ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ᠂ ᠬᠥᠳᠡᠭᠡ ᠠᠵᠤ ᠠᠬᠤᠶ ᠢᠢᠨ ᠰᠠᠯᠪᠤᠷᠢ ᠳᠤ ᠨᠡᠮᠡᠭᠦᠦ ᠥᠷᠲᠡᠭ ᠰᠢᠩ᠋ᠭᠡᠭ᠍ᠰᠡᠨ ᠪᠦᠲᠦᠭᠡᠭ᠍ᠳᠡᠬᠦᠨ ᠦ ᠦᠢᠯᠡᠳᠪᠦᠷᠢᠯᠡᠯ ᠢ ᠳᠡᠮᠵᠢᠬᠦ᠂ ᠮᠠᠯ ᠤᠨ ᠭᠠᠷᠤᠯ ᠲᠠᠢ ᠲᠦᠬᠡᠢ ᠡᠳ᠋᠂ ᠨᠣᠣᠰᠤ᠂ ᠠᠷᠠᠰᠤ ᠰᠢᠷᠢ᠂ ᠨᠣᠯᠤᠤᠷ ᠤᠨ ᠦᠨ᠎ᠡ ᠴᠡᠨ᠎ᠡ ᠢᠢ ᠨᠡᠮᠡᠭᠳᠡᠭᠦᠯᠬᠦ ᠵᠣᠷᠢᠯᠭ᠎ᠠ ᠲᠠᠢ «ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠣᠯᠠᠨ ᠤᠯᠤᠰ ᠤᠨ ᠲᠦᠩᠰᠢ ᠪᠠᠢᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠨ᠎ᠠ᠃
ᠶᠡᠷᠦᠩᠬᠡᠢᠢᠯᠡᠭᠴᠢ ᠢᠢᠨ ᠡᠳ᠋ ᠦᠨ ᠵᠠᠰᠠᠭ ᠤᠨ ᠪᠣᠳᠤᠯᠭ᠎ᠠ ᠢᠢᠨ ᠵᠥᠪᠯᠡᠬᠦ ᠪ᠊᠂ᠳᠠᠸᠠᠳᠠᠯᠠᠶ 2024 ᠣᠨ ᠤ 10 ᠳ᠋ᠤᠭᠠᠷ ᠰᠠᠷ᠎ᠠ ᠢᠢᠨ 08 ᠤ ᠡᠳᠦᠷ ᠬᠥᠳᠡᠭᠡ ᠠᠵᠤ ᠠᠬᠤᠶ ᠢᠢᠨ ᠬᠥᠭ᠍ᠵᠢᠯ ᠦᠨ ᠣᠯᠠᠨ ᠤᠯᠤᠰ ᠤᠨ ᠰᠠᠩ ᠤᠨ /IFAD/ ᠮᠣᠩ᠋ᠭᠤᠯ ᠤᠯᠤᠰ ᠢ ᠬᠠᠷᠢᠭᠤᠴᠠᠭᠰᠠᠨ ᠵᠠᠬᠢᠷᠤᠯ ᠰᠠᠻᠫᠣᠾᠠᠦ᠋ᠰᠧᠲ᠋ ᠮᠡᠩ ᠲᠡᠷᠢᠭᠦᠲᠡᠢ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠪᠠᠷ ᠮᠠᠯ ᠤᠨ ᠡᠷᠡᠭᠦᠯ ᠮᠡᠨᠳᠦ ᠢᠢ ᠰᠠᠢᠢᠵᠢᠷᠠᠭᠤᠯᠬᠤ᠂ ᠮᠠᠯ ᠤᠨ ᠭᠠᠷᠤᠯ ᠲᠠᠢ ᠲᠦᠬᠡᠢ ᠡᠳ᠋ ᠢ ᠪᠣᠯᠪᠠᠰᠤᠷᠠᠭᠤᠯᠬᠤ᠂ ᠦᠨ᠎ᠡ ᠴᠡᠨ᠎ᠡ ᠢᠢ ᠥᠰᠬᠡᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠢᠢ ᠳᠠᠪᠠᠨ ᠲᠤᠭᠤᠯᠬᠤ ᠴᠢᠭᠯᠡᠯ ᠢᠢᠡᠷ ᠰᠠᠨᠠᠯ ᠰᠣᠯᠢᠯᠴᠠᠵᠤ᠂ ᠲᠣᠳᠤᠷᠬᠠᠶ ᠠᠵᠢᠯ ᠤᠳ ᠢ ᠬᠠᠮᠲᠤᠷᠠᠨ ᠬᠡᠷᠡᠭᠵᠢᠭᠦᠯᠬᠦ ᠪᠡᠷ ᠲᠣᠬᠢᠷᠠᠯᠴᠠᠯ᠎ᠠ᠃
