ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠭᠤᠯᠠ ᠠᠭᠤᠷᠬᠠᠶ ᠢᠢᠨ ᠣᠯᠪᠤᠷᠢᠯᠠᠯᠲᠠ ᠢᠢᠨ ᠤᠯᠠᠮ ᠠᠴᠠ ᠡᠪᠳᠡᠷᠡᠵᠦ᠂ ᠣᠯᠠᠨ ᠵᠢᠯ ᠡᠵᠡᠨ ᠦᠭᠡᠢ ᠤᠷᠬᠢᠭᠳᠠᠭᠰᠠᠨ 8.000 ᠭᠠ ᠭᠠᠵᠠᠷ ᠢ 2020-2024 ᠣᠨ ᠳᠤ ᠨᠥᠬᠦᠨ ᠰᠡᠷᠭᠦᠭᠡᠬᠦ ᠡᠭᠦᠷᠭᠡ ᠢᠢ ᠶᠡᠷᠦᠩᠬᠡᠶ ᠰᠠᠢᠢᠳ ᠪᠠᠢᠢᠬᠤ ᠳᠤ ᠪᠠᠨ ᠥᠭᠴᠦ ᠪᠠᠢᠢᠭᠰᠠᠨ᠃ ᠲᠡᠷᠡ ᠪᠡᠷ ᠰᠡᠯᠡᠩᠭᠡ ᠠᠢᠢᠮᠠᠭ ᠤᠨ ᠢᠷᠦᠭᠡ ᠰᠤᠮᠤ ᠢᠢᠨ ᠨᠤᠲᠤᠭ ᠳᠡᠪᠢᠰᠬᠡᠷ᠂ ᠨᠠᠷᠢᠨ ᠤ ᠠᠮᠠ ᠬᠡᠮᠡᠬᠦ ᠭᠠᠵᠠᠷ ᠲᠤ ᠠᠵᠢᠯᠯᠠᠵᠤ᠂ ᠲᠤᠬᠠᠶ ᠢᠢᠨ ᠦᠶ᠎ᠡ ᠳᠥ ᠥᠭᠴᠦ ᠪᠠᠢᠢᠭᠰᠠᠨ ᠡᠭᠦᠷᠭᠡ᠂ ᠳᠠᠭᠠᠭᠠᠯᠭᠠᠪᠤᠷᠢ ᠢᠢᠨ ᠢᠢᠠᠨ ᠬᠡᠷᠡᠭᠵᠢᠯᠲᠡ ᠢᠢᠨ ᠶᠠᠪᠤᠴᠠ ᠢᠢ ᠰᠢᠯᠭᠠᠯ᠎ᠠ᠃
2020 ᠣᠨ ᠳᠤ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠠᠴᠠ ᠤᠯᠤᠰ ᠤᠨ ᠬᠡᠮᠵᠢᠶᠡᠨ ᠳᠥ ᠲᠣᠭᠠᠯᠠᠯᠭ᠎ᠠ ᠶᠠᠪᠤᠭᠤᠯᠬᠤ ᠳᠤ 30 ᠮᠢᠩᠬ᠋᠎ᠠ ᠭᠠᠷᠤᠶ ᠭᠠ ᠲᠠᠯᠠᠪᠠᠢ ᠡᠪᠳᠡᠷᠡᠯ ᠳᠥ ᠣᠷᠤᠭᠰᠠᠨ ᠤ 29 ᠣᠷᠴᠢᠮ ᠮᠢᠩᠬ᠋ᠠᠨ ᠭᠠ ᠨᠢ ᠠᠭᠤᠯᠠ ᠠᠭᠤᠷᠬᠠᠶ ᠢᠢᠨ ᠠᠰᠢᠭᠯᠠᠯᠲᠠ ᠢᠢᠨ ᠤᠯᠠᠮ ᠠᠴᠠ ᠡᠪᠳᠡᠷᠡᠭᠰᠡᠨ᠃ ᠢᠯᠠᠩ᠋ᠭᠤᠶ᠎ᠠ 8.000 ᠭᠠ ᠲᠠᠯᠠᠪᠠᠢ ᠢᠢ ᠨᠡᠩ ᠲᠡᠷᠢᠭᠦᠨ ᠳᠥ ᠨᠥᠬᠦᠨ ᠰᠡᠷᠭᠦᠭᠡᠬᠦ ᠱᠠᠭᠠᠷᠳᠠᠯᠭ᠎ᠠ ᠲᠠᠢ ᠭᠡᠰᠡᠨ ᠳ᠋ᠦᠩᠨᠡᠯᠲᠡ ᠭᠠᠷᠴᠤ ᠪᠠᠢᠢᠯ᠎ᠠ᠃
