1. ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠬᠠᠮᠧᠳᠣᠸ (Сердар Бердымухамедов) ᠤᠨ ᠤᠷᠢᠯᠭ᠎ᠠ ᠪᠠᠷ 2024 ᠣᠨ ᠤ 10 ᠳ᠋ᠤᠭᠠᠷ ᠰᠠᠷ᠎ᠠ ᠢᠢᠨ 10-13 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠪᠡ᠃
2. ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠶᠡᠷᠦᠩᠬᠡᠢᠢᠯᠡᠭᠴᠢ ᠰᠧ᠊᠂ ᠪᠧᠷᠳᠢᠮᠦ᠋ᠬᠠᠮᠧᠳᠣᠸ ᠨᠠᠷ (ᠴᠢᠨᠠᠭᠰᠢᠳᠠ «ᠲᠠᠯ᠎ᠠ ᠨᠤᠭᠤᠳ» ᠭᠡᠬᠦ) ᠠᠯᠪᠠᠨ ᠶᠣᠰᠤᠨ ᠤ ᠬᠡᠯᠡᠯᠴᠡᠭᠡ ᠬᠢᠵᠦ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠤᠯᠤᠰ ᠲᠥᠷᠦ᠂ ᠡᠳ᠋ ᠦᠨ ᠵᠠᠰᠠᠭ᠂ ᠬᠥᠳᠡᠭᠡ ᠠᠵᠤ ᠠᠬᠤᠶ᠂ ᠲᠡᠭᠡᠭᠡᠪᠦᠷᠢ᠂ ᠯᠣᠭᠢᠰᠲ᠋ᠢᠭ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠰᠣᠶᠤᠯ ᠵᠡᠷᠭᠡ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ᠂ ᠢᠷᠭᠡᠳ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠪᠡᠬᠢᠵᠢᠭᠦᠯᠬᠦ᠂ ᠪᠦᠰᠡ ᠨᠤᠲᠤᠭ ᠪᠣᠯᠤᠨ ᠣᠯᠠᠨ ᠤᠯᠤᠰ ᠤᠨ ᠲᠠᠪᠴᠠᠩ ᠳᠠᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠲᠠᠯ᠎ᠠ ᠪᠠᠷ ᠨᠠᠢᠢᠷᠰᠠᠭ᠂ ᠠᠵᠢᠯ ᠬᠡᠷᠡᠭᠴᠢ᠂ ᠬᠠᠯᠠᠭᠤᠨ ᠳᠣᠲᠤᠨ᠎ᠠ ᠠᠭᠤᠷ ᠠᠮᠢᠰᠬᠤᠯ ᠳᠤ ᠰᠠᠨᠠᠯ ᠰᠣᠯᠢᠯᠴᠠᠪᠠ᠃
3. ᠲᠥᠷᠦ ᠢᠢᠨ ᠲᠡᠷᠢᠭᠦᠨ ᠨᠠᠷ ᠮᠣᠩ᠋ᠭᠤᠯ ᠤᠯᠤᠰ ᠠᠴᠠ ᠲᠤᠰ ᠤᠯᠤᠰ ᠲᠤ ᠠᠩᠬ᠎ᠠ ᠤᠳᠠᠭ᠎ᠠ ᠬᠡᠷᠡᠭᠵᠢᠭᠦᠯᠵᠦ ᠪᠤᠢ ᠳᠡᠭᠡᠳᠦ ᠲᠥᠪᠰᠢᠨ ᠦ ᠠᠢᠢᠯᠴᠢᠯᠠᠯ ᠨᠢ ᠬᠣᠶᠠᠷ ᠤᠯᠤᠰ ᠤᠨ ᠬᠠᠷᠢᠯᠴᠠᠭ᠎ᠠ ᠢᠢ ᠰᠢᠨ᠎ᠡ ᠱᠠᠲᠤᠨ ᠳᠤ ᠭᠠᠷᠭᠠᠵᠤ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠲᠦᠯᠬᠢᠴᠡ ᠪᠣᠯᠵᠤ ᠪᠤᠢ ᠢᠢ ᠣᠨᠴᠠᠯᠠᠨ ᠲᠡᠮᠳᠡᠭᠯᠡᠪᠡ᠃
4. ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠲᠦᠷᠦᠭᠮᠧᠨ (ᠲᠦᠷᠦᠭᠮᠧᠨᠢᠰᠲ᠋ᠠᠨ) ᠦ ᠨᠡᠷᠡᠲᠦ ᠢᠷᠠᠭᠤ ᠨᠠᠢᠢᠷᠠᠭᠴᠢ᠂ ᠰᠡᠳᠬᠢᠭ᠍ᠴᠢ ᠮᠠᠬᠲ᠋ᠦ᠋ᠮᠭᠦ᠋ᠯᠢ ᠹᠷᠠᠭᠢ (Махтумгулы Фраги) ᠢᠢᠨ ᠮᠡᠨᠳᠦᠯᠡᠭᠰᠡᠨ ᠦ 300 ᠵᠢᠯ ᠦᠨ ᠣᠢ ᠳᠤ ᠵᠣᠷᠢᠭᠤᠯᠤᠭᠰᠠᠨ «ᠴᠠᠭ ᠦᠶ᠎ᠡ᠂ ᠰᠣᠶᠤᠯ ᠢᠷᠭᠡᠨᠰᠢᠯ ᠦᠨ ᠬᠡᠯᠬᠢᠶ᠎ᠡ ᠬᠣᠯᠪᠤᠭ᠎ᠠ-ᠡ᠊ᠩᠬᠡ ᠲᠠᠢᠢᠪᠤᠩ᠂ ᠬᠥᠭ᠍ᠵ᠍ᠢᠯ ᠦᠨ ᠦᠨᠳᠦᠰᠦ ᠰᠠᠭᠤᠷᠢ» ᠰᠡᠳᠦᠪ ᠲᠥ ᠣᠯᠠᠨ ᠤᠯᠤᠰ ᠤᠨ ᠹᠣᠷᠦᠢᠮ ᠳᠤ ᠬᠦᠨᠳᠦᠲᠦ ᠵᠣᠴᠢᠨ ᠢᠶᠠᠷ ᠣᠷᠤᠯᠴᠠᠵᠤ᠂ ᠲᠦᠷᠦᠭᠮᠧᠨ (ᠲᠦᠷᠦᠭᠮᠧᠨᠢᠰᠲ᠋ᠠᠨ) ᠦ ᠲᠥᠷᠦ᠂ ᠵᠠᠰᠠᠭ ᠤᠨ ᠭᠠᠵᠠᠷ ᠤᠭ ᠠᠷᠭ᠎ᠠ ᠬᠡᠮᠵᠢᠶ᠎ᠡ ᠢᠢ ᠥᠨᠳᠦᠷ ᠲᠥᠪᠰᠢᠨ ᠳᠥ ᠵᠣᠬᠢᠶᠠᠨ ᠪᠠᠢᠢᠭᠤᠯᠤᠭᠰᠠᠨ ᠢ ᠣᠨᠴᠠᠯᠠᠨ ᠲᠡᠮᠳᠡᠭᠯᠡᠪᠡ᠃
5. ᠠᠢᠢᠯᠴᠢᠯᠠᠯ ᠤᠨ ᠬᠦᠷᠢᠶᠡᠨ ᠳᠥ ᠮᠣᠩ᠋ᠭᠤᠯ-ᠲᠦᠷᠦᠭᠮᠧᠨ (ᠲᠦᠷᠦᠭᠮᠧᠨᠢᠰᠲ᠋ᠠᠨ) ᠦ ᠪᠢᠽᠢᠨᠧᠰ ᠹᠣᠷᠦᠢᠮ ᠪᠣᠯᠤᠨ ᠰᠣᠶᠤᠯ ᠤᠨ ᠬᠠᠮᠲᠤᠷᠠᠭᠰᠠᠨ ᠲᠣᠭᠯᠠᠯᠲᠠ ᠢᠢ ᠵᠣᠬᠢᠶᠠᠨ ᠪᠠᠢᠢᠭᠤᠯᠪᠠ᠃ ᠶᠡᠷᠦᠩᠬᠡᠢᠢᠯᠡᠭᠴᠢ ᠤ᠊᠂ ᠬᠦᠷᠡᠯᠰᠦ᠋ᠬᠡ ᠲᠡᠷᠢᠭᠦᠲᠡᠢ ᠲᠥᠯᠦᠭᠡᠯᠡᠭᠴᠢᠳ ᠲᠦᠷᠦᠭᠮᠧᠨ (ᠲᠦᠷᠦᠭᠮᠧᠨᠢᠰᠲ᠋ᠠᠨ) ᠦ ᠲᠤᠰᠠᠭᠠᠷ ᠲᠣᠭᠲᠠᠨᠢᠯ ᠤᠨ ᠴᠣᠭᠴᠠᠯᠠᠪᠤᠷᠢ ᠳᠤ ᠴᠡᠴᠡᠭ ᠡᠷᠭᠦᠪᠡ᠃
6. ᠮᠣᠩ᠋ᠭᠤᠯ᠂ ᠲᠦᠷᠦᠭᠮᠧᠨ (ᠲᠦᠷᠦᠭᠮᠧᠨᠢᠰᠲ᠋ᠠᠨ) ᠦ ᠤᠯᠤᠰ ᠲᠥᠷᠦ ᠢᠢᠨ ᠬᠠᠷᠢᠯᠴᠠᠨ ᠢᠲᠡᠭᠡᠯᠴᠡᠯ ᠢ ᠪᠡᠬᠢᠵᠢᠭᠦᠯᠬᠦ᠂ ᠬᠠᠷᠢᠯᠴᠠᠨ ᠠᠰᠢᠭᠲᠠᠢ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠵᠣᠷᠢᠯᠭ᠎ᠠ ᠪᠠᠷ ᠬᠤᠯᠪᠤᠭᠳᠠᠬᠤ ᠶᠠᠮᠤᠨ᠂ ᠪᠠᠢᠢᠭᠤᠯᠤᠯᠭ᠎ᠠ ᠬᠣᠭᠤᠷᠤᠨᠳᠤ ᠢᠢᠨ ᠬᠠᠷᠢᠯᠴᠠᠨ ᠠᠢᠢᠯᠴᠢᠯᠠᠯ ᠢ ᠲᠣᠭᠲᠠᠮᠠᠯᠵᠢᠭᠤᠯᠬᠤ᠂ ᠲᠤᠷᠰᠢᠯᠭ᠎ᠠ ᠰᠣᠯᠢᠯᠴᠠᠬᠤ᠂ ᠪᠣᠯᠪᠠᠰᠤᠨ ᠬᠦᠴᠦᠨ ᠦ ᠴᠢᠳᠠᠪᠬᠢ ᠢᠢ ᠪᠡᠬᠢᠵᠢᠭᠦᠯᠬᠦ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠦᠨ ᠬᠡᠷᠡᠭᠵᠢᠯᠲᠡ ᠢᠢ ᠬᠠᠩᠬ᠋ᠠᠨ ᠠᠵᠢᠯᠯᠠᠬᠤ ᠪᠠᠷ ᠲᠣᠭᠲᠠᠪᠠ᠃
ᠲᠥᠷᠦ ᠢᠢᠨ ᠲᠡᠷᠢᠭᠦᠨ ᠨᠠᠷ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠮᠣᠩ᠋ᠭᠤᠯ᠂ ᠲᠦᠷᠦᠭᠮᠧᠨ (ᠲᠦᠷᠦᠭᠮᠧᠨᠢᠰᠲ᠋ᠠᠨ) ᠦ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠪᠠᠢᠢᠭᠤᠯᠬᠤ ᠠᠰᠠᠭᠤᠳᠠᠯ ᠢ ᠰᠤᠳᠤᠯᠬᠤ ᠪᠠᠷ ᠲᠣᠬᠢᠷᠠᠪᠠ᠃
7. ᠲᠠᠯ᠎ᠠ ᠨᠤᠭᠤᠳ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠪᠦᠷᠢᠳᠦᠭᠦᠯᠬᠦ ᠳᠥ ᠬᠣᠶᠠᠷ ᠤᠯᠤᠰ ᠤᠨ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠴᠢᠬᠤᠯᠠ ᠡᠭᠦᠷᠭᠡ ᠲᠡᠢ ᠢᠢ ᠣᠨᠴᠠᠯᠠᠵᠤ᠂ ᠮᠣᠩ᠋ᠭᠤᠯ ᠤᠯᠤᠰ ᠤᠨ ᠶᠡᠬᠡ ᠬᠤᠷᠠᠯ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠦᠨᠳᠦᠰᠦᠨ ᠦ ᠶᠡᠬᠡ ᠬᠤᠷᠠᠯ (ᠮᠧᠵᠯᠢᠰ Межлис) ᠳ᠋ᠤ ᠲᠤᠰ ᠲᠤᠰ ᠨᠠᠢᠢᠷᠠᠮᠳᠠᠯ ᠤᠨ ᠪᠦᠯᠦᠭ ᠪᠠᠢᠢᠭᠤᠯᠵᠤ᠂ ᠬᠠᠷᠢᠯᠴᠠᠨ ᠠᠢᠢᠯᠴᠢᠯᠠᠯ᠂ ᠬᠠᠮᠲᠤᠷᠠᠭᠰᠠᠨ ᠬᠤᠷᠠᠯ᠂ ᠰᠧᠮᠢᠨᠠᠷ᠂ ᠠᠷᠭ᠎ᠠ ᠬᠡᠮᠵᠢᠶ᠎ᠡ ᠢᠢ ᠵᠣᠬᠢᠶᠠᠨ ᠪᠠᠢᠢᠭᠤᠯᠬᠤ ᠪᠠᠷ ᠲᠣᠭᠲᠠᠪᠠ᠃
8. ᠤᠯᠤᠰ ᠲᠥᠷᠦ ᠢᠢᠨ ᠢᠲᠡᠭᠡᠯᠴᠡᠯ ᠢ ᠪᠡᠬᠢᠵᠢᠭᠦᠯᠵᠦ᠂ ᠬᠠᠷᠢᠯᠴᠠᠭ᠎ᠠ ᠢᠢ ᠥᠷᠭᠡᠵᠢᠭᠦᠯᠬᠦ ᠳᠥ ᠮᠣᠩ᠋ᠭᠤᠯ ᠤᠯᠤᠰ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠲᠡᠷᠢᠭᠦᠯᠡᠬᠦ ᠡᠭᠦᠷᠭᠡ ᠲᠡᠢ ᠢᠢ ᠲᠡᠮᠳᠡᠭᠯᠡᠵᠦ᠂ ᠬᠣᠶᠠᠷ ᠤᠯᠤᠰ ᠤᠨ 2015 ᠣᠨ ᠳᠤ ᠪᠠᠢᠢᠭᠤᠯᠤᠭᠰᠠᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌ ᠦᠨ ᠬᠦᠷᠢᠶᠡᠨ ᠳᠥ ᠵᠥᠪᠯᠡᠯᠳᠦᠬᠦ ᠠᠭᠤᠯᠵᠠᠯᠲᠠ᠂ ᠬᠠᠷᠢᠯᠴᠠᠨ ᠠᠢᠢᠯᠴᠢᠯᠠᠯ ᠢ ᠲᠣᠭᠲᠠᠮᠠᠯᠵᠢᠭᠤᠯᠬᠤ ᠪᠠᠷ ᠲᠣᠬᠢᠷᠠᠪᠠ᠃
9. ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ ᠠᠵᠤ ᠠᠬᠤᠶ ᠢᠢᠨ ᠶᠠᠮᠤᠨ ᠬᠣᠭᠤᠷᠤᠨᠳᠤ ᠢᠢᠨ «ᠮᠠᠯ ᠡᠮᠨᠡᠯᠭᠡ᠂ ᠮᠠᠯ ᠠᠵᠤ ᠠᠬᠤᠶ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠶ ᠬᠡᠯᠡᠯᠴᠡᠭᠡᠷ» ᠪᠣᠯᠤᠨ «ᠬᠥᠳᠡᠭᠡ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠡᠯᠡᠯᠴᠡᠭᠡᠷ» ᠪᠠᠢᠢᠭᠤᠯᠤᠭᠰᠠᠨ ᠢ ᠲᠠᠯ᠎ᠠ ᠨᠤᠭᠤᠳ ᠰᠠᠢᠢᠰᠢᠶᠠᠪᠠ᠃
10. ᠡᠨᠡ ᠬᠦᠷᠢᠶᠡᠨ ᠳᠥ ᠮᠣᠩ᠋ᠭᠤᠯ ᠤᠯᠤᠰ ᠠᠴᠠ ᠲᠦᠷᠦᠭᠮᠧᠨ (ᠲᠦᠷᠦᠭᠮᠧᠨᠢᠰᠲ᠋ᠠᠨ) ᠤᠯᠤᠰ ᠲᠤ ᠨᠣᠣᠰᠤ᠂ ᠨᠣᠯᠤᠤᠷ᠂ ᠠᠷᠠᠰᠤ ᠰᠢᠷᠢ᠂ ᠮᠢᠬ᠎ᠠ᠂ ᠮᠢᠬᠠᠨ ᠪᠦᠲᠦᠭᠡᠭ᠍ᠳᠡᠬᠦᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠠᠴᠠ ᠮᠣᠩ᠋ᠭᠤᠯ ᠤᠯᠤᠰ ᠲᠤ ᠵᠢᠮᠢᠰ᠂ ᠵᠢᠮᠢᠰᠬᠡᠨ᠎ᠡ᠂ ᠬᠦᠨᠡᠰᠦᠨ ᠦ ᠨᠣᠭᠤᠭ᠎ᠠ᠂ ᠬᠡᠪᠢᠰ᠂ ᠬᠡᠪᠢᠰᠡᠨᠴᠢᠷ ᠵᠡᠷᠭᠡ ᠪᠠᠷᠠᠭ᠎ᠠ ᠪᠦᠲᠦᠭᠡᠭ᠍ᠳᠡᠬᠦᠨ ᠢ ᠨᠡᠢᠢᠯᠡᠭᠦᠯᠬᠦ ᠪᠣᠯᠤᠮᠵᠢ ᠢᠢᠨ ᠲᠠᠯ᠎ᠠ ᠪᠠᠷ ᠰᠤᠳᠤᠯᠬᠤ ᠪᠠᠷ ᠲᠣᠭᠲᠠᠪᠠ᠃
11. ᠬᠣᠶᠠᠷ ᠲᠠᠯ᠎ᠠ ᠢᠢᠨ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ᠂ ᠢᠷᠭᠡᠳ ᠬᠣᠭᠤᠷᠤᠨᠳᠤ ᠢᠢᠨ ᠰᠣᠯᠢᠯᠴᠠᠭ᠎ᠠ ᠢᠢ ᠥᠷᠭᠡᠵᠢᠭᠦᠯᠬᠦ ᠬᠦᠷᠢᠶᠡᠨ ᠳᠥ ᠠᠭᠠᠷ ᠤᠨ ᠲᠡᠭᠡᠭᠡᠪᠦᠷᠢ ᠢᠢᠨ ᠬᠠᠷᠢᠯᠴᠠᠭ᠎ᠠ ᠢᠢ ᠬᠥᠭ᠍ᠵᠢᠭᠦᠯᠬᠦ᠂ ᠲᠡᠭᠦᠨ ᠦ ᠳᠣᠲᠦᠷ ᠠ ᠲᠡᠭᠡᠭᠡᠪᠦᠷᠢ᠂ ᠯᠣᠭᠢᠰᠲ᠋ᠢᠭ ᠤᠨ ᠰᠢᠨ᠎ᠡ ᠴᠢᠭᠯᠡᠯ ᠢ ᠪᠤᠢ ᠪᠣᠯᠭᠠᠬᠤ ᠠᠵᠢᠯ ᠢ ᠦᠶ᠎ᠡ ᠱᠠᠲᠤ ᠲᠠᠢ ᠪᠠᠷ ᠬᠡᠷᠡᠭᠵᠢᠭᠦᠯᠬᠦ ᠱᠠᠭᠠᠷᠳᠠᠯᠭ᠎ᠠ ᠲᠠᠢ ᠢᠢ ᠲᠠᠯ᠎ᠠ ᠨᠤᠭᠤᠳ ᠣᠨᠴᠠᠯᠠᠪᠠ᠃
12. ᠡᠨᠡ ᠬᠦᠷᠢᠶᠡᠨ ᠳᠥ ᠲᠠᠯ᠎ᠠ ᠨᠤᠭᠤᠳ «ᠠᠭᠠᠷ ᠤᠨ ᠬᠠᠷᠢᠯᠴᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠪᠣᠯᠤᠨ «ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠢ ᠲᠤᠰ ᠲᠤᠰ ᠪᠠᠢᠢᠭᠤᠯᠪᠠ᠃
13. ᠲᠠᠯ᠎ᠠ ᠨᠤᠭᠤᠳ ᠬᠦᠷᠢᠶᠡᠯᠡᠩ ᠪᠤᠢ ᠣᠷᠴᠢᠨ ᠢ ᠬᠠᠮᠠᠭᠠᠯᠠᠬᠤ᠂ ᠳᠡᠯᠡᠬᠡᠶ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠵᠡᠷᠭᠡ ᠠᠰᠠᠭᠤᠳᠠᠯ ᠳᠤ ᠣᠨᠴᠤᠭᠤᠶ ᠠᠩᠬᠠᠷᠴᠤ᠂ ᠣᠢ᠂ ᠤᠰᠤᠨ ᠤ ᠨᠥᠭᠡᠴᠡ ᠢᠢ ᠬᠠᠮᠠᠭᠠᠯᠠᠬᠤ᠂ ᠴᠥᠯᠵᠢᠯᠲᠡ ᠲᠡᠢ ᠲᠡᠮᠡᠴᠡᠬᠦ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠴᠥᠯᠵᠢᠯᠲᠡ ᠲᠡᠢ ᠲᠡᠮᠡᠴᠡᠬᠦ ᠲᠤᠷᠰᠢᠯᠭ᠎ᠠ ᠲᠠᠢ ᠤᠶᠠᠯᠳᠤᠭᠤᠯᠤᠨ ᠬᠠᠮᠲᠤᠷᠠᠨ ᠠᠵᠢᠯᠯᠠᠬᠤ ᠪᠠᠷ ᠲᠣᠬᠢᠷᠠᠪᠠ᠃
14. ᠲᠠᠯ᠎ᠠ ᠨᠤᠭᠤᠳ ᠮᠣᠩ᠋ᠭᠤᠯ ᠤᠯᠤᠰ ᠤᠨ ᠪᠦᠡᠰᠡᠴᠢᠯᠠᠭ᠍ᠰᠡᠨ ᠬᠥᠭ᠍ᠵᠢᠯ ᠦᠨ ᠦᠵᠡᠯ ᠪᠠᠷᠢᠮᠲᠠᠯᠠᠯ ᠪᠣᠯᠤᠨ ᠣᠷᠴᠢᠨ ᠴᠠᠭ ᠤᠨ ᠨᠣᠭᠤᠭᠠᠨ ᠬᠥᠭ᠍ᠵᠢᠯ᠂ ᠪᠠᠢᠢᠭᠠᠯᠢ ᠣᠷᠴᠢᠨ ᠳᠤ ᠡᠭᠡᠯᠢᠲᠡᠢ᠂ ᠤᠬᠠᠭᠠᠯᠢᠭ ᠬᠣᠲᠠ ᠲᠥᠯᠦᠪᠯᠡᠯᠲᠡ᠂ ᠪᠠᠢᠢᠭᠤᠯᠤᠯᠲᠠ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠳᠤ ᠪᠡᠯᠡᠨ ᠪᠤᠢ ᠪᠠᠨ ᠢᠯᠡᠷᠬᠡᠢᠢᠯᠡᠵᠦ᠂ «ᠰᠢᠨ᠎ᠡ ᠬᠠᠷᠠᠬᠣᠷᠤᠮ» ᠬᠣᠲᠠ ᠢᠢᠨ ᠲᠥᠯᠦᠪᠯᠡᠯᠲᠡ᠂ ᠪᠠᠢᠢᠭᠤᠯᠤᠯᠲᠠ ᠢᠢᠨ ᠬᠦᠷᠢᠶᠡᠨ ᠳᠥ «ᠠᠷᠻᠠᠳᠠᠭ Аркадаг» ᠬᠣᠲᠠ ᠢᠢᠨ ᠪᠦᠲᠦᠭᠡᠨ ᠪᠠᠢᠢᠭᠤᠯᠤᠯᠲᠠ ᠢᠢᠨ ᠲᠠᠯ᠎ᠠ ᠪᠠᠷ ᠲᠤᠷᠰᠢᠯᠭ᠎ᠠ ᠰᠤᠳᠤᠯᠬᠤ᠂ ᠪᠣᠯᠪᠠᠰᠤᠨ ᠬᠦᠴᠦᠨ ᠦ ᠴᠢᠳᠠᠪᠬᠢ ᠢᠢ ᠪᠡᠬᠢᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠲᠣᠭᠲᠠᠪᠠ᠃