«ᠴᠠᠭᠠᠨ ᠠᠯᠲᠠ» ᠬᠥᠲᠦᠯᠪᠦᠷᠢ ᠢᠢ ᠬᠡᠷᠡᠭᠵᠢᠭᠦᠯᠦᠭᠰᠡᠨ ᠢᠢᠡᠷ ᠣᠯᠠᠨ ᠤᠯᠤᠰ ᠤᠨ ᠰᠲ᠋ᠠᠨ᠋ᠳᠠᠷᠲ ᠲᠤ ᠨᠡᠢᠢᠴᠡᠭᠰᠡᠨ ᠥᠷᠢᠰᠦᠯᠳᠦᠬᠦ ᠴᠢᠳᠠᠪᠤᠷᠢ ᠲᠠᠢ᠂ ᠭᠠᠷᠤᠯ ᠡᠭᠦᠰᠦᠯ᠂ ᠴᠢᠨᠠᠷ ᠤᠨ ᠪᠠᠲᠤᠯᠠᠭ᠎ᠠ ᠲᠠᠢ᠂ ᠨᠡᠮᠡᠭᠦᠦ ᠥᠷᠲᠡᠭ ᠰᠢᠩ᠋ᠭᠡᠭ᠍ᠰᠡᠨ ᠪᠦᠲᠦᠭᠡᠭ᠍ᠳᠡᠬᠦᠨ ᠦ ᠦᠢᠯᠡᠳᠪᠦᠷᠢᠯᠡᠯ᠂ ᠡᠻᠰᠫᠣᠷᠲ ᠨᠡᠮᠡᠭᠳᠡᠵᠦ᠂ ᠮᠠᠯ ᠤᠨ ᠭᠠᠷᠤᠯ ᠲᠠᠢ ᠲᠦᠬᠡᠢ ᠡᠳ᠋ ᠦᠨ ᠦᠨ᠎ᠡ ᠴᠡᠨ᠎ᠡ ᠥᠰᠦᠨ᠎ᠡ᠃ ᠡᠨᠡ ᠬᠢᠷᠢ ᠪᠡᠷ ᠮᠠᠯᠴᠢᠳ ᠤᠨ ᠣᠷᠤᠯᠭ᠎ᠠ᠂ ᠠᠮᠢᠵᠢᠷᠠᠭ᠎ᠠ ᠰᠠᠢᠢᠵᠢᠷᠠᠵᠤ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢᠯᠡᠯ ᠦᠨ ᠰᠠᠯᠪᠤᠷᠢ ᠰᠢᠨ᠎ᠡ ᠱᠠᠲᠤᠨ ᠳᠤ ᠭᠠᠷᠤᠨ᠎ᠠ᠃
ᠭᠤᠷᠪᠠᠨ ᠵᠢᠯ ᠦᠨ ᠬᠤᠭᠤᠴᠠᠭᠠᠨ ᠳᠤ ᠬᠡᠷᠡᠭᠵᠢᠭᠦᠯᠬᠦ ᠬᠥᠲᠦᠯᠪᠦᠷᠢ ᠢᠢᠨ ᠨᠡᠢᠢᠲᠡ ᠲᠥᠰᠦᠪ 2.19 ᠶᠡᠬᠡ ᠨᠠᠶᠤᠳ ᠲᠥᠭᠦᠷᠢᠭ᠌ ᠪᠥᠭᠡᠳ ᠡᠭᠦᠨ ᠡᠴᠡ 682.4 ᠲᠡᠷᠪᠤᠮ ᠲᠥᠭᠦᠷᠢᠭ᠌ ᠢ ᠤᠯᠤᠰ ᠤᠨ ᠲᠥᠰᠦᠪ ᠡᠴᠡ ᠰᠠᠩᠬᠦᠵᠢᠭᠦᠯᠬᠦ ᠪᠡᠷ ᠲᠥᠯᠦᠪᠯᠡᠭᠰᠡᠨ᠃ ᠠᠷᠠᠯᠵᠢᠶᠠᠨ ᠤ ᠪᠠᠩᠬᠢ ᠨᠤᠭᠤᠳ ᠦᠢᠯᠡᠳᠪᠦᠷᠢ᠂ ᠠᠵᠤ ᠠᠬᠤᠶ ᠢᠢᠨ ᠨᠢᠭᠡᠴᠡ ᠨᠤᠭᠦᠳ ᠲᠥ 1.51 ᠶᠡᠬᠡ ᠨᠠᠶᠤᠳ ᠲᠥᠭᠦᠷᠢᠭ᠌ ᠦᠨ ᠵᠡᠭᠡᠯᠡ ᠣᠯᠭᠠᠬᠤ ᠶᠤᠮ᠃
ᠮᠥᠨ ᠭᠠᠳᠠᠭᠠᠳᠤ ᠢᠢᠨ ᠵᠡᠭᠡᠯᠡ᠂ ᠲᠤᠰᠠᠯᠠᠮᠵᠢ ᠢᠢᠨ ᠬᠥᠷᠦᠩ᠋ᠭᠡ ᠪᠡᠷ ᠬᠡᠷᠡᠭᠵᠢᠵᠦ ᠪᠠᠢᠢᠭ᠎ᠠ ᠲᠥᠰᠦᠯ᠂ ᠬᠥᠲᠦᠯᠪᠦᠷᠢ ᠨᠤᠭᠦᠳ ᠢ «ᠴᠠᠭᠠᠨ ᠠᠯᠲᠠ» ᠬᠥᠲᠦᠯᠪᠦᠷᠢ ᠲᠡᠢ ᠤᠶᠠᠯᠳᠤᠭᠤᠯᠤᠨ᠎ᠠ᠃