ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ ᠲᠤᠯᠭᠤᠷ ᠲᠥᠷᠦ ᠢᠢᠨ 2227᠂ ᠶᠡᠬᠡ ᠮᠣᠩᠭ᠋᠋ᠣᠯ ᠤᠯᠤᠰ ᠤᠨ 812᠂ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ 107 ᠂ ᠠᠷᠠᠳ ᠤᠨ ᠬᠤᠪᠢᠰᠬᠠᠯ ᠤᠨ 97 ᠵᠢᠯ ᠦᠨ ᠣᠢ᠂ ᠠᠷᠠᠳᠴᠢᠯᠠᠭᠰᠠᠨ ᠬᠤᠪᠢᠰᠬᠠᠯ ᠤᠨ 29 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠤᠨ ᠦᠨᠳᠦᠰᠦᠨ ᠦ ᠰᠤᠷ ᠤᠨ ᠬᠠᠷᠪᠤᠭᠠᠨ ᠤ ᠲᠡᠮᠡᠴᠡᠭᠡᠨ ᠳᠥ ᠨᠢᠭᠡ᠂ ᠬᠣᠶᠠᠷ᠂ ᠭᠤᠷᠪᠠᠳᠤᠭᠠᠷ ᠪᠠᠢᠢᠷᠢ ᠡᠵᠡᠯᠡᠭᠰᠡᠨ ᠬᠠᠷᠪᠤᠭᠠᠴᠢᠳ ᠲᠤ ᠤᠯᠤᠰ ᠤᠨ ᠴᠣᠯᠠ ᠣᠯᠭᠤᠯ᠎ᠠ᠃
ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠤᠩᠰᠢᠵᠤ ᠲᠠᠨᠢᠯᠴᠠᠭᠤᠯᠤᠭᠰᠠᠨ ᠤ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩᠭ᠋ᠣᠯ ᠤᠯᠤᠰ ᠤᠨ ᠴᠣᠯᠠᠨ ᠤ ᠦᠨᠡᠮᠯᠡᠬᠦ᠂ ᠲᠡᠮᠳᠡᠭ ᠢ ᠨᠢ ᠭᠠᠷᠳᠠᠭᠤᠯᠤᠨ ᠥᠭ᠍ᠭᠦᠭᠰᠡᠨ ᠶᠤᠮ᠃
ᠦᠨᠳᠦᠰᠦᠨ ᠦ ᠰᠤᠷ ᠤᠨ ᠬᠠᠷᠪᠤᠭᠠᠨ ᠳᠤ ᠡᠷᠡᠭᠲᠡᠢ ᠬᠠᠷᠪᠤᠭᠠᠴᠢᠳ ᠠᠴᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ᠄
40 ᠰᠤᠮᠤᠨ ᠠᠴᠠ 37 ᠣᠨᠣᠵᠤ ᠲᠦᠷᠦᠭᠦᠯᠡᠭᠰᠡᠨ ᠭᠣᠪᠢ-ᠠᠯᠲᠠᠢ ᠠᠢᠢᠮᠠᠭ ᠤᠨ ᠪᠤᠭᠤᠳᠤ ᠰᠤᠮᠤ ᠢᠢᠨ ᠤᠤᠭᠤᠯ᠂ ᠵᠠᠰᠠᠭᠲᠤ ᠬᠠᠨ ᠺᠯᠤᠢᠪ ᠤᠨ ᠬᠠᠷᠪᠤᠭᠠᠴᠢ᠂ ᠮᠣᠩᠭ᠋ᠣᠯ ᠤᠯᠤᠰ ᠤᠨ ᠰᠫᠣᠷᠲ ᠤᠨ ᠮᠠᠰᠲ᠋ᠸᠷ᠂ ᠠᠢᠢᠮᠠᠭ ᠤᠨ ᠮᠡᠷᠭᠡᠨ ᠪᠠᠭᠠᠲᠤᠷ ᠤᠨ ᠳᠠᠰᠢᠵᠡᠪᠭᠡ ᠲᠥ ᠮᠣᠩᠭ᠋ᠣᠯ ᠤᠯᠤᠰ ᠤᠨ 《ᠮᠡᠷᠭᠡᠨ》 ᠴᠣᠯᠠ᠂
