ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠶᠡᠷᠦᠩᠬᠡᠢᠢᠯᠡᠭᠴᠢ ᠰᠧᠷᠳᠠᠷ ᠭᠦᠷᠪᠠᠩᠭᠦ᠋ᠯᠢᠶᠧᠸᠢᠴ ᠪᠧᠷᠳᠢᠮᠦ᠋ᠬᠠᠮᠧᠳᠣᠸ (Сердар Гурбангулыевич Бердымухамедов) ᠤᠷᠢᠯᠭ᠎ᠠ ᠪᠠᠷ ᠲᠦᠷᠦᠭᠮᠧᠨ (ᠲᠦᠷᠦᠭᠮᠧᠨᠢᠰᠲ᠋ᠠᠨ) ᠤᠯᠤᠰ ᠲᠤ ᠬᠡᠷᠡᠭᠵᠢᠭᠦᠯᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠲᠠᠯ᠎ᠠ ᠨᠤᠭᠤᠳ 2024 ᠣᠨ ᠤ 10 ᠳ᠋ᠤᠭᠠᠷ ᠰᠠᠷ᠎ᠠ ᠢᠢᠨ 12 ᠤ ᠡᠳᠦᠷ ᠳᠠᠷᠠᠭᠠᠬᠢ ᠪᠠᠷᠢᠮᠲᠠ ᠪᠢᠴᠢᠭ᠌ ᠢ ᠪᠠᠢᠢᠭᠤᠯᠪᠠ᠃
1. «ᠠᠭᠠᠷ ᠤᠨ ᠬᠠᠷᠢᠯᠴᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠵᠠᠮ᠂ ᠲᠡᠭᠡᠭᠡᠪᠦᠷᠢ ᠢᠢᠨ ᠰᠠᠢᠢᠳ ᠪᠣᠷᠤᠬᠦ᠋ᠦ ᠢᠢᠨ ᠳᠡᠯᠭᠡᠷᠰᠠᠢᠢᠬᠠᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠠᠢᠢᠳ ᠨᠠᠷ ᠤᠨ ᠵᠥᠪᠯᠡᠯ ᠦᠨ ᠳᠡᠷᠭᠡᠳᠡᠬᠢ ᠲᠡᠭᠡᠭᠡᠪᠦᠷᠢ᠂ ᠬᠠᠷᠢᠯᠴᠠᠭ᠎ᠠ ᠬᠣᠯᠪᠤᠭᠠᠨ ᠤ ᠭᠠᠵᠠᠷ ᠤᠨ ᠠᠭᠠᠷ ᠤᠨ ᠬᠠᠷᠢᠯᠴᠠᠭ᠎ᠠ ᠡᠷᠬᠢᠯᠡᠭᠰᠡᠨ ᠭᠠᠵᠠᠷ ᠤᠨ ᠳᠠᠷᠤᠭ᠎ᠠ ᠳ᠋ᠣᠸᠷᠠᠨ ᠰᠠᠪᠦ᠋ᠷᠣᠸ ᠨᠠᠷ ᠭᠠᠷ ᠤᠨ ᠦᠰᠦᠭ ᠵᠢᠷᠤᠪᠠ᠃
ᠡᠨᠡᠬᠦ ᠬᠡᠯᠡᠯᠴᠡᠭᠡᠷ ᠦᠨ ᠬᠦᠷᠢᠶᠡᠨ ᠳᠥ ᠬᠣᠶᠠᠷ ᠤᠯᠤᠰ ᠤᠨ ᠠᠭᠠᠷ ᠤᠨ ᠲᠡᠭᠡᠭᠡᠪᠦᠷᠢᠯᠡᠭᠴᠢ ᠳᠥ ᠰᠢᠭᠤᠳ ᠪᠣᠯᠤᠨ ᠻᠣᠮᠮᠧᠷ ᠤᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠨᠢᠰᠦᠯᠭᠡ ᠦᠢᠯᠡᠳᠬᠦ ᠪᠣᠯᠤᠮᠵᠢ ᠢᠢ ᠪᠦᠷᠢᠳᠦᠭᠦᠯᠬᠦ ᠪᠥᠭᠡᠳ ᠮᠣᠩ᠋ᠭᠤᠯ ᠤᠯᠤᠰ ᠤᠨ ᠬᠤᠪᠢ ᠳᠤ ᠴᠢᠨᠠᠭᠰᠢᠳᠠ ᠲᠥᠪ ᠠᠽᠢ ᠢᠢᠨ ᠣᠷᠤᠨ ᠨᠤᠭᠤᠳ ᠤᠷᠤᠭᠤ ᠰᠢᠨ᠎ᠡ ᠪᠡᠷ ᠨᠡᠭᠡᠭᠡᠬᠦ ᠨᠢᠰᠦᠯᠭᠡ ᠢᠢᠨ ᠵᠠᠪᠰᠠᠷ ᠤᠨ ᠴᠡᠭ ᠪᠣᠯᠭᠠᠨ ᠠᠰᠢᠭᠯᠠᠬᠤ ᠪᠣᠯᠤᠮᠵᠢ ᠢᠢ ᠪᠦᠷᠢᠳᠦᠭᠦᠯᠵᠦ ᠪᠤᠢ ᠶᠤᠮ᠃
