬᠦᠷᠦᠯᠴᠡᠨ ᠢᠷᠡᠯ ᠡ᠃
ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠣᠯᠤᠨ ᠳᠠᠭᠠᠯᠳᠤᠨ ᠶᠠᠪᠤᠭ᠎ᠠ ᠲᠥᠯᠦᠭᠡᠯᠡᠭᠴᠢᠳ ᠢ ᠠᠱᠬᠠᠪᠠᠳ᠋ ᠬᠣᠲᠠ ᠢᠢᠨ ᠣᠯᠠᠨ ᠤᠯᠤᠰ ᠤᠨ ᠨᠢᠰᠬᠦ ᠣᠩ᠋ᠭᠤᠴᠠᠨ ᠤ ᠪᠠᠭᠤᠳᠠᠯ ᠳᠤ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠢᠳᠠᠷ ᠰᠠᠢᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠡᠳ᠋ ᠳᠠᠷᠤᠭ᠎ᠠ ᠪᠠᠲ᠋ᠢᠷ ᠠᠲ᠋ᠳᠠᠶᠧᠸ (Батыр Атдаев) ᠲᠡᠷᠢᠭᠦᠲᠡᠢ ᠠᠯᠪᠠᠨ ᠤ ᠲᠥᠯᠦᠭᠡᠯᠡᠭᠴᠢᠳ ᠤᠭᠲᠤᠨ ᠠᠪᠤᠪᠠ᠃
ᠡᠨᠡ ᠤᠳᠠᠭ᠎ᠠ ᠢᠢᠨ ᠠᠢᠢᠯᠴᠢᠯᠠᠯ ᠨᠢ ᠮᠣᠩ᠋ᠭᠤᠯ ᠤᠯᠤᠰ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠣᠭᠤᠷᠤᠨᠳᠤ 1992 ᠣᠨ ᠤ 04 ᠊ᠳ᠋ᠦᠭᠡᠷ ᠰᠠᠷ᠎ᠠ ᠢᠢᠨ 23 ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠬᠡᠷᠡᠭᠵᠢᠵᠦ ᠪᠤᠢ ᠠᠩᠬᠠᠨ ᠤ ᠲᠥᠷᠦ ᠢᠢᠨ ᠠᠢᠢᠯᠴᠢᠯᠠᠯ ᠭᠡᠳᠡᠭ ᠢᠢᠡᠷ ᠢᠶᠡᠨ ᠣᠨᠴᠠᠯᠢᠭ ᠶᠤᠮ᠃
ᠮᠣᠩ᠋ᠭᠤᠯ ᠤᠯᠤᠰ ᠤᠨ ᠲᠥᠪ ᠠᠽᠢ ᠢᠢᠨ ᠤᠯᠤᠰ ᠣᠷᠤᠨ ᠨᠤᠭᠤᠳ᠂ ᠲᠡᠭᠦᠨ ᠦ ᠳᠣᠲᠤᠷ᠎ᠠ ᠲᠦᠷᠦᠭᠮᠧᠨ (ᠲᠦᠷᠦᠭᠮᠧᠨᠢᠰᠲ᠋ᠠᠨ) ᠤᠯᠤᠰ ᠲᠠᠢ ᠬᠥᠭ᠍ᠵᠢᠭᠦᠯᠵᠦ ᠪᠤᠢ ᠨᠠᠢᠢᠷᠰᠠᠭ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ᠂ ᠬᠣᠶᠠᠷ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠬᠦ ᠳᠥ ᠲᠤᠰ ᠲᠥᠷᠦ ᠢᠢᠨ ᠠᠢᠢᠯᠴᠢᠯᠠᠯ ᠴᠢᠬᠤᠯᠠ ᠠᠴᠢ ᠬᠣᠯᠪᠤᠭᠳᠠᠯ ᠲᠠᠢ ᠪᠣᠯᠤᠨ᠎ᠠ᠃
ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠡᠷᠬᠡ ᠵᠦᠢ ᠢᠢᠨ ᠦᠨᠳᠦᠰᠦ ᠢᠢ ᠪᠡᠬᠢᠵᠢᠭᠦᠯᠬᠦ ᠳᠥ ᠴᠢᠬᠤᠯᠠ ᠬᠤᠪᠢ ᠨᠡᠮᠡᠷᠢ ᠣᠷᠤᠭᠤᠯᠬᠤᠢᠢᠴᠠ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠦᠳ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠪᠠᠷᠢᠮᠲᠠ ᠪᠢᠴᠢᠭ᠌ ᠦᠳ ᠢ ᠪᠠᠢᠢᠭᠤᠯᠬᠤ ᠪᠠᠷ ᠲᠥᠯᠦᠪᠯᠡᠵᠦ ᠪᠠᠢᠢᠨ᠎ᠠ᠃
ᠲᠠᠰᠢᠷᠠᠮᠳᠠ ᠳᠤᠷᠠᠳᠬᠤ ᠳᠤ ᠠᠱᠬᠠᠪᠠᠳ᠋ ᠬᠣᠲᠠ ᠨᠢ ᠨᠢᠭᠡ ᠰᠠᠶ᠎ᠠ ᠬᠦᠮᠦᠨ ᠠᠮᠠ ᠲᠠᠢ᠂ ᠴᠠᠭᠠᠨ ᠭᠠᠨᠲᠢᠭ ᠢᠶᠠᠷ ᠪᠦᠲᠦᠭᠡᠭ᠍ᠰᠡᠨ 543 ᠪᠠᠷᠢᠯᠭ᠎ᠠ ᠪᠠᠢᠢᠭᠤᠯᠤᠮᠵᠢ ᠲᠠᠢ ᠪᠥᠭᠡᠳ 2013 ᠣᠨ ᠳᠤ ᠭᠢᠨ᠋᠊ᠨᠧᠰ (Гиннес, Guinness) ᠦᠨ ᠨᠣᠮ ᠳᠤ «ᠴᠠᠭᠠᠨ ᠭᠠᠨᠲᠢᠭ ᠬᠣᠲᠠ» ᠪᠠᠷ ᠪᠦᠷᠢᠳᠬᠡᠭ᠍ᠳᠡᠭᠰᠡᠨ᠃
ᠣᠳᠤ ᠪᠠᠷ ᠲᠤᠰ ᠬᠣᠲᠠ ᠳᠤ ᠭᠠᠳᠠᠭᠠᠳᠤ ᠢᠢᠨ ᠤᠯᠤᠰ ᠣᠷᠤᠨ ᠨᠤᠭᠤᠳ ᠤᠨ ᠨᠡᠢᠢᠲᠡ 28 ᠡᠯᠴᠢᠨ ᠰᠠᠢᠢᠳ ᠤᠨ ᠶᠠᠮᠤᠨ᠂ 15 ᠣᠯᠠᠨ ᠤᠯᠤᠰ ᠤᠨ ᠪᠠᠢᠢᠭᠤᠯᠤᠯᠭ᠎ᠠ ᠲᠥᠯᠦᠭᠡᠯᠡᠭᠴᠢ ᠢᠢᠨ ᠭᠠᠵᠠᠷ ᠢᠶᠠᠨ ᠨᠡᠭᠡᠭᠡᠨ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