ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠭᠤᠷᠪᠠ ᠳ᠋ᠠᠬᠢ ᠵᠢᠯ ᠳᠥ ᠪᠡᠨ ᠵᠣᠬᠢᠶᠠᠨ ᠪᠠᠢᠢᠭᠤᠯᠵᠤ ᠪᠤᠢ «ᠮᠣᠩ᠋ᠭᠤᠯ ᠤᠯᠤᠰ-ᠨᠣᠭᠤᠭᠠᠨ ᠬᠥᠭ᠍ᠵᠢᠯ ᠢ ᠰᠠᠩᠬᠦᠵᠢᠭᠦᠯᠬᠦ ᠨᠢ» ᠰᠡᠳᠦᠪ ᠲᠥ ᠹᠣᠷᠦᠢᠮ ᠲᠥᠷᠦ ᠢᠢᠨ ᠣᠷᠳᠣᠨ ᠳᠤ ᠡᠬᠢᠯᠡᠯ᠎ᠡ᠃
ᠹᠣᠷᠦᠢᠮ ᠢᠶᠠᠷ ᠬᠥᠳᠡᠭᠡ ᠠᠵᠤ ᠠᠬᠤᠶ ᠢᠢᠨ ᠰᠠᠯᠪᠤᠷᠢ ᠢᠢᠨ ᠨᠣᠭᠤᠭᠠᠨ ᠰᠢᠯᠵᠢᠯᠲᠡ᠂ ᠡᠷᠴᠢᠮ ᠬᠦᠴᠦᠨ ᠦ ᠬᠡᠮᠨᠡᠯᠲᠡᠲᠡᠢ ᠠᠮᠢᠨ ᠤ ᠣᠷᠤᠨ ᠰᠠᠭᠤᠴᠠ ᠢᠢᠨ ᠰᠠᠩᠬᠦᠵᠢᠯᠲᠡ ᠪᠣᠯᠤᠨ ᠨᠣᠭᠤᠭᠠᠨ ᠰᠠᠩᠬᠦᠵᠢᠯᠲᠡ ᠢᠢᠨ ᠤᠷᠤᠰᠬᠠᠯ ᠢ ᠨᠡᠮᠡᠭᠳᠡᠭᠦᠯᠬᠦ ᠵᠡᠷᠭᠡ ᠢᠢ ᠬᠡᠯᠡᠯᠴᠡᠨ᠎ᠠ᠃
ᠨᠣᠭᠤᠭᠠᠨ ᠰᠠᠩᠬᠦᠵᠢᠯᠲᠡ ᠨᠢ ᠪᠠᠢᠢᠭᠠᠯᠢ ᠳᠤ ᠡᠭᠡᠯᠢᠲᠡᠶ᠂ ᠡᠷᠴᠢᠮ ᠬᠦᠴᠦᠨ ᠦ ᠬᠡᠮᠨᠡᠯᠲᠡ ᠲᠡᠢ ᠲᠥᠰᠦᠯ᠂ ᠦᠢᠯᠡ ᠠᠵᠢᠯᠯᠠᠭ᠎ᠠ ᠢᠢ ᠰᠠᠩᠬᠦᠵᠢᠭᠦᠯᠬᠦ ᠵᠠᠮ ᠢᠶᠠᠷ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ᠂ ᠪᠠᠢᠢᠭᠠᠯᠢ ᠢᠢᠨ ᠨᠥᠭᠡᠴᠡ ᠢᠢ ᠦᠷ᠎ᠡ ᠳ᠋ᠦᠩ ᠲᠡᠢ ᠠᠰᠢᠭᠯᠠᠬᠤ ᠳᠤ ᠴᠢᠭᠯᠡᠭᠰᠡᠨ ᠰᠠᠩᠬᠦᠦ ᠢᠢᠨ ᠮᠧᠬᠠᠨᠢᠰᠮ ᠶᠤᠮ᠃
ᠳᠡᠯᠡᠬᠡᠶ ᠳᠠᠬᠢᠨ ᠳᠤ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠴᠢᠭᠯᠡᠯ ᠢᠶᠡᠷ ᠭᠠᠷᠭᠠᠵᠤ ᠪᠤᠢ ᠰᠠᠩᠬᠦᠵᠢᠯᠲᠡ ᠵᠢᠯ ᠪᠦᠷᠢ ᠨᠡᠮᠡᠭᠳᠡᠵᠦ᠂ 2023 ᠣᠨ ᠤ ᠪᠠᠢᠢᠳᠠᠯ ᠢᠶᠠᠷ 1.3 ᠶᠡᠬᠡ ᠨᠠᠶᠤᠳ ᠠᠮᠠ᠊᠂ ᠳ᠋ᠣᠯᠯᠠᠷ ᠲᠤ ᠬᠦᠷᠦᠭᠡᠳ ᠪᠠᠢᠢᠨ᠎ᠠ᠃
ᠮᠠᠨ ᠤ ᠤᠯᠤᠰ ᠤᠨ ᠬᠤᠪᠢ ᠳᠤ 2030 ᠣᠨ ᠭᠡᠬᠦ ᠳᠥ ᠬᠦᠯᠡᠮᠵᠢ ᠢᠢᠨ ᠬᠡᠢ ᠢᠢᠨ ᠢᠯᠭᠠᠷᠠᠯ ᠢ 22.7 ᠬᠤᠪᠢ ᠪᠠᠷ ᠪᠠᠭᠤᠷᠠᠭᠤᠯᠵᠤ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠬᠤ᠂ ᠠᠮᠢᠳᠤᠷᠠᠯ ᠤᠨ ᠴᠢᠨᠠᠷ᠂ ᠬᠦᠮᠦᠨ ᠦ ᠬᠥᠭ᠍ᠵᠢᠯ ᠢ ᠰᠠᠢᠢᠵᠢᠷᠠᠭᠤᠯᠬᠤ᠂ ᠴᠢᠨᠠᠷᠲᠠᠶ ᠪᠣᠯᠪᠠᠰᠤᠷᠠᠯ᠂ ᠰᠠᠢᠢᠨ ᠵᠠᠰᠠᠭᠯᠠᠯ ᠪᠤᠢ ᠪᠣᠯᠭᠠᠬᠤ ᠵᠠᠮ ᠢᠶᠠᠷ ᠨᠣᠭᠤᠭᠠᠨ᠂ ᠬᠦᠷᠲᠡᠭᠡᠮᠵᠢ ᠲᠡᠢ ᠨᠡᠢᠢᠭᠡᠮ ᠦᠨ ᠬᠥᠭ᠍ᠵᠢᠯ ᠳᠥ ᠬᠦᠷᠬᠦ ᠫᠠᠷᠢᠰ ᠤᠨ ᠬᠡᠯᠡᠯᠴᠡᠭᠡᠷ ᠢ ᠬᠡᠷᠡᠭᠵᠢᠭᠦᠯᠬᠦ ᠵᠣᠷᠢᠯᠲᠠ ᠲᠠᠯᠪᠢᠭᠰᠠᠨ᠃