ᠢᠩ᠋ᠭᠢᠭ᠍ᠰᠡᠨ ᠢᠶᠡᠷ ᠬᠣᠶᠠᠷ ᠤᠯᠤᠰ ᠪᠣᠯᠤᠨ ᠢᠷᠭᠡᠳ ᠬᠣᠭᠤᠷᠤᠨᠳᠤ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠦᠬᠦᠢ ᠯᠠ ᠰᠠᠯᠪᠤᠷᠢ ᠳᠤ᠂ ᠲᠡᠷᠡ ᠳᠤᠮᠳᠠ ᠪᠠᠨ ᠠᠶᠠᠯᠠᠯ ᠵᠢᠭᠤᠯᠴᠢᠯᠠᠯ᠂ ᠬᠤᠳᠠᠯᠳᠤᠭ᠎ᠠ᠂ ᠡᠳ᠋ ᠦᠨ ᠵᠠᠰᠠᠭ ᠤᠨ ᠰᠠᠯᠪᠤᠷᠢ ᠳᠤ ᠥᠷᠭᠡᠵᠢᠨ ᠬᠥᠭ᠍ᠵᠢᠬᠦ ᠨᠥᠬᠦᠴᠡᠯ ᠢ ᠪᠦᠷᠢᠳᠦᠭᠦᠯᠵᠦ ᠪᠠᠢᠢᠨ᠎ᠠ᠃
2. «ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠵᠠᠮ᠂ ᠲᠡᠭᠡᠭᠡᠪᠦᠷᠢ ᠢᠢᠨ ᠰᠠᠢᠢᠳ ᠪᠣᠷᠤᠬᠦ᠋ᠦ ᠢᠢᠨ ᠳᠡᠯᠭᠡᠷᠰᠠᠢᠢᠬᠠᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠠᠢᠢᠳ ᠨᠠᠷ ᠤᠨ ᠵᠥᠪᠯᠡᠯ ᠦᠨ ᠳᠡᠷᠭᠡᠳᠡᠬᠢ ᠲᠡᠭᠡᠭᠡᠪᠦᠷᠢ᠂ ᠬᠠᠷᠢᠯᠴᠠᠭ᠎ᠠ ᠬᠣᠯᠪᠤᠭᠠᠨ ᠤ ᠭᠠᠵᠠᠷ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭ᠎ᠠ ᠡᠷᠬᠢᠯᠡᠭᠰᠡᠨ ᠭᠠᠵᠠᠷ ᠤᠨ ᠳᠠᠷᠤᠭ᠎ᠠ ᠭᠦᠸᠠᠨ᠋ᠴᠮᠦ᠋ᠷᠠᠲ᠋ ᠠᠻᠮᠠᠮᠮᠧᠳᠣᠸ (Гуванчмурат Акмаммедов) ᠨᠠᠷ ᠭᠠᠷ ᠤᠨ ᠦᠰᠦᠭ ᠵᠢᠷᠤᠪᠠ᠃
ᠡᠨᠡᠬᠦ ᠬᠡᠯᠡᠯᠴᠡᠭᠡᠷ ᠦᠨ ᠬᠦᠷᠢᠶᠡᠨ ᠳᠥ ᠮᠣᠩ᠋ᠭᠤᠯ ᠤᠯᠤᠰ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠨᠤᠲᠤᠭ ᠳᠡᠪᠢᠰᠬᠡᠷ ᠲᠥ ᠪᠦᠷᠢᠳᠬᠡᠯ ᠲᠡᠢ ᠲᠡᠭᠡᠭᠡᠪᠦᠷᠢ ᠢᠢᠨ ᠬᠡᠷᠡᠭᠰᠡᠯ ᠬᠣᠶᠠᠷ ᠤᠯᠤᠰ ᠤᠨ ᠬᠣᠭᠤᠷᠤᠨᠳᠤ ᠪᠣᠯᠤᠨ ᠲᠡᠳᠡᠭᠡᠷ ᠦᠨ ᠨᠤᠲᠤᠭ ᠢᠶᠠᠷ ᠳᠠᠮᠵᠢᠨ ᠥᠩ᠋ᠭᠡᠷᠡᠬᠦ ᠲᠡᠭᠡᠭᠡᠪᠦᠷᠢ ᠬᠢᠬᠦ᠂ ᠮᠥᠨ ᠭᠤᠷᠪᠠᠳᠠᠭᠴᠢ ᠤᠯᠤᠰ ᠤᠷᠤᠭᠤ ᠪᠠ ᠭᠤᠷᠪᠠᠳᠠᠭᠴᠢ ᠤᠯᠤᠰ ᠠᠴᠠ ᠠᠴᠢᠶ᠎ᠠ᠂ ᠵᠣᠷᠴᠢᠭᠴᠢ ᠲᠡᠭᠡᠭᠡᠪᠦᠷᠢᠯᠡᠯᠲᠡ ᠭᠦᠢᠴᠡᠳᠬᠡᠬᠦ ᠪᠣᠯᠤᠮᠵᠢ ᠢᠢ ᠪᠦᠷᠢᠳᠦᠭᠦᠯᠵᠦ ᠪᠠᠢᠢᠨ᠎ᠠ᠃ ᠢᠩ᠋ᠭᠢᠭ᠍ᠰᠡᠨ ᠢᠶᠡᠷ ᠮᠣᠩ᠋ᠭᠤᠯ ᠤᠨ ᠲᠡᠭᠡᠭᠡᠪᠦᠷᠢᠯᠡᠭᠴᠢ ᠳᠥ ᠪᠤᠰᠤᠳ ᠤᠯᠤᠰ ᠣᠷᠤᠨ ᠤᠷᠤᠭᠤ ᠳᠠᠮᠵᠢᠨ ᠥᠩ᠋ᠭᠡᠷᠡᠬᠦ ᠳᠥ ᠣᠳᠤ ᠲᠤᠭᠤᠯᠵᠤ ᠪᠤᠢ ᠵᠠᠮ ᠠᠴᠠ ᠪᠠᠨ ᠢᠯᠡᠭᠦᠦ ᠳᠥᠲᠡ ᠵᠠᠮ ᠢ ᠰᠣᠩ᠋ᠭᠤᠵᠤ᠂ ᠲᠡᠭᠡᠭᠡᠪᠦᠷᠢᠯᠡᠯᠲᠡ ᠳᠥ ᠢᠯᠡᠭᠦᠦ ᠪᠠᠭ᠎ᠠ ᠴᠠᠭ ᠬᠤᠭᠤᠴᠠᠭ᠎ᠠ ᠵᠠᠷᠤᠴᠠᠭᠤᠯᠬᠤ ᠪᠣᠯᠤᠮᠵᠢ ᠲᠠᠢ ᠪᠣᠯᠬᠤ ᠶᠤᠮ᠃