15. ᠣᠯᠠᠨ ᠤᠯᠤᠰ ᠤᠨ ᠬᠠᠮᠲᠤ ᠢᠢᠨ ᠠᠵᠢᠯᠯᠠᠭ᠎ᠠ᠂ ᠡ᠊ᠩᠬᠡ ᠲᠠᠢᠢᠪᠤᠩ᠂ ᠠᠶᠤᠯ ᠦᠭᠡᠢ ᠪᠠᠢᠢᠳᠠᠯ᠂ ᠬᠥᠭ᠍ᠵᠢᠯ ᠦᠨ ᠠᠰᠢᠭ ᠰᠣᠨᠢᠷᠬᠠᠯ ᠤᠨ ᠲᠥᠯᠦᠭᠡᠬᠢ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠪᠠᠷᠢᠮᠲᠠᠯᠠᠵᠤ ᠪᠤᠢ ᠲᠥᠪ ᠢ ᠰᠠᠬᠢᠬᠤ ᠪᠣᠳᠤᠯᠭ᠎ᠠ ᠢᠢ ᠮᠣᠩ᠋ᠭᠤᠯ ᠤᠨ ᠲᠠᠯ᠎ᠠ ᠳᠡᠮᠵᠢᠵᠦ ᠪᠠᠢᠢᠭ᠎ᠠ ᠪᠠᠨ ᠢᠯᠡᠷᠬᠡᠢᠢᠯᠡᠪᠡ᠃
16. ᠮᠣᠩ᠋ᠭᠤᠯ ᠤᠯᠤᠰ ᠤᠨ ᠡ᠊ᠩᠬᠡ ᠢᠢ ᠡᠷᠬᠢᠮᠯᠡᠭᠰᠡᠨ᠂ ᠨᠡᠭᠡᠭᠡᠯᠲᠡᠲᠡᠢ᠂ ᠪᠡᠶ᠎ᠡ ᠳᠠᠭᠠᠭᠠᠭᠰᠠᠨ᠂ ᠣᠯᠠᠨ ᠲᠤᠯᠭᠠᠭᠤᠷᠢᠲᠤ ᠭᠠᠳᠠᠭᠠᠳᠤ ᠪᠣᠳᠤᠯᠭ᠎ᠠ ᠢᠢ ᠥᠨᠳᠦᠷ ᠢᠶᠡᠷ ᠦᠨᠡᠯᠡᠵᠦ᠂ ᠮᠣᠩ᠋ᠭᠤᠯ ᠤᠯᠤᠰ ᠤᠨ «ᠭᠤᠷᠪᠠᠳᠠᠭᠴᠢ ᠬᠥᠷᠰᠢ» ᠢᠢᠨ ᠪᠣᠳᠤᠯᠭ᠎ᠠ ᠢᠢ ᠲᠦᠷᠦᠭᠮᠧᠨ (ᠲᠦᠷᠦᠭᠮᠧᠨᠢᠰᠲ᠋ᠠᠨ) ᠦ ᠲᠠᠯ᠎ᠠ ᠳᠡᠮᠵᠢᠬᠦ ᠪᠡᠨ ᠢᠯᠡᠷᠬᠡᠢᠢᠯᠡᠪᠡ᠃
17. ᠲᠠᠯ᠎ᠠ ᠨᠤᠭᠤᠳ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠡᠷᠬᠡ ᠠᠰᠢᠭ ᠢ ᠬᠠᠮᠠᠭᠠᠯᠠᠬᠤ ᠢᠢᠨ ᠠᠴᠢ ᠬᠣᠯᠪᠤᠭᠳᠠᠯ ᠢ ᠲᠡᠮᠳᠡᠭᠯᠡᠵᠦ᠂ ᠲᠡᠭᠡᠭᠡᠪᠦᠷᠢ᠂ ᠬᠤᠳᠠᠯᠳᠤᠭᠠᠨ ᠤ ᠰᠠᠭᠠᠳ᠂ ᠲᠣᠳᠬᠠᠷ ᠢ ᠠᠷᠢᠯᠭᠠᠬᠤ ᠠᠰᠠᠭᠤᠳᠠᠯ ᠢ ᠰᠤᠳᠤᠯᠬᠤ ᠪᠠᠷ ᠲᠣᠭᠲᠠᠪᠠ᠃
18. ᠠᠱᠬᠠᠪᠠᠳ᠋ ᠳᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠤᠷᠢᠳᠴᠢᠯᠠᠨ ᠰᠡᠷᠭᠡᠢᠢᠯᠡᠬᠦ ᠳ᠋ᠢᠫᠯᠣᠮᠠᠲ ᠦᠢᠯᠡ ᠠᠵᠢᠯᠯᠠᠭᠠᠨ ᠤ ᠲᠥᠪ ᠠᠽᠢ ᠢᠢᠨ ᠪᠦᠰᠡ ᠢᠢᠨ ᠲᠥᠪ᠂ ᠤᠯᠠᠭᠠᠨᠪᠠᠭᠠᠲᠤᠷ ᠳᠠᠬᠢ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠵᠡᠷᠭᠡ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳ᠋ᠡᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠴᠢᠬᠤᠯᠠ ᠢᠢ ᠲᠠᠯ᠎ᠠ ᠨᠤᠭᠤᠳ ᠣᠨᠴᠠᠯᠠᠪᠠ᠃
19. ᠡᠭᠦᠨ ᠲᠡᠢ ᠬᠤᠯᠪᠤᠭᠳᠠᠭᠤᠯᠤᠨ «ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠪᠠᠢᠢᠭᠤᠯᠬᠤ ᠲᠤᠬᠠᠶ ᠣᠯᠠᠨ ᠲᠠᠯᠠᠲᠤ ᠬᠡᠯᠡᠯᠴᠡᠭᠡᠷ» ᠲ᠋ᠥ ᠣᠷᠤᠯᠴᠠᠬᠤ ᠠᠰᠠᠭᠤᠳᠠᠯ ᠢ ᠲᠦᠷᠦᠭᠮᠧᠨ (ᠲᠦᠷᠦᠭᠮᠧᠨᠢᠰᠲ᠋ᠠᠨ) ᠦ ᠲᠠᠯ᠎ᠠ ᠣᠢᠢᠷ᠎ᠠ ᠢᠢᠨ ᠬᠤᠭᠤᠴᠠᠭᠠᠨ ᠳᠤ ᠰᠤᠳᠤᠯᠬᠤ ᠪᠠᠷ ᠪᠣᠯᠪᠠ᠃
20. ᠪᠠᠢᠢᠭᠠᠯᠢ ᠢᠢᠨ ᠭᠠᠮᠰᠢᠭ ᠤᠨ ᠡᠷᠦᠰᠳᠡᠯ ᠢ ᠪᠠᠭᠤᠷᠠᠭᠤᠯᠬᠤ᠂ ᠣᠨᠴᠤᠭᠤᠶ ᠪᠠᠢᠢᠳᠠᠯ᠂ ᠬᠠᠷ᠎ᠠ ᠲᠠᠮᠠᠬᠢᠨ ᠤ ᠬᠠᠤᠯᠢ ᠪᠤᠰᠤ ᠨᠠᠢᠢᠮᠠᠢ᠂ ᠲᠧᠷᠷᠣᠷᠢᠰᠮ᠂ ᠡᠻᠰᠲ᠋ᠷᠧᠮᠢᠰᠮ ᠲᠡᠢ ᠲᠡᠮᠡᠴᠡᠬᠦ ᠪᠣᠯᠤᠨ ᠬᠦᠮᠦᠨᠯᠢᠭ ᠦᠨ ᠴᠢᠭᠯᠡᠯ ᠢᠶᠡᠷ ᠬᠣᠶᠠᠷ ᠲᠠᠯ᠎ᠠ ᠢᠢᠨ ᠬᠦᠷᠢᠶᠡᠨ ᠳᠥ ᠪᠣᠯᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠬᠦᠰᠡᠯ ᠲᠡᠢ ᠪᠤᠢ ᠪᠠᠨ ᠲᠠᠯ᠎ᠠ ᠨᠤᠭᠤᠳ ᠨᠤᠲᠠᠯᠠᠪᠠ᠃
21. ᠠᠢᠢᠯᠴᠢᠯᠠᠯ ᠤᠨ ᠦᠶ᠎ᠡ ᠪᠠᠷ ᠲᠠᠯ᠎ᠠ ᠨᠤᠭᠤᠳ ᠳᠠᠷᠠᠭᠠᠬᠢ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠪᠠ᠃ ᠡᠭᠦᠨ ᠳᠦ:
- «ᠣᠯᠠᠨ ᠤᠯᠤᠰ ᠤᠨ ᠠᠦ᠋ᠲ᠋ᠣ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ»;
- «ᠠᠭᠠᠷ ᠤᠨ ᠬᠠᠷᠢᠯᠴᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ»;
- «ᠰᠣᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠣᠶᠤᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»;
- «ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠰᠣᠶᠤᠯ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»;
- «ᠬᠥᠳᠡᠭᠡ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ ᠠᠵᠤ ᠠᠬᠤᠶ ᠢᠢᠨ ᠶᠠᠮᠤᠨ ᠬᠣᠭᠤᠷᠤᠨᠳᠤ ᠢᠢᠨ ᠬᠡᠯᠡᠯᠴᠡᠭᠡᠷ»;
- «ᠮᠠᠯ ᠡᠮᠨᠡᠯᠭᠡ᠂ ᠮᠠᠯ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠥᠳᠡᠭᠡ ᠠᠵᠤ ᠠᠬᠤᠶ ᠢᠢᠨ ᠶᠠᠮᠤᠨ ᠬᠣᠭᠤᠷᠤᠨᠳᠤ ᠢᠢᠨ ᠬᠡᠯᠡᠯᠴᠡᠭᠡᠷ»;
- «ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠵᠡᠷᠭᠡ ᠪᠣᠯᠤᠨ᠎ᠠ᠃
22. ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠮᠣᠩ᠋ᠭᠤᠯ ᠤᠨ ᠲᠥᠯᠦᠭᠡᠯᠡᠭᠴᠢᠳ ᠢ ᠬᠠᠯᠠᠭᠤᠨ ᠳᠣᠲᠤᠨ᠎ᠠ᠂ ᠨᠠᠢᠢᠷᠰᠠᠭ ᠢᠶᠠᠷ ᠬᠦᠯᠢᠶᠡᠨ ᠠᠪᠴᠤ ᠪᠤᠢ ᠳᠤ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠶᠡᠷᠦᠩᠬᠡᠢᠢᠯᠡᠭᠴᠢ ᠰᠧ᠊᠂ ᠪᠧᠷᠳᠢᠮᠦ᠋ᠬᠠᠮᠧᠳᠣᠸ ᠪᠣᠯᠤᠨ ᠲᠦᠷᠦᠭᠮᠧᠨ (ᠲᠦᠷᠦᠭᠮᠧᠨᠢᠰᠲ᠋ᠠᠨ) ᠦ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠵᠦ᠂ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠶᠡᠷᠦᠩᠬᠡᠢᠢᠯᠡᠭᠴᠢ ᠢᠢ ᠲᠠᠭᠠᠯᠠᠮᠵᠢ ᠲᠠᠢ ᠴᠠᠭ ᠲᠤ ᠪᠠᠨ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠢᠢ ᠤᠷᠢᠪᠠ᠃
ᠠᠱᠬᠠᠪᠠᠳ᠋ ᠬᠣᠲᠠ᠂ 2024 ᠣᠨ ᠤ 10 ᠳ᠋ᠤᠭᠠᠷ ᠰᠠᠷ᠎ᠠ ᠢᠢᠨ 12 ᠤ ᠡᠳᠦᠷ