ᠡᠭᠦᠨ ᠳᠥ ᠨᠡᠢᠢᠲᠡ 11.5 ᠲᠡᠷᠪᠤᠮ ᠠᠮᠠ᠊᠂ ᠳ᠋ᠣᠯᠯᠠᠷ ᠤᠨ ᠰᠠᠩᠬᠦᠵᠢᠯᠲᠡ ᠱᠠᠭᠠᠷᠳᠠᠯᠭ᠎ᠠ ᠲᠠᠢ ᠪᠥᠭᠡᠳ ᠡᠭᠦᠨ ᠦ 6.3 ᠲᠡᠷᠪᠤᠮ ᠢ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ᠂ 5.2 ᠲᠡᠷᠪᠤᠮ ᠢ ᠳᠠᠰᠤᠨ ᠵᠣᠬᠢᠴᠠᠬᠤ ᠠᠷᠭ᠎ᠠ ᠬᠡᠮᠵᠢᠶᠡᠨ ᠳᠥ ᠵᠠᠷᠤᠴᠠᠭᠤᠯᠤᠨ᠎ᠠ᠃
ᠡᠨᠡ ᠬᠦᠷᠢᠶᠡᠨ ᠳᠥ ᠤᠯᠤᠰ ᠤᠨ ᠲᠥᠰᠦᠪ ᠡᠴᠡ ᠭᠠᠳᠠᠨ᠎ᠠ ᠣᠯᠠᠨ ᠤᠯᠤᠰ᠂ ᠬᠥᠷᠦᠩ᠋ᠭᠡ ᠣᠷᠤᠭᠤᠯᠤᠯᠲᠠ ᠢᠢᠨ ᠰᠠᠩ᠂ ᠬᠥᠲᠦᠯᠪᠦᠷᠢ᠂ ᠬᠤᠪᠢ ᠢᠢᠨ ᠬᠡᠪᠰᠢᠯ ᠲᠡᠢ ᠬᠠᠮᠲᠤᠷᠠᠨ ᠠᠵᠢᠯᠯᠠᠵᠤ ᠪᠠᠢᠢᠨ᠎ᠠ᠃ ᠳᠣᠲᠤᠭᠠᠳᠤ ᠢᠢᠨ ᠪᠠᠩᠻᠢ ᠪᠤᠰᠤ ᠰᠠᠩᠬᠦᠦ ᠢᠢᠨ ᠪᠠᠢᠢᠭᠤᠯᠤᠯᠭ᠎ᠠ ᠪᠣᠯᠤᠨ ᠠᠷᠠᠯᠵᠢᠶᠠᠨ ᠤ ᠪᠠᠩᠻᠢ ᠨᠤᠭᠤᠳ ᠭᠡᠬᠦ ᠳᠥ ᠯᠠ 2030 ᠣᠨ ᠭᠡᠬᠦ ᠳᠥ ᠨᠡᠢᠢᠲᠡ ᠵᠡᠭᠡᠯᠡ ᠢᠢᠨ 5-10 ᠬᠤᠪᠢ ᠢᠢ ᠨᠣᠭᠤᠭᠠᠨ ᠵᠢᠭᠡᠯᠡ ᠬᠡᠯᠪᠡᠷᠢ ᠪᠡᠷ ᠣᠯᠭᠠᠳᠠᠭ ᠪᠣᠯᠬᠤ ᠢᠢ ᠵᠣᠷᠢᠵᠤ ᠪᠠᠢᠢᠭ᠎ᠠ ᠶᠤᠮ᠃
ᠹᠣᠷᠦᠢᠮ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠮᠣᠩ᠋ᠭᠤᠯ ᠤᠨ ᠲᠣᠭᠲᠠᠪᠤᠷᠢ ᠲᠠᠢ ᠰᠠᠩᠬᠦᠵᠢᠯᠲᠡ ᠢᠢᠨ ᠬᠣᠯᠪᠤᠭ᠎ᠠ᠂ ᠬᠠᠭᠠᠨ ᠪᠠᠩᠻᠢ᠂ ᠨᠢ᠊᠂ ᠦ᠊ ᠂ ᠪᠠᠢᠢᠭᠤᠯᠤᠯᠭ᠎ᠠ᠂ ᠲᠡᠭᠦᠨ ᠦ ᠰᠢᠰᠲ᠋ᠧᠮ ᠦᠨ ᠪᠣᠯᠤᠨ ᠲᠥᠷᠦᠯᠵᠢᠭᠰᠡᠨ ᠪᠠᠢᠢᠭᠤᠯᠤᠯᠭ᠎ᠠ ᠨᠤᠭᠤᠳ ᠬᠠᠮᠲᠤᠷᠠᠨ ᠵᠣᠬᠢᠶᠠᠨ ᠪᠠᠢᠢᠭᠤᠯᠵᠤ ᠪᠠᠢᠢᠨ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ ᠬᠦᠷᠡᠯᠰᠦ᠋ᠬᠡ ᠹᠣᠷᠦᠢᠮ ᠢ ᠨᠡᠭᠡᠭᠡᠵᠦ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ:
ᠡᠷᠬᠢᠮ ᠬᠦᠨᠳᠦᠲᠦ ᠵᠣᠴᠢᠳ ᠲᠥᠯᠦᠭᠡᠯᠡᠭᠴᠢᠳ ᠡ᠂
ᠡᠷᠬᠢᠮᠰᠦᠭ ᠬᠠᠲᠤᠭᠲᠠᠶ᠂ ᠨᠣᠶᠠᠳ ᠠ᠂
ᠭᠤᠷᠪᠠ ᠳ᠋ᠠᠬᠢ ᠵᠢᠯ ᠳᠥ ᠪᠡᠨ ᠵᠣᠬᠢᠶᠠᠨ ᠪᠠᠢᠢᠭᠤᠯᠤᠭᠳᠠᠵᠤ ᠪᠤᠢ «ᠨᠣᠭᠤᠭᠠᠨ ᠰᠠᠩᠬᠦᠵᠢᠯᠲᠡ ᠢᠢᠨ ᠹᠣᠷᠦᠢᠮ» ᠳ᠋ᠤ ᠣᠷᠤᠯᠴᠠᠵᠤ ᠪᠤᠢ ᠪᠠᠢᠢᠭᠠᠯᠢ ᠣᠷᠴᠢᠨ᠂ ᠨᠣᠭᠤᠭᠠᠨ ᠬᠥᠭ᠍ᠵᠢᠯ ᠦᠨ ᠮᠠᠩᠯᠠᠢᠢᠯᠠᠭᠴᠢ ᠲᠠ ᠪᠦᠬᠦᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠵᠦ᠂ ᠡᠨᠡ ᠰᠠᠢᠢᠬᠠᠨ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ ᠡ᠃