ᠲᠤᠬᠠᠶ ᠢᠢᠨ ᠦᠶ᠎ᠡ ᠳᠥ ᠶᠡᠷᠦᠩᠬᠡᠶ ᠰᠠᠢᠢᠳ ᠤ᠊᠂ ᠬᠦᠷᠡᠯᠰᠦ᠋ᠬᠡ ᠬᠠᠷᠢᠭᠤᠴᠠᠯᠭ᠎ᠠ ᠦᠭᠡᠢ ᠠᠭᠤᠯᠠ ᠠᠭᠤᠷᠬᠠᠶ ᠲᠠᠢ ᠲᠡᠮᠡᠴᠡᠵᠦ᠂ ᠠᠰᠢᠭᠲᠤ ᠮᠠᠯᠲᠠᠮᠠᠯ ᠤᠨ ᠬᠠᠢᠢᠭᠤᠯ ᠤᠨ ᠪᠣᠯᠤᠨ ᠠᠰᠢᠭᠯᠠᠯᠲᠠ ᠢᠢᠨ 938 ᠲᠤᠰᠬᠠᠶ ᠵᠥᠪᠰᠢᠶᠡᠷᠡᠯ ᠢ ᠴᠤᠴᠠᠯᠠᠨ᠂ ᠡᠪᠳᠡᠷᠡᠵᠦ ᠰᠦᠢᠳᠦᠭᠰᠡᠨ ᠲᠠᠯᠠᠪᠠᠢ ᠢᠢ ᠨᠥᠬᠦᠨ ᠰᠡᠷᠭᠦᠭᠡᠬᠦ ᠢᠢ ᠰᠠᠯᠪᠤᠷᠢ ᠢᠢᠨ ᠶᠠᠮᠤᠨ᠂ ᠠᠵᠢᠯᠲᠠᠨ ᠨᠤᠭᠤᠳ ᠳᠤ ᠡᠭᠦᠷᠭᠡ ᠪᠣᠯᠭᠠᠵᠤ ᠪᠠᠢᠢᠭᠰᠠᠨ ᠶᠤᠮ᠃
ᠲᠤᠬᠠᠢᠢᠯᠠᠪᠠᠯ᠂ ᠵᠠᠰᠠᠭ ᠤᠨ ᠭᠠᠵᠠᠷ ᠤᠨ 2020-2024 ᠣᠨ ᠤ ᠦᠢᠯᠡ ᠠᠵᠢᠯᠯᠠᠭᠠᠨ ᠤ ᠬᠥᠲᠦᠯᠪᠦᠷᠢ ᠳᠥ ᠪᠡᠨ «ᠠᠭᠤᠯᠠ ᠠᠭᠤᠷᠬᠠᠶ ᠢᠢᠨ ᠦᠢᠯᠡ ᠠᠵᠢᠯᠯᠠᠭᠠᠨ ᠤ ᠤᠯᠠᠮ ᠠᠴᠠ ᠡᠪᠳᠡᠷᠡᠵᠦ᠂ ᠣᠯᠠᠨ ᠵᠢᠯ ᠤᠷᠬᠢᠭᠳᠠᠭᠰᠠᠨ 8.000 ᠭᠠ ᠲᠠᠯᠠᠪᠠᠢ ᠢᠢ ᠨᠥᠬᠦᠨ ᠰᠡᠷᠭᠦᠭᠡᠨ᠎ᠡ» ᠭᠡᠰᠡᠨ ᠵᠣᠷᠢᠯᠲᠠ ᠲᠤᠰᠬᠠᠵᠤ ᠪᠠᠢᠢᠯ᠎ᠠ᠃