ᠲᠡᠭᠦᠨᠴᠢᠯᠡᠨ ᠲᠤᠰ ᠪᠠᠷᠢᠮᠲᠠ ᠪᠢᠴᠢᠭ᠌ ᠨᠢ ᠠᠭᠠᠷ ᠤᠨ ᠬᠠᠷᠢᠯᠴᠠᠭᠠᠨ ᠤ ᠲᠤᠬᠠᠶ ᠬᠡᠯᠡᠯᠴᠡᠭᠡᠷ ᠦᠨ ᠨᠢᠭᠡᠨ ᠠᠳᠠᠯᠢ ᠬᠣᠶᠠᠷ ᠤᠯᠤᠰ ᠤᠨ ᠵᠠᠮ᠂ ᠲᠡᠭᠡᠭᠡᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠲᠡᠭᠡᠭᠡᠪᠦᠷᠢ᠂ ᠯᠣᠭᠢᠰᠲ᠋ᠢᠭ ᠤᠨ ᠰᠢᠨ᠎ᠡ ᠴᠢᠭᠯᠡᠯ ᠢ ᠪᠤᠢ ᠪᠣᠯᠭᠠᠬᠤ᠂ ᠢᠷᠭᠡᠳ ᠪᠣᠯᠤᠨ ᠪᠢᠽᠢᠨᠧᠰ ᠡᠷᠬᠢᠯᠡᠭᠴᠢ ᠨᠠᠷ ᠤᠨ ᠬᠠᠷᠢᠯᠴᠠᠭ᠎ᠠ ᠢᠢ ᠬᠥᠩ᠋ᠭᠡᠪᠴᠢᠯᠡᠵᠦ᠂ ᠬᠠᠷᠢᠯᠴᠠᠨ ᠠᠰᠢᠭᠲᠠᠢ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠡᠭᠦᠷᠭᠡ ᠭᠦᠢᠴᠡᠳᠬᠡᠨ᠎ᠡ᠃
3. «ᠮᠠᠯ ᠡᠮᠨᠡᠯᠭᠡ᠂ ᠮᠠᠯ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ ᠠᠵᠤ ᠠᠬᠤᠶ ᠢᠢᠨ ᠶᠠᠮᠤᠨ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠰᠠᠢᠢᠳ ᠵᠢᠳᠳᠠᠮᠪᠠ ᠢᠢᠨ ᠡ᠊ᠩᠬᠡᠪᠠᠶᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ᠂ ᠠᠵᠤ ᠠᠬᠤᠶ ᠢᠢᠨ ᠰᠠᠢᠢᠳ ᠴᠠᠷᠢᠶᠠᠷ ᠴᠧᠲ᠋ᠢᠶᠧᠸ (Чарыяр Четиев) ᠨᠠᠷ ᠭᠠᠷ ᠤᠨ ᠦᠰᠦᠭ ᠵᠢᠷᠤᠪᠠ᠃
ᠡᠨᠡᠬᠦ ᠬᠡᠯᠡᠯᠴᠡᠭᠡᠷ ᠦᠨ ᠬᠦᠷᠢᠶᠡᠨ ᠳᠥ ᠲᠠᠯ᠎ᠠ ᠨᠤᠭᠤᠳ ᠥᠪᠡᠷ ᠦᠨ ᠤᠯᠤᠰ ᠤᠨ ᠨᠤᠲᠤᠭ ᠳᠡᠪᠢᠰᠬᠡᠷ ᠲᠥ ᠮᠠᠯ᠂ ᠠᠮᠢᠲᠠᠨ ᠤ ᠭᠠᠷᠤᠯ ᠲᠠᠢ ᠪᠦᠲᠦᠭᠡᠭ᠍ᠳᠡᠬᠦᠨ ᠦ ᠬᠤᠳᠠᠯᠳᠤᠭ᠎ᠠ ᠢᠢ ᠬᠥᠩ᠋ᠭᠡᠪᠴᠢᠯᠡᠬᠦ᠂ ᠮᠠᠯ ᠤᠨ ᠡᠪᠡᠳᠴᠢᠨ ᠡᠴᠡ ᠤᠷᠢᠳᠴᠢᠯᠠᠨ ᠰᠡᠷᠭᠡᠢᠢᠯᠡᠬᠦ᠂ ᠲᠡᠮᠡᠴᠡᠬᠦ᠂ ᠮᠠᠯ ᠤᠨ ᠡᠷᠡᠭᠦᠯ ᠮᠡᠨᠳᠦ ᠢᠢ ᠬᠠᠮᠠᠭᠠᠯᠠᠬᠤ᠂ ᠮᠠᠯ ᠠᠵᠤ ᠠᠬᠤᠶ ᠢᠢᠨ ᠰᠠᠯᠪᠤᠷᠢ ᠢᠢ ᠬᠥᠭ᠍ᠵᠢᠭᠦᠯᠬᠦ ᠴᠢᠭᠯᠡᠯ ᠢᠶᠡᠷ ᠮᠠᠯ ᠡᠮᠨᠡᠯᠭᠡ᠂ ᠮᠠᠯ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠠᠴᠠ ᠭᠠᠳᠠᠨ᠎ᠠ ᠬᠣᠶᠠᠷ ᠤᠯᠤᠰ ᠤᠨ ᠬᠤᠯᠪᠤᠭᠳᠠᠬᠤ ᠪᠠᠢᠢᠭᠤᠯᠤᠯᠭ᠎ᠠ ᠨᠤᠭᠤᠳ ᠬᠣᠭᠤᠷᠤᠨᠳᠤ ᠮᠡᠯ ᠡᠮᠨᠡᠯᠭᠡ ᠢᠢᠨ ᠰᠢᠨᠵᠢᠯᠠᠬᠦ ᠤᠬᠠᠭᠠᠨ᠂ ᠡᠪᠡᠳᠴᠢᠨ ᠦ ᠲᠠᠩᠳᠠᠯᠲᠠ᠂ ᠬᠢᠨᠠᠯᠲᠠ ᠢᠢᠨ ᠠᠷᠭ᠎ᠠ ᠬᠡᠮᠵᠢᠶᠡᠨ ᠦ ᠲᠠᠯ᠎ᠠ ᠪᠠᠷ ᠮᠡᠳᠡᠭᠡᠯᠡᠯ᠂ ᠲᠤᠷᠰᠢᠯᠭ᠎ᠠ ᠰᠣᠯᠢᠯᠴᠠᠬᠤ ᠪᠣᠯᠤᠮᠵᠢ ᠢᠢ ᠪᠦᠷᠢᠳᠦᠭᠦᠯᠵᠦ ᠪᠤᠢ ᠶᠤᠮ᠃
ᠲᠡᠭᠦᠨᠴᠢᠯᠡᠨ ᠲᠠᠯ᠎ᠠ ᠨᠤᠭᠤᠳ ᠮᠠᠯ ᠠᠵᠤ ᠠᠬᠤᠶ ᠢᠢᠨ ᠮᠡᠷᠭᠡᠵᠢᠯᠲᠡᠨ ᠨᠦᠭᠦᠳ᠂ ᠮᠠᠯ ᠤᠨ ᠡᠮᠴᠢ᠂ ᠡᠷᠳᠡᠮᠲᠡᠳ ᠦᠨ ᠠᠭᠤᠯᠵᠠᠯᠲᠠ᠂ ᠮᠡᠳᠡᠯᠭᠡ ᠰᠣᠯᠢᠯᠴᠠᠬᠤ ᠰᠤᠷᠭᠠᠯᠲᠠ᠂ ᠴᠢᠳᠠᠪᠬᠢ ᠢᠢ ᠪᠡᠬᠢᠵᠢᠭᠦᠯᠬᠦ ᠳᠥ ᠬᠠᠷᠢᠯᠴᠠᠨ ᠪᠡᠶ᠎ᠡ ᠪᠡᠶ᠎ᠡ ᠳᠥ ᠪᠡᠨ ᠳᠡᠮᠵᠢᠯᠭᠡ ᠦᠵᠡᠭᠦᠯᠵᠦ ᠠᠵᠢᠯᠯᠠᠬᠤ ᠪᠠᠨ ᠢᠯᠡᠷᠬᠡᠢᠢᠯᠡᠭᠰᠡᠨ ᠨᠢ ᠬᠣᠶᠠᠷ ᠤᠯᠤᠰ ᠤᠨ ᠮᠠᠯ᠂ ᠡᠮᠨᠡᠯᠭᠡ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠡᠬᠢᠯᠡᠭᠦᠯᠬᠦ ᠳᠥ ᠴᠢᠬᠤᠯᠠ ᠠᠴᠢ ᠬᠣᠯᠪᠤᠭᠳᠠᠯ ᠲᠠᠢ ᠰᠠᠭᠤᠷᠢ ᠪᠠᠷᠢᠮᠲᠠ ᠪᠢᠴᠢᠭ᠌ ᠪᠣᠯᠵᠤ ᠪᠠᠢᠢᠨ᠎ᠠ᠃
4. «ᠬᠥᠳᠡᠭᠡ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ ᠠᠵᠤ ᠠᠬᠤᠶ ᠢᠢᠨ ᠶᠠᠮᠤᠨ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠰᠠᠢᠢᠳ ᠵᠢᠳᠳᠠᠮᠪᠠ ᠢᠢᠨ ᠡ᠊ᠩᠬᠡᠪᠠᠶᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ᠂ ᠠᠵᠤ ᠠᠬᠤᠶ ᠢᠢᠨ ᠰᠠᠢᠢᠳ ᠴᠠᠷᠢᠶᠠᠷ ᠴᠧᠲ᠋ᠢᠶᠧᠸ (Чарыяр Четиев) ᠨᠠᠷ ᠭᠠᠷ ᠤᠨ ᠦᠰᠦᠭ ᠵᠢᠷᠤᠪᠠ᠃