ᠡᠨᠡ ᠤᠳᠠᠭ᠎ᠠ ᠢᠢᠨ ᠹᠣᠷᠦᠢᠮ ᠢ «ᠮᠣᠩ᠋ᠭᠤᠯ ᠤᠯᠤᠰ-ᠨᠣᠭᠤᠭᠠᠨ ᠬᠥᠭ᠍ᠵᠢᠯ ᠢ ᠰᠠᠩᠬᠦᠵᠢᠭᠦᠯᠬᠦ ᠨᠢ» ᠰᠡᠳᠦᠪ ᠢᠶᠡᠷ ᠵᠣᠬᠢᠶᠠᠨ ᠪᠠᠢᠢᠭᠤᠯᠵᠤ ᠪᠠᠢᠢᠭ᠎ᠠ ᠪᠥᠭᠡᠳ ᠬᠠᠮᠲᠤᠷᠠᠨ ᠠᠵᠢᠯᠯᠠᠵᠤ ᠪᠤᠢ ᠲᠥᠷᠦ᠂ ᠬᠤᠪᠢ ᠢᠢᠨ ᠬᠡᠪᠰᠢᠯ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ᠂ ᠲᠡᠭᠦᠨ ᠳᠣᠲᠤᠷ᠎ᠠ ᠪᠠᠨ ᠮᠣᠩ᠋ᠭᠤᠯ ᠤᠨ ᠲᠣᠭᠲᠠᠪᠤᠷᠢ ᠲᠠᠢ ᠰᠠᠩᠬᠦᠵᠢᠯᠲᠡ ᠢᠢᠨ ᠬᠣᠯᠪᠤᠭ᠎ᠠ᠂ ᠬᠠᠭᠠᠨ ᠪᠠᠩᠻᠢ᠂ ᠨᠢ᠊᠂ ᠦ᠊ ᠂ ᠪᠠᠢᠢᠭᠤᠯᠤᠯᠭ᠎ᠠ᠂ ᠲᠡᠭᠦᠨ ᠦ ᠰᠢᠰᠲ᠋ᠧᠮ ᠦᠨ ᠪᠣᠯᠤᠨ ᠲᠥᠷᠦᠯᠵᠢᠭᠰᠡᠨ ᠪᠠᠢᠢᠭᠤᠯᠤᠯᠭ᠎ᠠ ᠨᠤᠭᠤᠳ ᠤᠨ ᠬᠠᠮᠲᠤ ᠣᠯᠠᠨ ᠳᠤ ᠲᠠᠯᠠᠷᠬᠠᠯ ᠢᠯᠡᠷᠬᠡᠢᠢᠯᠡᠶ ᠡ᠃
ᠠᠽᠧᠷᠪᠠᠢᠢᠵᠠᠨ ᠤᠯᠤᠰ ᠤᠨ ᠪᠠᠻᠦ᠋ ᠬᠣᠲᠠ ᠳᠤ ᠪᠣᠯᠤᠭᠰᠠᠨ ᠨᠢ᠊᠂ ᠦ᠊ ᠂ ᠪᠠᠢᠢᠭᠤᠯᠤᠯᠭ᠎ᠠ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠦ 29 ᠊ᠳ᠋ᠦᠭᠡᠷ ᠳᠡᠭᠡᠳᠦ ᠲᠥᠪᠰᠢᠨ ᠦ ᠠᠭᠤᠯᠵᠠᠯᠲᠠ ᠳᠤ ᠳᠡᠯᠡᠬᠡᠶ ᠢᠢᠨ ᠤᠳᠤᠷᠢᠳᠤᠭᠴᠢᠳ ᠣᠷᠤᠯᠴᠠᠵᠤ᠂ ᠪᠠᠢᠢᠭᠠᠯᠢ ᠣᠷᠴᠢᠨ᠂ ᠨᠣᠭᠤᠭᠠᠨ ᠬᠥᠭ᠍ᠵᠢᠯ ᠦᠨ ᠰᠠᠩᠬᠦᠵᠢᠯᠲᠡ ᠢᠢᠨ ᠲᠠᠯᠠᠭᠠᠷᠬᠢ ᠪᠠᠢᠢᠷᠢ ᠰᠠᠭᠤᠷᠢ ᠪᠠᠨ ᠢᠯᠡᠷᠬᠡᠢᠢᠯᠡᠵᠦ᠂ ᠨᠣᠭᠤᠭᠠᠨ ᠬᠥᠭ᠍ᠵᠢᠯ ᠦᠨ ᠪᠣᠳᠤᠯᠭ᠎ᠠ᠂ ᠵᠣᠷᠢᠯᠲᠠ᠂ ᠦᠢᠯᠡ ᠠᠵᠢᠯᠯᠠᠭ᠎ᠠ᠂ ᠦᠷ᠎ᠡ ᠳ᠋ᠦᠩ ᠦᠨ ᠲᠠᠯ᠎ᠠ ᠪᠠᠷ ᠲᠠᠨᠢᠯᠴᠠᠭᠤᠯᠤᠯ᠎ᠠ᠃
ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠳᠥ ᠲᠥᠰᠦᠪ᠂ ᠬᠥᠷᠦᠩ᠋ᠭᠡ᠂ ᠰᠠᠩᠬᠦᠵᠢᠯᠲᠡ ᠪᠡᠨ ᠬᠡᠷᠬᠢᠨ ᠨᠡᠮᠡᠭᠳᠡᠭᠦᠯᠬᠦ ᠳᠥ ᠭᠣᠣᠯᠯᠠᠨ ᠠᠩᠬᠠᠷᠤᠭᠰᠠᠨ ᠳᠡᠭᠡᠷᠡᠬᠢ ᠠᠭᠤᠯᠵᠠᠯᠲᠠ ᠢᠢᠨ ᠳᠠᠷᠠᠭ᠎ᠠ ᠪᠣᠯᠵᠤ ᠪᠤᠢ ᠥᠨᠦᠳᠦᠷ ᠦᠨ ᠹᠣᠷᠦᠢᠮ ᠢᠶᠠᠷ ᠮᠣᠩ᠋ᠭᠤᠯ ᠤᠯᠤᠰ ᠨᠣᠭᠤᠭᠠᠨ ᠬᠥᠭ᠍ᠵᠢᠯ ᠦᠨ ᠰᠠᠩᠬᠦᠵᠢᠯᠲᠡ ᠪᠡᠨ ᠬᠡᠷᠬᠢᠨ ᠨᠡᠮᠡᠭᠳᠡᠭᠦᠯᠬᠦ ᠲᠠᠯ᠎ᠠ ᠪᠠᠷ ᠬᠡᠯᠡᠯᠴᠡᠬᠦ ᠪᠡᠷ ᠲᠠ ᠪᠢᠳᠡ ᠬᠤᠷᠠᠨ ᠴᠤᠭᠯᠠᠭᠠᠳ ᠪᠠᠢᠢᠨ᠎ᠠ᠃
ᠳᠡᠭᠡᠳᠦ ᠲᠥᠪᠰᠢᠨ ᠦ ᠠᠭᠤᠯᠵᠠᠯᠲᠠ ᠢᠢᠨ ᠦᠶ᠎ᠡ ᠪᠡᠷ ᠨᠢ᠊᠂ ᠦ᠊ ᠂ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ᠂ 2024 ᠣᠨ ᠪᠣᠯ 1850 ᠣᠨ ᠠᠴᠠ ᠬᠣᠢᠢᠰᠢ ᠳᠡᠯᠡᠬᠡᠶ ᠢᠢᠨ ᠲᠡᠦᠬᠡᠨ ᠳ᠋ᠡᠬᠢ ᠬᠠᠮᠤᠭ ᠤᠨ ᠬᠠᠯᠠᠭᠤᠨ ᠡᠳᠦᠷ᠂ ᠬᠠᠮᠤᠭ ᠤᠨ ᠬᠠᠯᠠᠭᠤᠨ ᠰᠠᠷ᠎ᠠ᠂ ᠬᠠᠮᠤᠭ ᠤᠨ ᠬᠠᠯᠠᠭᠤᠨ ᠵᠢᠯ ᠪᠣᠯᠤᠨ ᠲᠡᠮᠳᠡᠭᠯᠡᠭᠳᠡᠬᠦ ᠪᠡᠷ ᠪᠠᠢᠢᠭ᠎ᠠ ᠢᠢ ᠳᠤᠷᠠᠳᠴᠤ᠂ ᠠᠭᠤᠷ ᠠᠮᠢᠰᠬᠤᠯ ᠤᠨ ᠥᠭᠡᠷᠡᠴᠢᠯᠡᠯᠲᠡ ᠨᠢ ᠬᠦᠮᠦᠨ ᠲᠥᠷᠦᠯᠬᠢᠲᠡᠨ ᠢ ᠤᠷᠢᠳᠤ ᠡᠮᠦᠨᠡᠬᠢ ᠡᠴᠡ ᠢᠯᠡᠭᠦᠦ ᠴᠣᠴᠢᠷᠠᠭᠠᠵᠤ᠂ ᠠᠢᠢᠳᠠᠰ ᠲᠤ ᠠᠪᠲᠠᠭᠤᠯᠵᠤ ᠪᠠᠢᠢᠭ᠎ᠠ ᠢᠢ ᠣᠨᠴᠠᠯᠠᠨ ᠲᠡᠮᠳᠡᠭᠯᠡᠭᠰᠡᠨ᠃
ᠬᠡᠷᠪᠡ ᠬᠦᠮᠦᠨ ᠲᠥᠷᠦᠯᠬᠢᠲᠡᠨ ᠡᠬᠡ ᠳᠡᠯᠡᠬᠡᠶ ᠪᠡᠨ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ᠂ ᠭᠠᠵᠠᠷ ᠤᠨ ᠳᠣᠷᠤᠢᠢᠲᠠᠯ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠬᠣᠮᠰᠠᠳᠠᠯ ᠲᠠᠢ ᠴᠠᠭ ᠠᠯᠳᠠᠯ ᠦᠭᠡᠢ ᠡᠷᠡᠰ ᠰᠢᠢᠳᠮᠡᠭᠡᠶ ᠲᠡᠮᠡᠴᠡᠬᠦ ᠦᠭᠡᠢ ᠪᠣᠯ ᠡᠬᠡ ᠳᠡᠯᠡᠬᠡᠶ ᠴᠢᠨᠠᠭᠰᠢᠳᠠ ᠲᠠ ᠪᠢᠳᠡᠨ ᠦᠭᠡᠢ ᠪᠡᠷ ᠣᠷᠤᠰᠢᠨ ᠲᠣᠭᠲᠠᠨᠢᠬᠤ ᠥᠪᠡᠷ ᠦᠨ ᠵᠠᠮ ᠢᠢᠠᠨ ᠰᠣᠩ᠋ᠭᠤᠬᠤ ᠪᠣᠯᠤᠨ᠎ᠠ᠃
ᠡᠬᠡ ᠪᠠᠢᠢᠭᠠᠯᠢ ᠲᠠᠢ ᠪᠠᠨ ᠵᠦᠢ ᠵᠣᠬᠢᠰ ᠲᠠᠢ ᠵᠡᠷᠭᠡᠴᠡᠨ ᠣᠷᠤᠰᠢᠬᠤ ᠨᠢ ᠬᠦᠮᠦᠨ ᠲᠥᠷᠦᠯᠬᠢᠲᠡᠨ ᠦ ᠣᠷᠤᠰᠢᠨ ᠲᠣᠭᠲᠠᠨᠢᠬᠤᠢ ᠢᠢᠨ ᠦᠨᠳᠦᠰᠦ ᠪᠣᠯᠬᠤ ᠢᠢ ᠪᠢᠳᠡ ᠬᠡᠵᠢᠶ᠎ᠡ ᠴᠦ ᠮᠠᠷᠲᠠᠵᠤ ᠪᠣᠯᠬᠤ ᠦᠭᠡᠢ᠃
ᠲᠡᠢᠢᠮᠦ ᠡᠴᠡ ᠡᠬᠡ ᠪᠠᠢᠢᠭᠠᠯᠢ ᠢᠢ ᠡᠷᠬᠡᠰᠢᠶᠡᠬᠦ ᠪᠤᠰᠤ ᠡᠨᠡᠷᠢᠨ ᠬᠦᠨᠳᠦᠳᠬᠡᠬᠦ ᠨᠢᠭᠡᠨ ᠵᠣᠷᠢᠯᠭ᠎ᠠ ᠳᠣᠣᠷ᠎ᠠ ᠬᠠᠮᠲᠤ ᠢᠢᠨ ᠢᠷᠡᠭᠡᠳᠦᠶ ᠢᠢᠨ ᠲᠥᠯᠦᠭᠡ ᠨᠢᠭᠡᠳᠴᠦ᠂ ᠤᠯᠤᠰ ᠣᠷᠤᠨ ᠪᠦᠷᠢ ᠢᠯᠡᠭᠦᠦ ᠪᠣᠳᠠᠲᠤ ᠦᠷ᠎ᠡ ᠳ᠋ᠦᠩ ᠳᠥ ᠬᠦᠷᠬᠦ ᠢᠢᠨ ᠲᠤᠯᠠᠳᠠ ᠲᠥᠷᠦ᠂ ᠬᠤᠪᠢ ᠢᠢᠨ ᠬᠡᠪᠰᠢᠯ᠂ ᠢᠷᠭᠡᠨ ᠦ ᠨᠡᠢᠢᠭᠡᠮ ᠵᠡᠷᠭᠡ ᠨᠡᠢᠢᠭᠡᠮ ᠦᠨ ᠪᠦᠬᠦ ᠪᠦᠯᠦᠭ ᠢ ᠬᠠᠮᠤᠷᠤᠭᠰᠠᠨ ᠦᠨᠳᠦᠰᠦᠨ ᠦ ᠵᠥᠪᠰᠢᠯᠴᠡᠯ᠂ ᠨᠢᠭᠡᠳᠦᠮᠡᠯ ᠪᠣᠳᠤᠯᠭ᠎ᠠ᠂ ᠬᠠᠷᠢᠯᠴᠠᠨ ᠣᠢᠢᠯᠠᠭᠠᠯᠴᠠᠯ ᠢ ᠪᠡᠬᠢᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃
ᠢᠯᠠᠩ᠋ᠭᠤᠶ᠎ᠠ᠂ ᠬᠥᠭ᠍ᠵᠢᠵᠦ ᠪᠤᠢ ᠪᠣᠯᠤᠨ ᠠᠭᠤᠷ ᠠᠮᠢᠰᠬᠤᠯ ᠤᠨ ᠥᠭᠡᠷᠡᠴᠢᠯᠡᠯᠲᠡ ᠳᠥ ᠥᠷᠲᠦᠮᠡᠲᠡᠭᠡᠶ ᠡᠮᠵᠡᠭ ᠤᠯᠤᠰ ᠣᠷᠤᠨ ᠨᠤᠭᠤᠳ ᠤᠨ ᠬᠤᠪᠢ ᠳᠤ ᠥᠷᠢ ᠢᠢᠨ ᠬᠡᠮᠵᠢᠶ᠎ᠡ ᠥᠨᠳᠦᠷ᠂ ᠳᠣᠲᠤᠭᠠᠳᠤ ᠲᠥᠰᠦᠪ᠂ ᠰᠠᠩᠬᠦᠦ ᠢᠢᠨ ᠨᠥᠭᠡᠴᠡ ᠪᠣᠯᠤᠮᠵᠢ ᠪᠠᠭ᠎ᠠ ᠪᠠᠢᠢᠭ᠎ᠠ ᠠᠴᠠ ᠡᠳᠡᠭᠡᠷ ᠤᠯᠤᠰ ᠣᠷᠤᠨ ᠫᠠᠷᠢᠰ ᠤᠨ ᠬᠡᠯᠡᠯᠴᠡᠭᠡᠷ ᠢᠶᠡᠷ ᠬᠦᠯᠢᠶᠡᠭᠰᠡᠨ ᠡᠭᠦᠷᠭᠡ᠂ ᠠᠮᠠᠯᠠᠯᠲᠠ ᠪᠠᠨ ᠠᠮᠵᠢᠯᠲᠠᠲᠠᠢ ᠪᠡᠶᠡᠯᠡᠭᠦᠯᠬᠦ ᠳᠥ ᠰᠠᠩᠬᠦᠵᠢᠯᠲᠡ ᠢᠢᠨ ᠡᠷᠦᠰᠳᠡᠯ ᠲᠡᠢ ᠨᠢᠭᠤᠷ ᠲᠤᠯᠠᠵᠤ ᠪᠠᠢᠢᠭ᠎ᠠ ᠢᠢ ᠲᠠ ᠪᠦᠬᠦᠨ ᠮᠡᠳᠡᠨ᠎ᠡ᠃
ᠲᠡᠢᠢᠮᠦ ᠤᠴᠢᠷ ᠠᠴᠠ ᠨᠢ᠊᠂ ᠦ᠊ ᠂ ᠪᠠᠢᠢᠭᠤᠯᠤᠯᠭ᠎ᠠ ᠢᠢᠨ 29 ᠊ᠳ᠋ᠦᠭᠡᠷ ᠪᠠᠭ᠎ᠠ ᠬᠤᠷᠠᠯ ᠢᠶᠠᠷ ᠳᠡᠯᠡᠬᠡᠶ ᠢᠢᠨ ᠤᠳᠤᠷᠢᠳᠤᠭᠴᠢᠳ ᠬᠥᠭ᠍ᠵᠢᠯ ᠲᠡᠢ ᠣᠷᠤᠨ ᠨᠤᠭᠤᠳ ᠠᠴᠠ ᠪᠠᠭ᠎ᠠ᠂ ᠳᠤᠮᠳᠠ ᠣᠷᠤᠯᠭ᠎ᠠ ᠲᠠᠢ ᠬᠥᠭ᠍ᠵᠢᠵᠦ ᠪᠤᠢ ᠣᠷᠤᠨ ᠨᠤᠭᠤᠳ ᠤᠷᠤᠭᠤ ᠴᠢᠭᠯᠡᠭᠰᠡᠨ ᠠᠭᠤᠷ ᠠᠮᠢᠰᠬᠤᠯ ᠤᠨ ᠰᠠᠩᠬᠦᠵᠢᠯᠲᠡ ᠢᠢᠨ ᠬᠡᠮᠵᠢᠶ᠎ᠡ ᠪᠡᠨ ᠵᠢᠯ ᠪᠦᠷᠢ 100 ᠲᠡᠷᠪᠤᠮ ᠠᠮᠠ᠊᠂ ᠳ᠋ᠣᠯᠯᠠᠷ ᠪᠠᠢᠢᠭᠰᠠᠨ ᠢ 2035 ᠣᠨ ᠬᠦᠷᠲᠡᠯ᠎ᠡ ᠵᠢᠯ ᠪᠦᠷᠢ 300 ᠲᠡᠷᠪᠤᠮ ᠠᠮᠠ᠂ ᠳ᠋ᠣᠯᠯᠠᠷ ᠪᠣᠯᠭᠠᠨ ᠭᠤᠷᠪᠠ ᠳᠠᠬᠢᠨ ᠨᠡᠮᠡᠭᠳᠡᠭᠦᠯᠬᠦ ᠪᠡᠷ ᠲᠣᠬᠢᠷᠠᠯᠴᠠᠭᠠᠳ ᠪᠠᠢᠢᠨ᠎ᠠ᠃
ᠮᠣᠩ᠋ᠭᠤᠯ ᠤᠯᠤᠰ ᠳᠡᠭᠡᠷᠡᠬᠢ ᠪᠠᠭ᠎ᠠ ᠬᠤᠷᠠᠯ ᠤᠨ ᠦᠶ᠎ᠡ ᠪᠡᠷ «ᠢᠷᠡᠭᠡᠳᠦᠶ ᠢᠢᠨ ᠲᠥᠯᠦᠭᠡᠬᠢ ᠲᠣᠭᠲᠠᠪᠤᠷᠢ ᠲᠠᠢ ᠪᠡᠯᠴᠢᠭᠡᠷ᠂ ᠭᠠᠵᠠᠷ ᠤᠨ ᠠᠰᠠᠭᠤᠳᠠᠯ ᠢᠢᠠᠷ ᠬᠢ ᠣᠯᠠᠨ ᠤᠯᠤᠰ ᠤᠨ ᠡᠪᠰᠡᠯ» ᠪᠠᠢᠢᠭᠤᠯᠬᠤ ᠰᠠᠨᠠᠭᠠᠴᠢᠯᠠᠭ᠎ᠠ ᠢᠢ ᠳᠡᠯᠡᠬᠡᠶ ᠢᠢᠨ ᠤᠯᠤᠰ ᠣᠷᠤᠨ ᠨᠤᠭᠤᠳ ᠲᠤ ᠭᠠᠷᠭᠠᠭᠰᠠᠨ ᠢ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃
ᠡᠨᠡ ᠰᠠᠨᠠᠭᠠᠴᠢᠯᠠᠭ᠎ᠠ ᠳᠡᠮᠵᠢᠭᠳᠡᠨ ᠪᠠᠲᠤᠯᠠᠭᠳᠠᠪᠠᠯ ᠤᠯᠠᠮᠵᠢᠯᠠᠯᠲᠤ ᠪᠡᠯᠴᠢᠭᠡᠷ ᠦᠨ ᠠᠵᠤ ᠠᠬᠤᠶ ᠲᠠᠢ ᠳᠡᠯᠡᠬᠡᠶ ᠢᠢᠨ 100 ᠭᠠᠷᠤᠶ ᠤᠯᠤᠰ ᠣᠷᠤᠨ ᠤᠷᠤᠭᠤ ᠴᠢᠭᠯᠡᠭᠰᠡᠨ ᠬᠥᠷᠦᠩ᠋ᠭᠡ ᠣᠷᠤᠭᠤᠯᠤᠯᠲᠠ᠂ ᠰᠠᠩᠬᠦᠵᠢᠯᠲᠡ ᠨᠡᠮᠡᠭᠳᠡᠵᠦ᠂ 500 ᠣᠷᠴᠢᠮ ᠰᠠᠶ᠎ᠠ ᠬᠦᠮᠦᠨ ᠦ ᠡᠷᠡᠭᠦᠯ ᠮᠡᠨᠳᠦ᠂ ᠠᠵᠤ ᠠᠮᠢᠳᠤᠷᠠᠯ ᠢ ᠬᠠᠮᠠᠭᠠᠯᠠᠨ ᠰᠠᠢᠢᠵᠢᠷᠠᠭᠤᠯᠬᠤ ᠳᠤ ᠪᠣᠳᠠᠲᠤ ᠳᠡᠮᠵᠢᠯᠭᠡ ᠪᠣᠯᠤᠨ᠎ᠠ᠃
ᠡᠷᠬᠢᠮ ᠵᠣᠴᠢᠳ᠂ ᠲᠥᠯᠦᠭᠡᠯᠡᠭᠴᠢᠳ ᠡ᠂
ᠡᠬᠡ ᠭᠠᠵᠠᠷ ᠤᠨ ᠡᠷᠡᠰ ᠲᠡᠰ ᠠᠭᠤᠷ ᠠᠮᠢᠰᠬᠤᠯ ᠲᠠᠢ ᠮᠣᠩ᠋ᠭᠤᠯ ᠣᠷᠤᠨ ᠠᠭᠤᠷ ᠠᠮᠢᠰᠬᠤᠯ ᠤᠨ ᠥᠭᠡᠷᠡᠴᠢᠯᠡᠯᠲᠡ ᠳᠥ ᠶᠡᠬᠡ ᠪᠡᠷ ᠥᠷᠲᠦᠵᠦ ᠪᠠᠢᠢᠭ᠎ᠠ ᠤᠯᠤᠰ ᠨᠤᠭᠤᠳ ᠤᠨ ᠨᠢᠭᠡ ᠪᠢᠯᠡ᠃