40 ᠰᠤᠮᠤᠨ ᠠᠴᠠ 35 ᠣᠨᠣᠵᠤ ᠬᠣᠶᠠᠳᠤᠭᠠᠷ ᠪᠠᠢᠢᠷᠢ ᠡᠵᠡᠯᠡᠭᠰᠡᠨ ᠪᠠᠶᠠᠨ-ᠥᠯᠥᠭᠡᠢ ᠠᠢᠢᠮᠠᠭ ᠤᠨ ᠠᠯᠲᠠᠢ ᠰᠤᠮᠤ ᠢᠢᠨ ᠤᠤᠭᠤᠯ᠂ ᠦᠨᠳᠦᠰᠦᠨ ᠦ ᠪᠠᠲᠤᠯᠠᠨ ᠬᠠᠮᠠᠭᠠᠯᠠᠬᠤ ᠶᠡᠬᠡ ᠰᠤᠷᠭᠠᠭᠤᠯᠢ ᠢᠢᠨ ᠬᠠᠷᠪᠤᠭᠠᠴᠢ᠂ ᠮᠣᠩᠭ᠋ᠣᠯ ᠤᠯᠤᠰ ᠤᠨ ᠰᠫᠣᠷᠲ ᠤᠨ ᠳᠡᠳ᠋ ᠮᠠᠰᠲ᠋ᠸᠷ ᠬᠣᠷᠯᠤ᠎ᠠ ᠢᠢᠨ ᠴᠣᠭᠪᠠᠶᠠᠷ ᠲᠤ ᠮᠣᠩᠭ᠋ᠣᠯ ᠤᠯᠤᠰ ᠤᠨ 《ᠭᠠᠷᠮᠠᠭᠠᠢ ᠬᠠᠷᠪᠤᠭᠠᠴᠢ》 ᠴᠣᠯᠠ᠂
40 ᠰᠤᠮᠤᠨ ᠠᠴᠠ 35 ᠣᠨᠣᠵᠤ ᠭᠤᠷᠪᠠᠳᠤᠭᠠᠷ ᠪᠠᠢᠢᠷᠢ ᠡᠵᠡᠯᠡᠭᠰᠡᠨ ᠪᠠᠶᠠᠨ-ᠥᠯᠥᠭᠡᠢ ᠠᠢᠢᠮᠠᠭ ᠤᠨ ᠠᠯᠲᠠᠢ ᠰᠤᠮᠤ ᠢᠢᠨ ᠤᠤᠭᠤᠯ᠂ ᠮᠣᠩᠭ᠋ᠣᠯ ᠤᠯᠤᠰ ᠤᠨ ᠰᠫᠣᠷᠲ ᠤᠨ ᠮᠠᠰᠲ᠋ᠸᠷ ᠨᠠᠷᠠᠮᠠᠨᠳᠠᠬᠤ ᠢᠢᠨ ᠠᠯᠲᠠᠨᠰᠦ᠋ᠬᠡ ᠳᠥ ᠮᠣᠩᠭ᠋ᠣᠯ ᠤᠯᠤᠰ ᠤᠨ 《ᠭᠣᠴᠣ ᠬᠠᠷᠪᠤᠭᠠᠴᠢ》 ᠴᠣᠯᠠ ᠣᠯᠭᠤᠯ᠎ᠠ᠃
ᠦᠨᠳᠦᠰᠦᠨ ᠦ ᠰᠤᠷ ᠤᠨ ᠬᠠᠷᠪᠤᠭᠠᠨ ᠳᠤ ᠡᠮᠡᠭᠲᠡᠢ ᠬᠠᠷᠪᠤᠭᠠᠴᠢᠳ ᠠᠴᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ᠄
40 ᠰᠤᠮᠤᠨ ᠠᠴᠠ 37 ᠣᠨᠣᠵᠤ ᠲᠦᠷᠦᠭᠦᠯᠡᠭᠰᠡᠨ ᠤᠪᠰᠤ ᠠᠢᠢᠮᠠᠭ ᠤᠨ ᠲᠡᠰ ᠰᠤᠮᠤ ᠢᠢᠨ ᠤᠤᠭᠤᠯ᠂ 《ᠠᠯᠳᠠᠷ ᠵᠧᠮ》 ᠪᠠᠭ ᠤᠨ ᠬᠠᠷᠪᠤᠭᠠᠴᠢ ᠮᠣᠩᠭ᠋ᠣᠯ ᠤᠯᠤᠰ ᠤᠨ ᠮᠡᠷᠭᠡᠨ ᠳᠠᠮᠢᠷᠠᠩ ᠤᠨ ᠨᠣᠷᠵᠢᠮ᠎ᠠ ᠳᠤ ᠮᠣᠩᠭ᠋ᠣᠯ ᠤᠯᠤᠰ ᠤᠨ 《ᠳᠠᠶᠠᠩ ᠮᠡᠷᠭᠡᠨ》 ᠴᠣᠯᠠ ᠲᠤᠰ ᠲᠤᠰ ᠣᠯᠭᠤᠯ᠎ᠠ᠃
ᠮᠥᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠯᠭᠤᠷ ᠲᠥᠷᠦ ᠢᠢᠨ 2227᠂ ᠶᠡᠬᠡ ᠮᠣᠩᠭ᠋᠋ᠣᠯ ᠤᠯᠤᠰ ᠤᠨ 812᠂ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ 107 ᠂ ᠠᠷᠠᠳ ᠤᠨ ᠬᠤᠪᠢᠰᠬᠠᠯ ᠤᠨ 97 ᠵᠢᠯ ᠦᠨ ᠣᠢ᠂ ᠠᠷᠠᠳᠴᠢᠯᠠᠭᠰᠠᠨ ᠬᠤᠪᠢᠰᠬᠠᠯ ᠤᠨ 29 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠤᠨ ᠱᠠᠭ᠎ᠠ ᠢᠢᠨ ᠬᠠᠷᠪᠤᠭᠠᠨ ᠤ ᠲᠥᠷᠦᠯ ᠳᠥ ᠨᠢᠭᠡ᠂ ᠬᠣᠶᠠᠷ᠂ ᠭᠤᠷᠪᠠᠳᠤᠭᠠᠷ ᠪᠠᠢᠢᠷᠢ ᠡᠵᠡᠯᠡᠭᠰᠡᠨ ᠪᠠᠭ ᠤᠨ ᠲᠠᠮᠢᠷᠴᠢᠳ ᠲᠤ ᠱᠠᠩᠨᠠᠯ ᠭᠠᠷᠳᠠᠭᠤᠯᠤᠯ᠎ᠠ᠃
ᠱᠠᠭ᠎ᠠ ᠢᠢᠨ ᠬᠠᠷᠪᠤᠭᠠᠨ ᠤ ᠲᠡᠷᠢᠭᠦᠨ ᠪᠠᠢᠢᠷᠢ ᠢᠢ ᠮᠣᠩᠭ᠋ᠣᠯ ᠤᠯᠤᠰ ᠤᠨ ᠦᠯᠡᠮᠵᠢ ᠳᠠᠷᠬᠠᠨ ᠮᠡᠷᠭᠡᠨ ᠱ ∙ ᠣᠳᠬᠠᠨᠪᠠᠶᠠᠷ ᠠᠬᠠᠯᠠᠭᠴᠢ ᠲᠠᠢ ᠳᠣᠷᠣᠨᠠᠭᠣᠪᠢ ᠠᠢᠢᠮᠠᠭ ᠤᠨ 《 ᠪᠣᠯᠣᠳ ᠲᠡᠮᠦᠷ ᠢᠷᠦᠭᠡ 》 ᠺᠣᠮᠫᠠᠨᠢ ᠢᠢᠨ ᠪᠠᠭ᠂ ᠲᠠᠮᠢᠷᠴᠢᠳ ᠡᠵᠡᠯᠡᠯ᠎ᠡ᠃ ᠬᠣᠶᠠᠳᠤᠭᠠᠷ ᠪᠠᠢᠢᠷᠢ ᠳᠤ ᠮᠣᠩᠭ᠋ᠣᠯ ᠤᠯᠤᠰ ᠤᠨ ᠦᠯᠡᠮᠵᠢ ᠳᠠᠷᠬᠠᠨ ᠮᠡᠷᠭᠡᠨ ᠯ ∙ ᠪᠣᠯᠣᠳ ᠠᠬᠠᠯᠠᠭᠴᠢ ᠲᠠᠢ ᠤᠯᠠᠭᠠᠨᠪᠠᠭᠠᠲᠤᠷ ᠲᠡᠮᠦᠷ ᠵᠠᠮ ᠤᠨ ᠪᠠᠭ᠂ ᠭᠤᠷᠪᠠᠳᠤᠭᠠᠷ ᠪᠠᠢᠢᠷᠢ ᠳᠤ ᠮᠣᠩᠭ᠋ᠣᠯ ᠤᠯᠤᠰ ᠤᠨ ᠬᠣᠱᠣᠢ ᠮᠡᠷᠭᠡᠨ ᠳ ∙ ᠴᠦᠯᠲᠢᠮ ᠠᠬᠠᠯᠠᠭᠴᠢ ᠲᠠᠢ ᠪᠠᠶᠠᠨᠬᠣᠩᠭ᠋ᠣᠷ ᠠᠢᠢᠮᠠᠭ ᠤᠨ ᠪᠠᠭ ᠲᠠᠮᠢᠷᠴᠢᠳ ᠰᠢᠯᠭᠠᠷᠠᠭᠰᠠᠨ ᠶᠤᠮ᠃