ᠡᠨᠡᠬᠦ ᠬᠡᠯᠡᠯᠴᠡᠭᠡᠷ ᠦᠨ ᠬᠦᠷᠢᠶᠡᠨ ᠳᠥ ᠲᠠᠯ᠎ᠠ ᠨᠤᠭᠤᠳ ᠬᠥᠳᠡᠭᠡ ᠠᠵᠤ ᠠᠬᠤᠶ ᠢ ᠴᠠᠬᠢᠮᠵᠢᠭᠤᠯᠬᠤ᠂ ᠣᠷᠴᠢᠨ ᠦᠶ᠎ᠡ ᠢᠢᠨ ᠲᠥᠪᠯᠡᠷᠡᠯ᠂ ᠲ᠋ᠧᠭᠨᠣᠯᠤᠭᠢ ᠢᠢ ᠬᠥᠳᠡᠭᠡ ᠠᠵᠤ ᠠᠬᠤᠶ ᠢᠢᠨ ᠦᠢᠯᠡᠳᠪᠦᠷᠢᠯᠡᠯ ᠳᠥ ᠨᠡᠪᠲᠡᠷᠡᠭᠦᠯᠬᠦ᠂ ᠬᠥᠳᠡᠭᠡ ᠠᠵᠤ ᠠᠬᠤᠶ ᠢᠢᠨ ᠪᠦᠲᠦᠭᠡᠭ᠍ᠳᠡᠬᠦᠨ ᠦᠢᠯᠡᠳᠪᠦᠷᠢᠯᠡᠬᠦ᠂ ᠪᠣᠯᠪᠠᠰᠤᠷᠠᠭᠤᠯᠬᠤ ᠬᠠᠮᠲᠤᠷᠠᠭᠰᠠᠨ ᠦᠢᠯᠡᠳᠪᠦᠷᠢ ᠪᠠᠢᠢᠭᠤᠯᠬᠤ᠂ ᠮᠠᠯ ᠠᠵᠤ ᠠᠬᠤᠶ᠂ ᠮᠠᠯ ᠠᠵᠤ ᠠᠬᠤᠶ ᠢᠢᠨ ᠦᠢᠯᠡᠳᠪᠦᠷᠢᠯᠡᠯ᠂ ᠣᠷᠭᠠᠨᠢᠭ ᠭᠠᠵᠠᠷ ᠲᠠᠷᠢᠶᠠᠯᠠᠩ ᠢ ᠬᠥᠭ᠍ᠵᠢᠭᠦᠯᠬᠦ᠂ ᠭᠠᠵᠠᠷ ᠲᠠᠷᠢᠶᠠᠯᠠᠩ᠂ ᠲᠡᠷᠡ ᠳᠤᠮᠳᠠ ᠪᠠᠨ ᠬᠦᠨᠡᠰᠦᠨ ᠦ ᠠᠵᠤ ᠠᠬᠤᠶ᠂ ᠵᠢᠮᠢᠰ᠂ ᠵᠢᠮᠢᠰᠬᠡᠨ᠎ᠡ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠭᠡᠰᠡᠨ ᠦᠨᠳᠦᠰᠦᠨ ᠴᠢᠭᠯᠡᠯ ᠦᠳ ᠢᠶᠡᠷ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃
ᠮᠣᠩ᠋ᠭᠤᠯ ᠤᠯᠤᠰ ᠨᠢ ᠲᠥᠪ ᠠᠽᠢ ᠢᠢᠨ ᠪᠦᠰᠡ ᠨᠤᠲᠤᠭ ᠲᠤ ᠬᠥᠳᠡᠭᠡ ᠠᠵᠤ ᠠᠬᠤᠶ ᠢᠢᠨ ᠰᠠᠯᠪᠤᠷᠢ ᠳᠤ ᠪᠠᠨ ᠲᠡᠷᠢᠭᠦᠯᠡᠬᠦ ᠪᠠᠢᠢᠷᠢ ᠰᠠᠭᠤᠷᠢ ᠢᠢ ᠡᠵᠡᠯᠡᠳᠡᠭ᠂ ᠤᠯᠠᠮᠵᠢᠯᠠᠯᠲᠤ ᠬᠥᠳᠡᠭᠡ᠂ ᠮᠠᠯ ᠠᠵᠤ ᠠᠬᠤᠶ ᠲᠠᠢ ᠲᠦᠷᠦᠭᠮᠧᠨ (ᠲᠦᠷᠦᠭᠮᠧᠨᠢᠰᠲ᠋ᠠᠨ) ᠤᠯᠤᠰ ᠲᠠᠢ ᠡᠨᠡ ᠰᠠᠯᠪᠤᠷᠢ ᠳᠤ ᠢᠳᠡᠪᠬᠢᠲᠡᠢ ᠬᠠᠮᠲᠤᠷᠠᠨ ᠠᠵᠢᠯᠯᠠᠵᠤ᠂ ᠲᠤᠷᠰᠢᠯᠭ᠎ᠠ ᠰᠣᠯᠢᠯᠴᠠᠬᠤ ᠨᠢ ᠮᠣᠩ᠋ᠭᠤᠯ ᠤᠯᠤᠰ ᠤᠨ ᠵᠠᠰᠠᠭ ᠤᠨ ᠭᠠᠵᠠᠷ ᠤᠨ ᠦᠢᠯᠡ ᠠᠵᠢᠯᠯᠠᠭᠠᠨ ᠤ ᠬᠥᠲᠦᠯᠪᠦᠷᠢ ᠢᠢᠨ ᠬᠦᠷᠢᠶᠡᠨ ᠳᠥ ᠪᠠᠲᠤᠯᠠᠭᠳᠠᠭᠰᠠᠨ ᠪᠦᠰᠡᠴᠢᠯᠠᠭ᠍ᠰᠡᠨ ᠬᠥᠭ᠍ᠵᠢᠯ ᠦᠨ ᠪᠣᠳᠤᠯᠭ᠎ᠠ ᠲᠠᠢ ᠤᠶᠠᠯᠳᠤᠬᠤ ᠪᠥᠭᠡᠳ ᠡᠢᠢᠨ ᠬᠦ ᠲᠤᠰ ᠬᠡᠯᠡᠯᠴᠡᠭᠡᠷ ᠨᠢ ᠴᠢᠨᠠᠭᠰᠢᠳᠠ ᠬᠣᠶᠠᠷ ᠤᠯᠤᠰ ᠬᠥᠳᠡᠭᠡ ᠠᠵᠤ ᠠᠬᠤᠶ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠨ ᠠᠮᠵᠢᠯᠲᠠᠲᠠᠢ ᠬᠥᠭ᠍ᠵᠢᠭᠦᠯᠬᠦ ᠪᠣᠯᠤᠮᠵᠢ ᠢᠢ ᠪᠦᠷᠢᠳᠦᠭᠦᠯᠦᠭᠰᠡᠨ ᠰᠠᠭᠤᠷᠢ ᠪᠠᠷᠢᠮᠲᠠ ᠪᠢᠴᠢᠭ᠌ ᠨᠢ ᠪᠣᠯᠵᠤ ᠪᠠᠢᠢᠨ᠎ᠠ᠃
5. «ᠰᠣᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠣᠶᠤᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠴᠢᠩᠪᠠᠲᠤ ᠢᠢᠨ ᠨᠣᠮᠢᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠣᠶᠤᠯ ᠤᠨ ᠰᠠᠢᠢᠳ ᠠᠲ᠋ᠠᠭᠧᠯᠢᠳᠢ ᠱᠠᠨᠦ᠋ᠷᠠᠳᠣᠸ (Атагельди Шамурадов) ᠨᠠᠷ ᠭᠠᠷ ᠤᠨ ᠦᠰᠦᠭ ᠵᠢᠷᠤᠪᠠ᠃
ᠡᠨᠡᠬᠦ ᠰᠠᠨᠠᠮᠵᠢ ᠪᠢᠴᠢᠭ᠌ ᠢᠶᠡᠷ ᠲᠠᠯ᠎ᠠ ᠨᠤᠭᠤᠳ ᠰᠣᠶᠤᠯ᠂ ᠤᠷᠠᠯᠢᠭ ᠤᠨ ᠦᠵᠡᠰᠬᠦᠯᠡᠩ᠂ ᠤᠷᠠᠯᠢᠭ ᠤᠨ ᠲᠣᠭᠯᠠᠯᠲᠠ᠂ ᠻᠢᠨᠣ᠋ ᠦᠵᠡᠪᠦᠷᠢ ᠵᠣᠬᠢᠶᠠᠨ ᠪᠠᠢᠢᠭᠤᠯᠬᠤ᠂ ᠥᠪ ᠢ ᠬᠠᠮᠠᠭᠠᠯᠠᠬᠤ᠂ ᠰᠣᠶᠤᠯ ᠤᠨ ᠪᠡᠶᠡᠲᠦ ᠪᠤᠰᠤ ᠥᠪ ᠢ ᠰᠡᠷᠭᠦᠭᠡᠨ ᠵᠠᠰᠠᠪᠤᠷᠢᠯᠠᠬᠤ ᠴᠢᠭᠯᠡᠯ ᠢᠶᠡᠷ ᠬᠠᠮᠲᠤᠷᠠᠭᠰᠠᠨ ᠰᠤᠳᠤᠯᠭ᠎ᠠ ᠬᠢᠬᠦ᠂ ᠰᠣᠶᠤᠯ ᠤᠨ ᠡᠳ᠋ ᠵᠦᠢᠯ᠂ ᠬᠡᠪᠯᠡᠯ᠂ ᠪᠢᠴᠢᠭ᠌ ᠪᠠᠷᠢᠮᠲᠠ ᠰᠣᠯᠢᠯᠴᠠᠬᠤ ᠵᠠᠮ ᠢᠶᠠᠷ ᠨᠥᠭᠦᠭᠡ ᠲᠠᠯ᠎ᠠ ᠳᠤ ᠪᠠᠨ ᠥᠪᠡᠷ ᠦᠨ ᠤᠯᠤᠰ ᠣᠷᠤᠨ᠂ ᠠᠷᠠᠳ ᠲᠦᠮᠡᠨ᠂ ᠰᠣᠶᠤᠯ ᠢᠶᠠᠨ ᠲᠠᠨᠢᠭᠤᠯᠬᠤ ᠳᠤ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃
ᠲᠤᠰ ᠪᠠᠷᠢᠮᠲᠠ ᠪᠢᠴᠢᠭ᠌ ᠨᠢ ᠡᠷᠲᠡᠨ ᠦ ᠲᠡᠦᠬᠡ᠂ ᠰᠣᠶᠤᠯ ᠲᠠᠢ ᠬᠣᠶᠠᠷ ᠤᠯᠤᠰ ᠤᠨ ᠬᠤᠪᠢ ᠳᠤ ᠰᠣᠶᠤᠯ ᠤᠨ ᠰᠠᠯᠪᠤᠷᠢ ᠢᠢᠨ ᠬᠠᠷᠢᠯᠴᠠᠭ᠎ᠠ ᠪᠠᠨ ᠥᠷᠭᠡᠵᠢᠭᠦᠯᠦᠨ ᠬᠥᠭ᠍ᠵᠢᠭᠦᠯᠬᠦ᠂ «ᠲᠣᠷᠭᠠᠨ ᠤ ᠵᠠᠮ» ᠢ ᠳᠠᠭᠠᠭᠰᠠᠨ ᠰᠣᠶᠤᠯ ᠤᠨ ᠬᠥᠲᠦᠯᠪᠦᠷᠢ ᠬᠡᠷᠡᠭᠵᠢᠭᠦᠯᠬᠦ᠂ ᠲᠡᠭᠦᠨᠴᠢᠯᠡᠨ ᠮᠠᠨ ᠤ ᠬᠣᠶᠠᠷ ᠤᠯᠤᠰ ᠤᠨ ᠲᠡᠦᠬᠡ᠂ ᠰᠣᠶᠤᠯ ᠤᠨ ᠬᠣᠣᠰ ᠦᠭᠡᠢ ᠡᠪ ᠲᠥ ᠬᠠᠮᠢᠶᠠᠷᠬᠤ ᠡᠬᠢ ᠰᠤᠷᠪᠤᠯᠵᠢ᠂ ᠪᠠᠷᠢᠮᠲᠠ ᠳᠤᠷᠠᠰᠬᠠᠯ ᠤᠨ ᠬᠠᠮᠲᠤᠷᠠᠭᠰᠠᠨ ᠰᠤᠳᠤᠯᠭ᠎ᠠ ᠬᠢᠬᠦ᠂ ᠮᠦᠽᠧᠶ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠲᠣᠭᠲᠠᠭᠠᠬᠤ ᠳᠤ ᠴᠢᠬᠤᠯᠠ ᠠᠴᠢ ᠬᠣᠯᠪᠤᠭᠳᠠᠯ ᠲᠠᠢ ᠶᠤᠮ᠃
6. «ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠣᠶᠤᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠴᠢᠩᠪᠠᠲᠤ ᠢᠢᠨ ᠨᠣᠮᠢᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠣᠶᠤᠯ ᠤᠨ ᠰᠠᠢᠢᠳ ᠠᠲ᠋ᠠᠭᠧᠯᠢᠳᠢ ᠱᠠᠨᠦ᠋ᠷᠠᠳᠣᠸ (Атагельди Шамурадов) ᠨᠠᠷ ᠭᠠᠷ ᠤᠨ ᠦᠰᠦᠭ ᠵᠢᠷᠤᠪᠠ᠃
ᠡᠨᠡᠬᠦ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌ ᠦᠨ ᠬᠦᠷᠢᠶᠡᠨ ᠳᠥ ᠲᠠᠯ᠎ᠠ ᠨᠤᠭᠤᠳ ᠬᠣᠶᠠᠷ ᠤᠯᠤᠰ ᠤᠨ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠬᠠᠷᠢᠯᠴᠠᠨ ᠮᠡᠳᠡᠭᠡᠯᠡᠯ ᠰᠣᠯᠢᠯᠴᠠᠬᠤ᠂ ᠣᠷᠤᠯᠴᠠᠭᠴᠢ ᠲᠠᠯ᠎ᠠ ᠨᠤᠭᠤᠳ ᠤᠨ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠬᠦ᠂ ᠬᠠᠷᠢᠯᠴᠠᠨ ᠠᠭᠤᠯᠵᠠᠯᠲᠠ ᠵᠣᠬᠢᠶᠠᠨ ᠪᠠᠢᠢᠭᠤᠯᠬᠤ᠂ ᠲᠤᠷᠰᠢᠯᠭ᠎ᠠ ᠬᠤᠪᠢᠶᠠᠯᠴᠠᠬᠤ ᠵᠡᠷᠭᠡ ᠪᠡᠷ ᠬᠠᠮᠲᠤᠷᠠᠨ ᠠᠵᠢᠯᠯᠠᠨ᠎ᠠ᠃
ᠲᠤᠰ ᠪᠠᠷᠢᠮᠲᠠ ᠪᠢᠴᠢᠭ᠌ ᠨᠢ ᠮᠣᠩ᠋ᠭᠤᠯ ᠤᠯᠤᠰ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠨᠢ ᠲᠡᠦᠬᠡ᠂ ᠰᠣᠶᠤᠯ ᠤᠨ ᠳᠤᠷᠠᠰᠬᠠᠯᠲᠤ ᠭᠠᠵᠠᠷ᠂ ᠥᠪᠡᠷᠮᠢᠴᠡ ᠲᠣᠭᠲᠠᠴᠠ ᠪᠦᠬᠦᠢ ᠪᠠᠢᠢᠭᠠᠯᠢ ᠢᠢᠨ ᠦᠵᠡᠰᠬᠦᠯᠡᠩᠲᠦ ᠴᠣᠭᠴᠠᠯᠠᠪᠤᠷᠢ ᠪᠠᠷ ᠪᠠᠶᠠᠯᠢᠭ ᠤᠯᠤᠰ ᠣᠷᠤᠨ ᠨᠤᠭᠤᠳ ᠤᠨ ᠬᠤᠪᠢ ᠳᠤ ᠬᠣᠶᠠᠷ ᠤᠯᠤᠰ ᠤᠨ ᠢᠷᠭᠡᠳ ᠲᠥ ᠪᠡᠨ ᠤᠯᠤᠰ ᠣᠷᠤᠨ ᠢᠶᠠᠨ ᠬᠠᠷᠢᠯᠴᠠᠨ ᠰᠤᠷᠲᠠᠯᠴᠢᠯᠠᠨ ᠲᠠᠨᠢᠭᠤᠯᠬᠤ᠂ ᠬᠣᠶᠠᠷ ᠤᠯᠤᠰ ᠤᠨ ᠲᠡᠦᠬᠡ᠂ ᠰᠣᠶᠤᠯ᠂ ᠵᠠᠩ ᠵᠠᠩᠰᠢᠯ ᠳᠤ ᠲᠤᠯᠭᠠᠭᠤᠷᠢᠯᠠᠭᠰᠠᠨ ᠠᠶᠠᠯᠠᠯ ᠵᠢᠭᠤᠯᠴᠢᠯᠠᠯ ᠢ ᠬᠥᠭ᠍ᠵᠢᠭᠦᠯᠬᠦ᠂ ᠠᠶᠠᠯᠠᠯ ᠵᠢᠭᠤᠯᠴᠢᠯᠠᠯ ᠤᠨ ᠠᠰᠠᠭᠤᠳᠠᠯ ᠡᠷᠬᠢᠯᠡᠭᠰᠡᠨ ᠲᠥᠷᠦ᠂ ᠬᠤᠪᠢ ᠢᠢᠨ ᠬᠡᠪᠰᠢᠯ ᠦᠨ ᠪᠠᠢᠢᠭᠤᠯᠤᠯᠭ᠎ᠠ ᠨᠤᠭᠤᠳ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠪᠡᠬᠢᠵᠢᠭᠦᠯᠬᠦ ᠳᠥ ᠲᠣᠮᠣᠬᠠᠨ ᠬᠤᠪᠢ ᠨᠡᠮᠡᠷᠢ ᠣᠷᠤᠭᠤᠯᠤᠨ᠎ᠠ ᠭᠡᠵᠦ ᠦᠵᠡᠵᠦ ᠪᠠᠢᠢᠨ᠎ᠠ᠃
ᠲᠡᠭᠦᠨᠴᠢᠯᠡᠨ᠂ ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢᠯᠡᠯ ᠦᠨ ᠲᠠᠩᠬᠢᠮ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌ ᠲᠥ ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠭᠦᠢᠴᠡᠳᠬᠡᠬᠦ ᠵᠠᠬᠢᠷᠤᠯ ᠲᠦᠮᠡᠨᠵᠢᠷᠭᠠᠯ ᠢᠢᠨ ᠳᠦᠭᠦᠷᠡᠩ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢᠯᠡᠯ ᠦᠨ ᠲᠠᠩᠬᠢᠮ ᠤᠨ ᠳᠠᠷᠤᠭ᠎ᠠ ᠮᠧᠷᠭᠧᠨ ᠭᠦᠷᠳᠤᠸ (Мерген Гурдов) ᠨᠠᠷ ᠭᠠᠷ ᠤᠨ ᠦᠰᠦᠭ ᠵᠢᠷᠤᠵᠤ᠂ ᠬᠣᠶᠠᠷ ᠤᠯᠤᠰ ᠤᠨ ᠠᠵᠤ ᠠᠬᠤᠶ ᠢᠢᠨ ᠨᠢᠭᠡᠴᠡ᠂ ᠪᠠᠢᠢᠭᠤᠯᠤᠯᠭ᠎ᠠ ᠨᠤᠭᠤᠳ ᠬᠣᠭᠤᠷᠤᠨᠳᠤ ᠢᠢᠨ ᠬᠤᠳᠠᠯᠳᠤᠭ᠎ᠠ᠂ ᠡᠳ᠋ ᠦᠨ ᠵᠠᠰᠠᠭ ᠤᠨ ᠬᠠᠷᠢᠯᠴᠠᠭ᠎ᠠ ᠢᠢ ᠥᠷᠭᠡᠵᠢᠭᠦᠯᠬᠦ᠂ ᠮᠡᠳᠡᠭᠡᠯᠡᠯ᠂ ᠲᠤᠷᠰᠢᠯᠭ᠎ᠠ ᠰᠣᠯᠢᠯᠴᠠᠨ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃ ᠪᠠᠷᠢᠮᠲᠠ ᠪᠢᠴᠢᠭ᠌ ᠦᠨ ᠬᠦᠷᠢᠶᠡᠨ ᠳᠥ ᠬᠣᠶᠠᠷ ᠤᠯᠤᠰ ᠤᠨ ᠪᠢᠽᠢᠨᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠲᠣᠭᠲᠠᠭᠠᠬᠤ᠂ ᠲᠡᠳᠡᠨ ᠦ ᠴᠢᠨᠠᠭᠰᠢᠳᠠ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠤᠯᠠᠮ ᠢᠶᠠᠷ ᠢᠷᠭᠡᠳ ᠦᠨ ᠰᠣᠯᠢᠯᠴᠠᠭ᠎ᠠ ᠢᠢ ᠨᠡᠮᠡᠭᠳᠡᠭᠦᠯᠬᠦ ᠪᠣᠯᠤᠮᠵᠢ ᠲᠠᠢ᠃