ᠥᠩ᠋ᠭᠡᠷᠡᠭᠰᠡᠨ ᠡᠪᠦᠯ᠂ ᠬᠠᠪᠤᠷ ᠤᠨ ᠵᠤᠳ ᠤᠨ ᠨᠥᠬᠦᠴᠡᠯ ᠪᠠᠢᠢᠳᠠᠯ ᠠᠴᠠ ᠰᠢᠯᠲᠠᠭᠠᠯᠠᠵᠤ ᠮᠠᠯ ᠰᠦᠷᠦᠭ ᠦᠨ 10 ᠭᠠᠷᠤᠶ ᠬᠤᠪᠢ ᠪᠤᠶᠤ 8.1 ᠰᠠᠶ᠎ᠠ ᠮᠠᠯ ᠬᠣᠷᠭᠤᠳᠠᠵᠤ᠂ ᠮᠠᠯ ᠠᠵᠤ ᠠᠬᠤᠶ ᠪᠠᠷ ᠠᠮᠢᠳᠤᠷᠠᠯ ᠢᠶᠠᠨ ᠵᠠᠯᠭᠠᠭᠤᠯᠵᠤ ᠢᠷᠡᠭᠰᠡᠨ ᠮᠣᠩ᠋ᠭᠤᠯᠴᠤᠳ ᠪᠢᠳᠡᠨ ᠳᠥ ᠬᠦᠨᠳᠦ ᠪᠡᠷ ᠲᠤᠰᠤᠯ ᠠ᠃
ᠲᠡᠢᠢᠮᠦ ᠡᠴᠡ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠦᠷ᠎ᠡ ᠳ᠋ᠦᠩ ᠲᠡᠢ ᠲᠡᠮᠡᠴᠡᠬᠦ᠂ ᠣᠯᠠᠨ ᠤᠯᠤᠰ ᠤᠨ ᠡᠮᠦᠨ᠎ᠡ ᠬᠦᠯᠢᠶᠡᠭᠰᠡᠨ ᠡᠭᠦᠷᠭᠡ᠂ ᠠᠮᠠᠯᠠᠯᠲᠠ ᠪᠠᠨ ᠪᠡᠶᠡᠯᠡᠭᠦᠯᠬᠦ ᠳᠥ ᠣᠨᠴᠤᠭᠤᠶ ᠠᠩᠬᠠᠷᠴᠤ᠂ ᠰᠢᠢᠳᠮᠡᠭᠡᠶ ᠠᠷᠭ᠎ᠠ ᠬᠡᠮᠵᠢᠶ᠎ᠡ ᠠᠪᠴᠤ᠂ ᠨᠡᠢᠢᠭᠡᠮ ᠦᠨ ᠪᠦᠬᠦ ᠪᠦᠯᠦᠭ ᠢᠯᠡᠭᠦᠦ ᠨᠢᠭ᠌ᠲᠠ ᠬᠠᠮᠲᠤᠷᠠᠨ ᠠᠵᠢᠯᠯᠠᠬᠤ ᠢᠢ ᠴᠠᠭ ᠦᠶ᠎ᠡ ᠪᠢᠳᠡ ᠡᠴᠡ ᠱᠠᠭᠠᠷᠳᠠᠬᠤ ᠪᠣᠯᠤᠯ᠎ᠠ᠃
ᠮᠣᠩ᠋ᠭᠤᠯ ᠤᠯᠤᠰ ᠬᠦᠯᠡᠮᠵᠢ ᠢᠢᠨ ᠬᠡᠢ ᠢᠢᠨ ᠢᠯᠭᠠᠷᠠᠯ ᠢ 2030 ᠣᠨ ᠭᠡᠬᠦ ᠳᠥ 22.7 ᠬᠤᠪᠢ ᠪᠠᠷ ᠪᠠᠭᠤᠷᠠᠭᠤᠯᠬᠤ᠂ 2050 ᠣᠨ ᠭᠡᠬᠦ ᠳᠥ ᠬᠦᠯᠡᠮᠵᠢ ᠢᠢᠨ ᠬᠡᠢ ᠢᠢᠨ ᠢᠯᠭᠠᠷᠠᠯᠲᠠ ᠪᠠ ᠰᠢᠩ᠋ᠭᠡᠭᠡᠯᠲᠡ ᠢᠢᠨ ᠵᠥᠷᠢᠭᠦᠦ ᠢᠢ ᠲᠡᠭᠯᠡᠬᠦ ᠪᠣᠳᠤᠯᠭ᠎ᠠ᠂ ᠵᠣᠷᠢᠯᠲᠠ᠂ ᠡᠭᠦᠷᠭᠡ᠂ ᠠᠮᠠᠯᠠᠯᠲᠠ ᠢᠢ ᠣᠯᠠᠨ ᠤᠯᠤᠰ ᠤᠨ ᠡᠮᠦᠨ᠎ᠡ ᠬᠦᠯᠢᠶᠡᠭᠰᠡᠨ᠃
ᠳᠡᠭᠡᠷᠡᠬᠢ ᠡᠭᠦᠷᠭᠡ᠂ ᠠᠮᠠᠯᠠᠯᠲᠠ ᠪᠠᠨ ᠪᠦᠷᠢᠨ ᠬᠡᠷᠡᠭᠵᠢᠭᠦᠯᠬᠦ ᠳᠥ ᠮᠠᠨ ᠤ ᠤᠯᠤᠰ ᠲᠤ ᠣᠢᠢᠷᠠᠯᠴᠠᠭ᠎ᠠ ᠪᠠᠷ ᠳᠣ᠊᠂ ᠨᠡᠢᠢ᠊᠂ ᠪᠦ᠊᠂ ᠦ 50 ᠭᠠᠷᠤᠶ ᠬᠤᠪᠢ ᠲᠠᠢ ᠲᠡᠩᠴᠡᠬᠦ ᠬᠡᠮᠵᠢᠶᠡᠨ ᠦ ᠰᠠᠩᠬᠦᠵᠢᠯᠲᠡ ᠱᠠᠭᠠᠷᠳᠠᠯᠭ᠎ᠠ ᠲᠠᠢ ᠭᠡᠰᠡᠨ ᠮᠡᠷᠭᠡᠵᠢᠯ ᠦᠨ ᠦᠨᠡᠯᠡᠭᠡ ᠪᠠᠢᠢᠳᠠᠭ᠃
ᠡᠢᠢᠮᠦ ᠡᠴᠡ ᠪᠠᠢᠢᠭᠠᠯᠢ ᠣᠷᠴᠢᠨ᠂ ᠨᠣᠭᠤᠭᠠᠨ ᠬᠥᠭ᠍ᠵᠢᠯ ᠦᠨ ᠰᠠᠩᠬᠦᠵᠢᠯᠲᠡ ᠪᠡᠨ ᠨᠡᠮᠡᠭᠳᠡᠭᠦᠯᠬᠦ ᠳᠥ ᠬᠠᠤᠯᠢ ᠡᠷᠬᠡ ᠵᠦᠢ᠂ ᠪᠢᠽᠢᠨᠧᠰ ᠦᠨ ᠣᠷᠴᠢᠨ ᠤ ᠴᠣᠭᠴᠠ ᠰᠢᠨᠡᠴᠢᠯᠡᠯ ᠢᠶᠡᠨ ᠤᠯᠠᠮ ᠡᠷᠴᠢᠮᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ «ᠲᠡᠷᠪᠤᠮ ᠮᠣᠳᠤ»᠂ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ»᠂ «ᠴᠠᠭᠠᠨ ᠠᠯᠲᠠ» ᠵᠡᠷᠭᠡ ᠦᠨᠳᠦᠰᠦᠨ ᠦ ᠬᠥᠳᠡᠯᠭᠡᠭᠡᠨ ᠰᠠᠨᠠᠭᠠᠴᠢᠯᠠᠨ᠂ ᠤᠯᠤᠰ ᠣᠷᠤᠨ ᠳᠠᠶᠠᠭᠠᠷ ᠬᠡᠷᠡᠭᠵᠢᠭᠦᠯᠵᠦ᠂ ᠪᠠᠢᠢᠭᠠᠯᠢ ᠣᠷᠴᠢᠨ᠂ ᠬᠥᠳᠡᠭᠡ ᠠᠵᠤ ᠠᠬᠤᠶ᠂ ᠨᠣᠭᠤᠭᠠᠨ ᠬᠥᠭ᠍ᠵᠢᠯ ᠦᠨ ᠴᠢᠭᠯᠡᠯ ᠢᠶᠡᠷ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ᠂ ᠰᠠᠩᠬᠦᠦ᠂ ᠬᠥᠷᠦᠩ᠋ᠭᠡ ᠣᠷᠤᠭᠤᠯᠤᠯᠲᠠ ᠢᠢ ᠨᠡᠮᠡᠭᠳᠡᠭᠦᠯᠬᠦ ᠢᠢ ᠵᠣᠷᠢᠵᠤ ᠪᠠᠢᠢᠨ᠎ᠠ᠃
ᠡᠨᠡ ᠬᠦᠷᠢᠶᠡᠨ ᠳᠥ ᠢᠷᠡᠬᠦ ᠣᠨ ᠤ ᠵᠢᠷᠭᠤᠭᠠᠳ᠋ᠤᠭᠠᠷ ᠰᠠᠷ᠎ᠠ ᠳᠤ «ᠢᠯᠡᠭᠦᠦ ᠰᠠᠢᠢᠬᠠᠨ ᠢᠷᠡᠭᠡᠳᠦᠶ ᠢᠢᠨ ᠲᠥᠯᠦᠭᠡᠬᠢ ᠪᠠᠨ ᠻᠢ ᠮᠦᠨ» ᠰᠠᠩ ᠪᠣᠯᠤᠨ ᠠ᠊᠂ ᠨᠢ᠊᠂ ᠤ᠂ ᠢᠢᠨ ᠰᠲ᠋ᠠᠨ᠋ᠹᠣᠷᠳ᠋ ᠤᠨ ᠶᠡᠬᠡ ᠰᠤᠷᠭᠠᠭᠤᠯᠢ ᠲᠠᠢ ᠬᠠᠮᠲᠤᠷᠠᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ «ᠲᠡᠷᠪᠤᠮ᠂ ᠲᠡᠷᠪᠤᠮ ᠮᠣᠳᠤ – ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠨᠢ» ᠤᠷᠢᠶᠠᠨ ᠳᠣᠣᠷ᠎ᠠ «ᠠᠯᠲᠠᠶ ᠳᠠᠮᠨᠠᠭᠰᠠᠨ ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ» ᠣᠯᠠᠨ ᠤᠯᠤᠰ ᠤᠨ ᠴᠢᠭᠤᠯᠭ᠎ᠠ ᠠᠭᠤᠯᠵᠠᠯᠲᠠ ᠢᠢ ᠡᠬᠡ ᠣᠷᠤᠨ ᠳᠤ ᠪᠠᠨ ᠵᠣᠬᠢᠶᠠᠨ ᠪᠠᠢᠢᠭᠤᠯᠵᠤ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠦᠨ᠂ ᠬᠥᠷᠦᠩ᠋ᠭᠡ ᠣᠷᠤᠭᠤᠯᠤᠯᠲᠠ ᠢᠢ ᠨᠡᠮᠡᠭᠳᠡᠭᠦᠯᠬᠦ ᠪᠡᠷ ᠵᠣᠷᠢᠵᠤ ᠪᠠᠢᠢᠨ᠎ᠠ᠃
ᠮᠥᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ᠂ ᠳᠡᠮᠵᠢᠯᠭᠡ ᠲᠡᠢ ᠪᠡᠷ ᠪᠠᠢᠢᠭᠠᠯᠢ ᠬᠠᠮᠠᠭᠠᠯᠠᠯ ᠤᠨ ᠰᠠᠯᠪᠤᠷᠢ ᠳᠤ ᠰᠠᠩᠬᠦᠵᠢᠯᠲᠡ ᠢᠢᠨ ᠲᠣᠭᠲᠠᠪᠤᠷᠢ ᠲᠠᠢ ᠡᠬᠢ ᠡᠭᠦᠰᠪᠦᠷᠢ ᠪᠤᠢ ᠪᠣᠯᠭᠠᠬᠤ ᠵᠣᠷᠢᠯᠭ᠎ᠠ ᠪᠠᠷ «ᠥᠨᠢ ᠮᠥᠩᠬᠡ ᠢᠢᠨ ᠮᠣᠩ᠋ᠭᠤᠯ» ᠪᠠᠢᠢᠭᠠᠯᠢ ᠬᠠᠮᠠᠭᠠᠯᠠᠯ ᠤᠨ ᠪᠠᠢᠢᠩ᠋ᠭᠤ ᠢᠢᠨ ᠰᠠᠩᠬᠦᠵᠢᠯᠲᠡ ᠢᠢᠨ ᠲᠣᠭᠲᠠᠯᠴᠠᠭ᠎ᠠ ᠢᠢ ᠪᠦᠷᠢᠳᠦᠭᠦᠯᠵᠦ᠂ «ᠮᠣᠩ᠋ᠭᠤᠯ ᠤᠨ ᠪᠠᠢᠢᠭᠠᠯᠢ ᠢᠢᠨ ᠥᠪ ᠰᠠᠩ» ᠢᠲᠡᠭᠡᠯᠴᠡᠯ ᠦᠨ ᠰᠠᠩ ᠪᠠᠢᠢᠭᠤᠯᠤᠨ᠂ ᠣᠯᠠᠨ ᠤᠯᠤᠰ ᠤᠨ ᠬᠥᠷᠦᠩ᠋ᠭᠡ ᠣᠷᠤᠭᠤᠯᠤᠭᠴᠢᠳ ᠠᠴᠠ ᠨᠡᠢᠢᠲᠡ 70 ᠭᠠᠷᠤᠶ ᠰᠠᠶ᠎ᠠ ᠠᠮᠠ᠊᠂ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠲᠥᠪᠯᠡᠷᠡᠭᠦᠯᠦᠭᠡᠳ ᠪᠠᠢᠢᠨ᠎ᠠ᠃
ᠡᠨᠡ ᠪᠣᠯ ᠴᠢᠮᠠᠯᠠᠬᠤ ᠪᠠᠷ ᠦᠭᠡᠢ ᠲᠥᠰᠦᠪ᠂ ᠬᠥᠷᠦᠩ᠋ᠭᠡ ᠪᠥᠭᠡᠳ ᠡᠭᠦᠨ ᠢ ᠦᠷ᠎ᠡ ᠳ᠋ᠦᠩ ᠲᠡᠢ᠂ ᠬᠦᠷᠲᠡᠭᠡᠮᠵᠢ ᠲᠡᠢ ᠠᠰᠢᠭᠯᠠᠬᠤ ᠨᠢ ᠴᠢᠬᠤᠯᠠ ᠪᠠᠢᠢᠨ᠎ᠠ᠃
ᠲᠡᠭᠦᠨᠴᠢᠯᠡᠨ ᠭᠧᠷᠮᠠᠨ ᠤᠯᠤᠰ ᠤᠨ «ᠥᠪᠯᠡᠭᠳᠡᠨ ᠦᠯᠡᠳᠡᠬᠦ ᠭᠠᠵᠠᠷ ᠨᠤᠲᠤᠭ» ᠰᠠᠩ ᠤᠨ ᠳᠡᠮᠵᠢᠯᠭᠡ ᠲᠡᠢ᠂ 15 ᠰᠠᠶ᠎ᠠ ᠠᠮᠠ᠊᠂ ᠳ᠋ᠣᠯᠯᠠᠷ ᠤᠨ ᠰᠠᠩᠬᠦᠵᠢᠯᠲᠡ ᠪᠦᠬᠦᠢ «ᠴᠡᠩᠬᠡᠷ ᠲᠩᠷᠢ ᠢᠢᠨ ᠣᠷᠤᠨ – ᠣᠨᠤᠨ ᠪᠠᠯᠵᠢ ᠢᠢᠨ ᠪᠠᠢᠢᠭᠠᠯᠢ ᠢᠢᠨ ᠴᠣᠭᠴᠠᠯᠠᠪᠤᠷᠢ ᠭᠠᠵᠠᠷ» ᠲᠥᠰᠦᠯ ᠬᠡᠷᠡᠭᠵᠢᠵᠦ ᠡᠬᠢᠯᠡᠭᠡᠳ ᠪᠠᠢᠢᠨ᠎ᠠ᠃
ᠡᠳᠡᠭᠡᠷ ᠲᠥᠰᠦᠯ᠂ ᠬᠥᠲᠦᠯᠪᠦᠷᠢ ᠨᠢ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠬᠣᠮᠰᠠᠳᠠᠯ ᠢ ᠪᠠᠭᠤᠷᠠᠭᠤᠯᠬᠤ᠂ ᠣᠯᠠᠨ ᠤᠯᠤᠰ ᠤᠨ ᠡᠮᠦᠨ᠎ᠡ ᠬᠦᠯᠢᠶᠡᠭᠰᠡᠨ ᠡᠭᠦᠷᠭᠡ᠂ ᠠᠮᠠᠯᠠᠯᠲᠠ ᠪᠠᠨ ᠪᠡᠶᠡᠯᠡᠭᠦᠯᠬᠦ ᠳᠥ ᠪᠣᠳᠠᠲᠤ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠲᠥᠷᠦ ᠢᠢᠨ ᠲᠡᠷᠢᠭᠦᠨ ᠢᠲᠡᠭᠡᠯ ᠲᠡᠢ ᠪᠠᠢᠢᠨ᠎ᠠ᠃
ᠡᠭᠦᠨ ᠦ ᠵᠡᠷᠭᠡᠴᠡᠭᠡ ᠵᠠᠰᠠᠭ ᠤᠨ ᠭᠠᠵᠠᠷ ᠠᠴᠠ ᠡᠷᠴᠢᠮ ᠬᠦᠴᠦᠨ ᠦ ᠰᠢᠨᠡᠴᠢᠯᠡᠯ ᠢ ᠡᠷᠴᠢᠮᠵᠢᠭᠦᠯᠬᠦ᠂ ᠰᠡᠷᠭᠦᠭᠡᠭ᠍ᠳᠡᠬᠦ ᠡᠷᠴᠢᠮ ᠬᠦᠴᠦᠨ ᠦ ᠡᠬᠢ ᠡᠭᠦᠰᠪᠦᠷᠢ ᠨᠦᠭᠦᠳ ᠢᠶᠡᠨ ᠨᠡᠮᠡᠭᠳᠡᠭᠦᠯᠬᠦ᠂ ᠡᠷᠴᠢᠮ ᠬᠦᠴᠦᠨ ᠳᠥ ᠬᠡᠮᠨᠡᠯᠲᠡ ᠲᠡᠢ᠂ ᠨᠣᠭᠤᠭᠠᠨ ᠣᠷᠤᠨ ᠰᠠᠭᠤᠴᠠᠵᠢᠭᠤᠯᠤᠯᠲᠠ᠂ ᠨᠣᠭᠤᠭᠠᠨ ᠬᠥᠳᠡᠭᠡ ᠠᠵᠤ ᠠᠬᠤᠶ ᠢᠢ ᠬᠥᠭ᠍ᠵᠢᠭᠦᠯᠬᠦ ᠴᠢᠭᠯᠡᠯ ᠢᠶᠡᠷ ᠤᠯᠠᠮ ᠢᠳᠡᠪᠬᠢ ᠲᠡᠢ ᠠᠵᠢᠯᠯᠠᠬᠤ ᠱᠠᠭᠠᠷᠳᠠᠯᠭ᠎ᠠ ᠲᠠᠢ ᠪᠠᠢᠢᠨ᠎ᠠ᠃
ᠴᠥᠭᠡᠨ ᠦᠭᠡᠢ ᠣᠯᠤᠯᠲᠠ᠂ ᠠᠮᠵᠢᠯᠲᠠ᠂ ᠦᠷ᠎ᠡ ᠳ᠋ᠦᠩ ᠭᠠᠷᠴᠤ ᠪᠠᠢᠢᠭ᠎ᠠ ᠴᠦ ᠠᠭᠤᠷ ᠠᠮᠢᠰᠬᠤᠯ ᠤᠨ ᠥᠭᠡᠷᠡᠴᠢᠯᠡᠯᠲᠡ᠂ ᠪᠠᠢᠢᠭᠠᠯᠢ ᠣᠷᠴᠢᠨ᠂ ᠨᠣᠭᠤᠭᠠᠨ ᠬᠥᠭ᠍ᠵᠢᠯ ᠦᠨ ᠴᠢᠭᠯᠡᠯ ᠢᠢᠡᠷ ᠬᠢ ᠪᠣᠳᠤᠯᠭ᠎ᠠ᠂ ᠦᠢᠯᠡ ᠠᠵᠢᠯᠯᠠᠭ᠎ᠠ ᠪᠠᠨ ᠤᠯᠠᠮ ᠰᠠᠢᠢᠵᠢᠷᠠᠭᠤᠯᠬᠤ ᠨᠢ ᠵᠦᠢ ᠲᠡᠢ ᠶᠤᠮ᠃
ᠲᠡᠢᠢᠮᠦ ᠡᠴᠡ ᠡᠨᠡ ᠤᠳᠠᠭ᠎ᠠ ᠢᠢᠨ ᠹᠣᠷᠦᠢᠮ ᠨᠢ ᠵᠠᠰᠠᠭ ᠤᠨ ᠭᠠᠵᠠᠷ ᠨᠣᠭᠤᠭᠠᠨ ