ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠦᠷᠦᠭᠮᠧᠨ (ᠲᠦᠷᠦᠭᠮᠧᠨᠢᠰᠲ᠋ᠠᠨ) ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠡᠷᠢᠭᠦᠲᠡᠢ ᠠᠯᠪᠠᠨ ᠤ ᠲᠥᠯᠦᠭᠡᠯᠡᠭᠴᠢ ᠳᠥ ᠲᠦᠷᠦᠭᠮᠧᠨ (ᠲᠦᠷᠦᠭᠮᠧᠨᠢᠰᠲ᠋ᠠᠨ) ᠤ «ᠲᠤᠰᠠᠭᠠᠷ ᠲᠣᠭᠲᠠᠨᠢᠯ ᠤᠨ ᠬᠥᠰᠢᠶ᠎ᠡ» ᠳᠥ ᠬᠦᠨᠳᠦᠳᠬᠡᠯ ᠦᠵᠡᠭᠦᠯᠵᠦ᠂ ᠴᠡᠴᠡᠭ ᠡᠷᠭᠦᠯ ᠡ᠃
ᠲᠥᠯᠦᠭᠡᠯᠡᠭᠴᠢᠳ ᠢ «ᠲᠤᠰᠠᠭᠠᠷ ᠲᠣᠭᠲᠠᠨᠢᠯ ᠤᠨ ᠬᠥᠰᠢᠶ᠎ᠡ» ᠳᠥ ᠬᠦᠷᠦᠯᠴᠡᠨ ᠢᠷᠡᠬᠦ ᠳᠥ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠲᠥᠷᠦ ᠢᠢᠨ ᠬᠦᠨᠳᠦᠲᠦ ᠬᠠᠷᠠᠭᠤᠯ ᠵᠢᠭ᠌ᠰᠠᠵᠤ ᠤᠭᠲᠤᠪᠠ᠃
118 ᠮᠧᠲ᠋ᠷ ᠥᠨᠳᠦᠷ «ᠲᠤᠰᠠᠭᠠᠷ ᠲᠣᠭᠲᠠᠨᠢᠯ ᠤᠨ ᠬᠥᠰᠢᠶ᠎ᠡ» ᠢᠢ 2001 ᠣᠨ ᠳᠤ ᠠᠱᠬᠠᠪᠠᠳ᠋᠋ ᠬᠣᠲᠠᠨ᠎ᠠ ᠪᠠᠢᠢᠭᠤᠯᠤᠭᠰᠠᠨ ᠪᠥᠭᠡᠳ ᠲᠤᠰ ᠬᠥᠰᠢᠶᠡᠨ ᠦ ᠡᠮᠦᠨ᠎ᠡ ᠲᠦᠷᠦᠭᠮᠧᠨ (ᠲᠦᠷᠦᠭᠮᠧᠨᠢᠰᠲ᠋ᠠᠨ) ᠤ ᠠᠩᠬᠠᠨ ᠤ ᠶᠡᠷᠦᠩᠬᠡᠢᠢᠯᠡᠭᠴᠢ ᠰ᠊᠂ ᠨᠢᠶᠠᠽᠣᠸ (Ниязов) ᠤᠨ ᠠᠯᠲᠠᠳᠠᠮᠠᠯ ᠬᠥᠰᠢᠶ᠎ᠡ ᠢᠢ ᠪᠠᠢᠢᠷᠢᠰᠢᠭᠤᠯᠤᠭᠰᠠᠨ ᠪᠠᠢᠢᠳᠠᠭ ᠠᠵᠤ᠃
ᠴᠡᠴᠡᠭ ᠡᠷᠭᠦᠭ᠍ᠰᠡᠨ ᠦ ᠳᠠᠷᠠᠭ᠎ᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠬᠦᠨᠳᠦᠲᠦ ᠵᠣᠴᠢᠳ ᠤᠨ ᠲᠥᠭᠡᠯ» ᠳ᠋ᠥ ᠬᠣᠶᠠᠷ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠯᠭᠡᠳᠡᠨ ᠮᠣᠳᠤ ᠲᠠᠷᠢᠯ᠎ᠠ᠃
ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠪᠠᠢᠢᠭᠠᠯᠢ ᠣᠷᠴᠢᠨ ᠢ ᠬᠠᠮᠠᠭᠠᠯᠠᠬᠤ ᠵᠣᠷᠢᠯᠭ᠎ᠠ ᠪᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠲᠦᠷᠦᠭᠮᠧᠨ (ᠲᠦᠷᠦᠭᠮᠧᠨᠢᠰᠲ᠋ᠠᠨ) ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ « ᠲᠦᠷᠦᠭᠮᠧᠨ (ᠲᠦᠷᠦᠭᠮᠧᠨᠢᠰᠲ᠋ᠠᠨ) ᠦ ᠣᠢᠢᠵᠢᠭᠤᠯᠤᠯᠲᠠ» ᠦᠨᠳᠦᠰᠦᠨ ᠦ ᠬᠥᠲᠦᠯᠪᠦᠷᠢ ᠲᠡᠢ ᠤᠶᠠᠯᠳᠤᠭᠤᠯᠤᠨ ᠬᠡᠷᠡᠭᠵᠢᠭᠦᠯᠬᠦ ᠪᠡᠷ ᠡᠨᠡ ᠤᠳᠠᠭ᠎ᠠ ᠢᠢᠨ ᠠᠢᠢᠯᠴᠢᠯᠠᠯ ᠤᠨ ᠦᠶ᠎ᠡ ᠪᠡᠷ ᠲᠣᠬᠢᠷᠠᠭᠰᠠᠨ ᠪᠣᠯᠤᠨ᠎ᠠ᠃
ᠡᠨᠡᠬᠦ «ᠬᠦᠨᠳᠦᠲᠦ ᠵᠣᠴᠢᠳ ᠤᠨ ᠲᠥᠭᠡᠯ» ᠳ᠋ᠥ ᠲᠤᠰ ᠤᠯᠤᠰ ᠲᠤ ᠠᠢᠢᠯᠴᠢᠯᠠᠵᠤ ᠪᠤᠢ ᠭᠠᠳᠠᠭᠠᠳᠤ ᠢᠢᠨ ᠤᠯᠤᠰ ᠣᠷᠤᠨ ᠤ ᠲᠥᠷᠦ᠂ ᠵᠠᠰᠠᠭ ᠤᠨ ᠲᠡᠷᠢᠭᠦᠨ ᠨᠠᠷ ᠮᠣᠳᠤ ᠲᠠᠷᠢᠳᠠᠭ ᠤᠯᠠᠮᠵᠢᠯᠠᠯ ᠲᠣᠭᠲᠠᠵᠡᠢ᠃