ᠪᠠᠢᠢᠭᠠᠯᠢ ᠣᠷᠴᠢᠨ ᠠᠶᠠᠯᠠᠯ ᠵᠢᠭᠤᠴᠢᠯᠠᠯ ᠤᠨ ᠶᠠᠮᠤᠨ ᠠᠴᠠ ᠮᠣᠩ᠋ᠭᠤᠯ ᠤᠯᠤᠰ ᠤᠨ ᠰᠢᠳᠠᠷ ᠰᠠᠢᠢᠳ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠢᠢᠳ᠂ ᠠᠭᠤᠯᠠ ᠠᠭᠤᠷᠬᠠᠶ᠂ ᠬᠦᠨᠳᠦ ᠦᠢᠯᠡᠳᠪᠦᠷᠢ ᠢᠢᠨ ᠰᠠᠢᠢᠳ᠂ ᠬᠠᠤᠯᠢ ᠵᠦᠢ᠂ ᠳᠣᠲᠤᠭᠠᠳᠤ ᠬᠡᠷᠡᠭ ᠦᠨ ᠰᠠᠢᠢᠳ ᠤᠨ «ᠨᠢᠭᠡᠳᠦᠭᠰᠡᠨ ᠠᠷᠭ᠎ᠠ ᠬᠡᠮᠵᠢᠶ᠎ᠡ ᠵᠣᠬᠢᠶᠠᠨ ᠪᠠᠢᠢᠭᠤᠯᠬᠤ ᠲᠤᠬᠠᠶ» ᠬᠠᠮᠲᠤᠷᠠᠭᠰᠠᠨ ᠲᠤᠰᠢᠶᠠᠯ ᠪᠠᠲᠤᠯᠠᠭᠤᠯᠵᠤ᠂ «ᠨᠥᠬᠦᠨ ᠰᠡᠷᠭᠦᠭᠡᠯᠲᠡ-2024» ᠨᠢᠭᠡᠳᠦᠭᠰᠡᠨ ᠠᠷᠭ᠎ᠠ ᠬᠡᠮᠵᠢᠶ᠎ᠡ ᠢᠢ ᠬᠡᠷᠡᠭᠵᠢᠭᠦᠯᠵᠦ ᠡᠬᠢᠯᠡᠭᠰᠡᠨ ᠶᠤᠮ᠃
ᠡᠨᠡ ᠬᠦᠷᠢᠶᠡᠨ ᠳᠥ 2020-2023 ᠣᠨ ᠳᠤ ᠨᠡᠢᠢᠲᠡ 9.773 ᠭᠠ ᠲᠠᠯᠠᠪᠠᠢ ᠳᠤ ᠲᠧᠭᠨᠢᠭ ᠦᠨ᠂ 2.549 ᠭᠠ ᠲᠠᠯᠠᠪᠠᠢ ᠳᠤ ᠪᠢᠣᠯᠣᠭᠢ ᠢᠢᠨ ᠨᠥᠬᠦᠨ ᠰᠡᠷᠭᠦᠭᠡᠯᠲᠡ ᠬᠢᠭ᠍ᠰᠡᠨ ᠪᠠᠢᠢᠨ᠎ᠠ᠃
2020 ᠣᠨ ᠠᠴᠠ ᠡᠮᠦᠨ᠎ᠡ ᠤᠯᠤᠰ ᠤᠨ ᠬᠡᠮᠵᠢᠶᠡᠨ ᠳᠥ ᠵᠢᠯ ᠳᠥ ᠪᠡᠨ 1.000 ᠬᠦᠷᠬᠦ ᠦᠭᠡᠢ ᠭᠠ ᠲᠠᠯᠠᠪᠠᠢ ᠳᠤ ᠨᠥᠬᠦᠨ ᠰᠡᠷᠭᠦᠭᠡᠯᠲᠡ ᠬᠢᠵᠦ ᠪᠠᠢᠢᠭᠰᠠᠨ ᠪᠣᠯ 2020 ᠣᠨ ᠠᠴᠠ ᠡᠷᠡᠰ ᠨᠡᠮᠡᠭᠳᠡᠵᠦ᠂ ᠵᠢᠯ ᠪᠦᠷᠢ 2.000 ᠭᠠ ᠠᠴᠠ ᠳᠡᠭᠡᠭ᠍ᠰᠢ ᠲᠠᠯᠠᠪᠠᠢ ᠢᠢ ᠨᠥᠬᠦᠨ ᠰᠡᠷᠭᠦᠭᠡᠵᠦ ᠢᠷᠡᠵᠡᠢ᠃
ᠥᠭᠡᠷ᠎ᠡ ᠪᠡᠷ ᠬᠡᠯᠪᠡᠯ 2018 ᠣᠨ ᠳᠤ ᠲᠡᠦᠬᠡᠨ ᠳᠥ ᠪᠡᠨ ᠬᠠᠮᠤᠭ ᠤᠨ ᠶᠡᠬᠡ ᠪᠤᠶᠤ 912 ᠭᠠ ᠲᠠᠯᠠᠪᠠᠢ ᠳᠤ᠂ 2020 ᠣᠨ ᠳᠤ 1.973 ᠭᠠ᠂ 2021 ᠣᠨ ᠳᠤ 2.123 ᠭᠠ᠂ 2022 ᠣᠨ ᠳᠤ 2.189 ᠭᠠ᠂ 2023 ᠣᠨ ᠳᠤ 3.488 ᠭᠠ ᠲᠠᠯᠠᠪᠠᠢ ᠢᠢ ᠨᠥᠬᠦᠨ ᠰᠡᠷᠭᠦᠭᠡᠭ᠍ᠰᠡᠨ ᠪᠠᠢᠢᠨ᠎ᠠ᠃
«ᠨᠥᠬᠦᠨ ᠰᠡᠷᠭᠦᠭᠡᠯᠲᠡ-2024» ᠨᠢᠭᠡᠳᠦᠭᠰᠡᠨ ᠠᠷᠭ᠎ᠠ ᠬᠡᠮᠵᠢᠶᠡᠨ ᠦ ᠬᠦᠷᠢᠶᠡᠨ ᠳᠥ ᠰᠡᠯᠡᠩᠭᠡ ᠠᠢᠢᠮᠠᠭ ᠤᠨ ᠢᠷᠦᠭᠡ ᠰᠤᠮᠤ ᠢᠢᠨ ᠢᠯᠪᠠᠭ ᠤᠨ ᠬᠥᠨᠳᠡᠶ ᠢᠢᠨ ᠠᠭᠤᠯᠠ ᠳᠤ ᠨᠢᠭᠤᠭᠰᠠᠨ᠂ ᠮᠠᠨᠠᠭᠠᠴᠢ ᠠᠢᠢᠯ ᠤᠨ ᠭᠠᠳᠠᠭ᠎ᠠ ᠦᠯᠡᠳᠡᠭᠡᠭ᠍ᠰᠡᠨ᠂ ᠡᠵᠡᠨ ᠦᠭᠡᠢ ᠤᠷᠬᠢᠭᠰᠠᠨ ᠨᠡᠢᠢᠲᠡ 57 ᠡᠻᠰᠻᠣᠠᠸᠠᠲ᠋ᠣᠷ᠂ ᠻᠣᠸᠰᠢ᠂ ᠪᠦᠯᠢᠳᠣᠽᠧᠷ᠂ ᠠᠯᠲᠠ ᠤᠬᠢᠶᠠᠬᠤ ᠲᠥᠬᠦᠭᠡᠷᠦᠮᠵᠢ᠂ ᠠᠴᠢᠶᠠᠨ ᠤ ᠠᠦ᠋ᠲ᠋ᠣᠮᠠᠱᠢᠨ᠂ ᠲᠧᠭᠨᠢᠭ ᠬᠡᠷᠡᠭᠰᠡᠯ ᠢ ᠵᠢᠷᠤᠮᠯᠠᠵᠤ᠂ ᠬᠢᠨᠠᠯᠲᠠ ᠳᠤ ᠬᠦᠯᠢᠶᠡᠯᠭᠡᠨ ᠥᠭᠴᠦ᠂ ᠡᠪᠳᠡᠷᠡᠭᠰᠡᠨ ᠭᠠᠵᠠᠷ ᠤᠨ ᠡᠻᠣᠯᠣᠭᠢ᠂ ᠡᠳ᠋ ᠦᠨ ᠵᠠᠰᠠᠭ ᠤᠨ ᠬᠣᠬᠢᠷᠠᠯ ᠢ ᠲᠣᠭᠠᠴᠠᠭᠤᠯᠵᠡᠢ᠃
ᠪᠠᠢᠢᠭᠠᠯᠢ ᠣᠷᠴᠢᠨ ᠠᠶᠠᠯᠠᠯ ᠵᠢᠭᠤᠴᠢᠯᠠᠯ ᠤᠨ ᠶᠠᠮᠤ ᠠᠰᠢᠭᠲᠤ ᠮᠠᠯᠲᠠᠮᠠᠯ ᠤᠨ ᠠᠰᠢᠭᠯᠠᠯᠲᠠ ᠢᠢᠨ ᠲᠤᠰᠬᠠᠶ ᠵᠥᠪᠰᠢᠶᠡᠷᠡᠯ ᠪᠦᠬᠦᠢ ᠠᠵᠤ ᠠᠬᠤᠶ ᠢᠢᠨ ᠨᠢᠭᠡᠴᠡ᠂ ᠪᠠᠢᠢᠭᠤᠯᠤᠯᠭ᠎ᠠ ᠢᠢᠨ ᠲᠤᠬᠠᠶ ᠵᠢᠯ ᠦᠨ ᠪᠠᠢᠢᠭᠠᠯᠢ ᠣᠷᠴᠢᠨ ᠤ ᠮᠧᠨᠧᠵᠮᠧᠨ᠋ᠲ ᠦᠨ ᠲᠥᠯᠦᠪᠯᠡᠭᠡ ᠢᠢ ᠬᠢᠨᠠᠵᠤ ᠪᠠᠲᠤᠯᠠᠬᠤ ᠳᠤ ᠪᠠᠨ ᠡᠪᠳᠡᠷᠡᠵᠦ᠂ ᠡᠵᠡᠨ ᠦᠭᠡᠢ ᠤᠷᠬᠢᠭᠳᠠᠭᠰᠠᠨ ᠭᠠᠵᠠᠷ ᠤᠳ ᠲᠤ ᠲᠧᠭᠨᠢᠭ ᠦᠨ ᠨᠥᠬᠦᠨ ᠰᠡᠷᠭᠦᠭᠡᠯᠲᠡ ᠬᠢᠬᠦ ᠲᠠᠯ᠎ᠠ ᠪᠠᠷ ᠲᠤᠰᠬᠠᠵᠤ ᠪᠠᠢᠢᠭᠰᠠᠨ ᠨᠢ ᠦᠷ᠎ᠡ ᠳ᠋ᠦᠩ ᠪᠡᠨ ᠥᠭᠴᠡᠢ᠃
«ᠡᠷᠳᠡᠨᠢᠲᠦ ᠦᠢᠯᠡᠳᠪᠦᠷᠢ» ᠲᠥ᠊᠂ ᠥ᠊᠂ ᠥᠢ᠊᠂ ᠭᠠᠵᠠᠷ ᠨᠡᠢᠢᠭᠡᠮ ᠦᠨ ᠬᠠᠷᠢᠭᠤᠴᠠᠯᠭ᠎ᠠ ᠢᠢᠨ ᠪᠣᠯᠤᠨ ᠪᠢᠣᠯᠣᠭᠢ ᠢᠢᠨ ᠣᠯᠠᠨ ᠶᠠᠩᠵᠤ ᠪᠠᠢᠢᠳᠠᠯ ᠢ ᠳᠦᠢᠴᠡᠭᠦᠯᠦᠨ ᠬᠠᠮᠠᠭᠠᠯᠠᠬᠤ ᠠᠵᠢᠯ ᠤᠨ ᠬᠦᠷᠢᠶᠡᠨ ᠳᠥ 2021-2024 ᠣᠨ ᠳᠤ ᠰᠡᠯᠡᠩᠭᠡ ᠠᠢᠢᠮᠠᠭ ᠤᠨ ᠢᠷᠦᠭᠡ ᠰᠤᠮᠤ ᠢᠢᠨ ᠨᠤᠲᠤᠭ ᠤᠨ ᠡᠪᠳᠡᠷᠡᠯ ᠳᠥ ᠣᠷᠤᠭᠰᠠᠨ 2.000 ᠭᠠᠷᠤᠶ ᠭᠠ ᠲᠠᠯᠠᠪᠠᠢ ᠢᠢ ᠨᠥᠬᠦᠨ ᠰᠡᠷᠭᠦᠭᠡᠬᠦ ᠳᠥ 42 ᠣᠷᠴᠢᠮ ᠲᠡᠷᠪᠤᠮ ᠲᠥᠭᠦᠷᠢᠭ᠌ ᠵᠠᠷᠤᠴᠠᠭᠤᠯᠤᠭᠠᠳ ᠪᠠᠢᠢᠨ᠎ᠠ᠃
2022-2023 ᠣᠨ ᠳᠤ 1.230 ᠭᠠ ᠲᠠᠯᠠᠪᠠᠢ ᠳᠤ ᠲᠧᠭᠨᠢᠭ ᠦᠨ ᠨᠥᠬᠦᠨ ᠰᠡᠷᠭᠦᠭᠡᠯᠲᠡ ᠬᠢᠭ᠍ᠰᠡᠨ ᠪᠣᠯ 2024 ᠣᠨ ᠳᠤ 777 ᠭᠠ ᠲᠠᠯᠠᠪᠠᠢ ᠢᠢᠨ 480 ᠭᠠ ᠢᠢ ᠨᠢ ᠨᠥᠬᠦᠨ ᠰᠡᠷᠭᠦᠭᠡᠭᠡᠳ ᠪᠠᠢᠢᠨ᠎ᠠ᠃
«ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠳᠥ ᠨᠢᠭᠡᠳᠴᠦ 100 ᠰᠠᠶ᠎ᠠ ᠮᠣᠳᠤ ᠲᠠᠷᠢᠵᠤ᠂ ᠤᠷᠭᠤᠭᠤᠯᠬᠤ ᠪᠠᠨ ᠠᠮᠠᠯᠠᠭᠰᠠᠨ «ᠣᠭ᠍ᠶᠤ ᠲᠣᠯᠤᠭᠠᠶ» ᠬᠢ᠊᠂ ᠬᠤ᠊᠂ ᠻᠣᠮᠫᠠᠨᠢ ᠳᠦᠢᠴᠡᠭᠦᠯᠬᠦ ᠬᠡᠯᠪᠡᠷᠢ ᠪᠡᠷ ᠰᠡᠯᠡᠩᠭᠡ ᠠᠢᠢᠮᠠᠭ ᠤᠨ ᠢᠷᠦᠭᠡ ᠰᠤᠮᠤ ᠢᠢᠨ ᠢᠯᠪᠠᠭ ᠤᠨ ᠬᠥᠨᠳᠡᠢ ᠳᠥ 400 ᠭᠠ ᠲᠠᠯᠠᠪᠠᠢ ᠢᠢ᠂ ᠳᠠᠷᠬᠠᠨ-ᠠᠭᠤᠯᠠ ᠠᠢᠢᠮᠠᠭ ᠤᠨ ᠰᠢᠷ᠎ᠠ ᠢᠢᠨ ᠭᠣᠣᠯ ᠰᠤᠮᠤ ᠢᠢᠨ ᠨᠤᠲᠤᠭ ᠲᠤ 215 ᠭᠠ ᠲᠠᠯᠠᠪᠠᠢ ᠢᠢ ᠨᠥᠬᠦᠨ ᠰᠡᠷᠭᠦᠭᠡᠵᠡᠢ᠃ «Жинжий Майнинг» ᠬᠢ᠊᠂ ᠬᠤ᠊᠂ ᠻᠣᠮᠫᠠᠨᠢ ᠥᠩ᠋ᠭᠡᠷᠡᠭᠰᠡᠨ ᠵᠢᠯ ᠢᠷᠦᠭᠡ ᠰᠤᠮᠤ ᠢᠢᠨ ᠨᠤᠲᠤᠭ ᠲᠤ 800 ᠭᠠ ᠲᠠᠯᠠᠪᠠᠢ ᠢᠢ ᠨᠥᠬᠦᠨ ᠰᠡᠷᠭᠦᠭᠡᠵᠡᠢ᠃
ᠴᠢᠨᠠᠭᠰᠢᠳᠠ:
- ᠣᠢ ᠢᠢᠨ ᠰᠠᠩ᠂ ᠤᠰᠤᠨ ᠰᠠᠩ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠪᠦᠬᠦᠢ ᠣᠨᠴᠤᠭᠤᠶ ᠠᠴᠢ ᠬᠣᠯᠪᠤᠭᠳᠠᠯ ᠲᠠᠢ ᠭᠠᠵᠠᠷ᠂ ᠨᠤᠲᠤᠭ ᠲᠤ ᠬᠠᠤᠯᠢ ᠪᠤᠰᠤ ᠠᠭᠤᠯᠠ ᠠᠭᠤᠷᠬᠠᠶ᠂ ᠪᠢᠴᠢᠯ ᠠᠭᠤᠷᠬᠠᠶ ᠢᠢᠨ ᠤᠯᠠᠮ ᠠᠴᠠ ᠡᠪᠳᠡᠷᠡᠯ ᠳᠥ ᠣᠷᠤᠭᠰᠠᠨ ᠭᠠᠵᠠᠷ ᠤᠳ ᠲᠤ ᠲᠧᠭᠨᠢᠭ ᠦᠨ ᠪᠣᠯᠤᠨ ᠪᠢᠣᠯᠣᠭᠢ ᠢᠢᠨ ᠨᠥᠬᠦᠨ ᠰᠡᠷᠭᠦᠭᠡᠯᠲᠡ ᠢᠢ ᠪᠦᠷᠢᠨ ᠬᠢᠯᠭᠡᠵᠦ᠂ ᠣᠢᠢᠵᠢᠭᠤᠯᠬᠤ᠂
- ᠵᠠᠰᠠᠭ ᠤᠨ ᠭᠠᠵᠠᠷ ᠤᠨ 2024-2028 ᠣᠨ ᠤ ᠦᠢᠯᠡ ᠠᠵᠢᠯᠯᠠᠭᠠᠨ ᠤ ᠬᠥᠲᠦᠯᠪᠦᠷᠢ ᠳᠥ ᠵᠢᠭᠠᠭᠰᠠᠨ «ᠠᠭᠤᠯᠠ ᠠᠭᠤᠷᠬᠠᠶ ᠢᠢᠨ ᠨᠥᠬᠦᠨ ᠰᠡᠷᠭᠦᠭᠡᠯᠲᠡ ᠢᠢᠨ ᠴᠢᠨᠠᠷ᠂ ᠬᠢᠨᠠᠯᠲᠠ ᠢᠢ ᠰᠠᠢᠢᠵᠢᠷᠠᠭᠤᠯᠵᠤ᠂ ᠨᠥᠬᠦᠨ ᠰᠡᠷᠭᠦᠭᠡᠯᠲᠡ ᠬᠢᠭᠡᠳᠦᠢ ᠬᠠᠤᠯᠢ ᠢᠢᠨ ᠡᠲᠡᠭᠡᠳ ᠲᠥ ᠨᠣᠭᠳᠠᠭᠤᠯᠬᠤ ᠬᠠᠷᠢᠭᠤᠴᠠᠯᠭ᠎ᠠ ᠢᠢ ᠴᠢᠩ᠋ᠭᠠᠳᠬᠠᠬᠤ» ᠵᠣᠷᠢᠯᠲᠠ ᠢᠢᠨ ᠬᠦᠷᠢᠶᠡᠨ ᠳᠥ ᠪᠢᠣᠯᠣᠭᠢ ᠢᠢᠨ ᠨᠥᠬᠦᠨ ᠰᠡᠷᠭᠦᠭᠡᠯᠲᠡ ᠢᠢ ᠡᠷᠴᠢᠮᠵᠢᠭᠦᠯᠬᠦ ᠳᠥ ᠣᠨᠴᠤᠭᠤᠶ ᠠᠩᠬᠠᠷᠬᠤ᠂
- 1980-2010 ᠣᠨ ᠬᠦᠷᠲᠡᠯᠡᠬᠢ ᠬᠤᠭᠤᠴᠠᠭᠠᠨ ᠳᠤ ᠠᠯᠲᠠ ᠣᠯᠪᠤᠷᠢᠯᠠᠵᠤ ᠪᠠᠢᠢᠭᠰᠠᠨ᠂ ᠦᠯᠡᠳᠡᠭᠳᠡᠯ ᠨᠥᠭᠡᠴᠡ ᠲᠡᠢ ᠭᠡᠬᠦ ᠰᠢᠯᠲᠠᠭᠠᠨ ᠢᠶᠠᠷ ᠨᠥᠬᠦᠨ ᠰᠡᠷᠭᠦᠭᠡᠯᠲᠡ ᠬᠢᠯᠭᠡᠬᠦ ᠦᠭᠡᠢ ᠪᠠᠢᠢᠭ᠎ᠠ ᠭᠠᠵᠠᠷ ᠤᠳ ᠤᠨ ᠠᠰᠠᠭᠤᠳᠠᠯ ᠢ ᠶᠠᠭᠠᠷᠠᠯ ᠲᠠᠢ ᠰᠢᠢᠳᠪᠦᠷᠢᠯᠡᠵᠦ᠂ ᠨᠥᠬᠦᠨ ᠰᠡᠷᠭᠦᠭᠡᠯᠲᠡ ᠬᠢᠯᠭᠡᠬᠦ᠂
- ᠠᠰᠢᠭᠲᠤ ᠮᠠᠯᠲᠠᠮᠠᠯ ᠢ ᠬᠠᠤᠯᠢ ᠪᠤᠰᠤ ᠪᠠᠷ ᠣᠯᠪᠤᠷᠢᠯᠠᠬᠤ ᠳᠤ ᠠᠰᠢᠭᠯᠠᠵᠤ ᠪᠠᠢᠢᠭ᠎ᠠ ᠲᠧᠭᠨᠢᠭ ᠬᠡᠷᠡᠭᠰᠡᠯ᠂ ᠲᠣᠨᠤᠭ ᠲᠥᠬᠦᠭᠡᠷᠦᠮᠵᠢ ᠢᠢ ᠬᠡᠨ ᠦ ᠥᠮᠴᠢᠯᠡᠯ ᠳᠥ ᠪᠠᠢᠢᠭ᠎ᠠ ᠠᠴᠠ ᠦᠯᠦ ᠬᠠᠮᠢᠶᠠᠷᠤᠨ ᠬᠤᠷᠢᠶᠠᠨ ᠠᠪᠴᠤ ᠤᠯᠤᠰ ᠤᠨ ᠣᠷᠤᠯᠭ᠎ᠠ ᠪᠣᠯᠭᠠᠬᠤ᠂ ᠰᠲ᠋ᠠᠨ᠋ᠳᠠᠷᠲ᠂ ᠲ᠋ᠧᠭᠨᠣᠯᠤᠭᠢ ᠳᠤ ᠨᠡᠢᠢᠴᠡᠬᠦ ᠦᠭᠡᠢ ᠢᠢ ᠨᠢ ᠠᠰᠢᠭᠯᠠᠭᠤᠯᠬᠤ ᠦᠭᠡᠢ ᠪᠠᠢᠢᠬᠤ ᠲᠠᠢ ᠬᠤᠯᠪᠤᠭᠳᠠᠭᠰᠠᠨ ᠬᠠᠤᠯᠢ᠂ ᠡᠷᠬᠡ ᠵᠦᠢ ᠢᠢᠨ ᠵᠣᠬᠢᠴᠠᠭᠤᠯᠤᠯᠲᠠ ᠬᠢᠬᠦ᠂
- ᠠᠰᠢᠭᠲᠤ ᠮᠠᠯᠲᠠᠮᠠᠯ ᠤᠨ ᠲᠤᠬᠠᠶ ᠬᠠᠤᠯᠢ ᠢᠢᠨ ᠨᠡᠮᠡᠯᠲᠡ ᠥᠭᠡᠷᠡᠴᠢᠯᠡᠯᠲᠡ ᠢᠢᠨ ᠲᠥᠰᠦᠯ ᠳᠥ ᠪᠠᠢᠢᠭᠠᠯᠢ ᠣᠷᠴᠢᠨ ᠢ ᠬᠠᠮᠠᠭᠠᠯᠠᠬᠤ᠂ ᠨᠥᠬᠦᠨ ᠰᠡᠷᠭᠦᠭᠡᠬᠦ ᠲᠠᠯᠠᠭᠠᠷᠬᠢ ᠣᠳᠤ ᠢᠢᠨ ᠵᠣᠬᠢᠴᠠᠭᠤᠯᠤᠯᠲᠠ ᠢᠢ ᠳᠣᠷᠤᠳᠡᠭᠤᠯᠬᠤ ᠦᠭᠡᠢ ᠪᠠᠢᠢᠬᠤ᠂
- ᠪᠢᠴᠢᠯ ᠠᠭᠤᠷᠬᠠᠶ ᠪᠠᠷ ᠠᠰᠢᠭᠲᠤ ᠮᠠᠯᠲᠠᠮᠠᠯ ᠣᠯᠪᠤᠷᠢᠯᠠᠬᠤ ᠢᠢ ᠦᠶ᠎ᠡ ᠱᠠᠲᠤ ᠲᠠᠢ ᠬᠤᠷᠢᠭᠯᠠᠬᠤ᠂
- ᠪᠠᠢᠢᠭᠠᠯᠢ ᠣᠷᠴᠢᠨ ᠢ ᠬᠠᠮᠠᠭᠠᠯᠠᠬᠤ᠂ ᠨᠥᠬᠦᠨ ᠰᠡᠷᠭᠦᠭᠡᠬᠦ ᠡᠭᠦᠷᠭᠡ ᠪᠡᠨ ᠬᠠᠷᠢᠭᠤᠴᠠᠯᠭ᠎ᠠ ᠲᠠᠢ᠂ ᠰᠠᠨᠠᠭᠠᠴᠢᠯᠠᠭ᠎ᠠ ᠲᠠᠢ ᠬᠡᠷᠡᠭᠵᠢᠭᠦᠯᠵᠦ ᠪᠠᠢᠢᠭ᠎ᠠ᠂ ᠪᠠᠢᠢᠭᠠᠯᠢ ᠳᠤ ᠡᠭᠡᠯᠢᠲᠡᠢ ᠦᠢᠯᠡ ᠠᠵᠢᠯᠯᠠᠭ᠎ᠠ ᠡᠷᠬᠢᠯᠡᠳᠡᠭ ᠠᠭᠤᠯᠠ ᠠᠭᠤᠷᠬᠠᠶ ᠢᠢᠨ ᠠᠵᠤ ᠠᠬᠤᠶ ᠢᠢᠨ ᠨᠢᠭᠡᠴᠡ᠂ ᠪᠠᠢᠢᠭᠤᠯᠤᠯᠭ᠎ᠠ ᠢᠢ ᠤᠷᠮᠠᠰᠢᠭᠤᠯᠬᠤ ᠲᠣᠭᠲᠠᠯᠴᠠᠭ᠎ᠠ ᠪᠤᠢ ᠪᠣᠯᠭᠠᠬᠤ ᠱᠠᠭᠠᠷᠳᠠᠯᠭ᠎ᠠ ᠲᠠᠢ ᠭᠡᠵᠦ ᠰᠠᠯᠪᠤᠷᠢ ᠢᠢᠨ ᠶᠠᠮᠤᠨ ᠦᠵᠡᠵᠦ ᠪᠠᠢᠢᠨ᠎ᠠ᠃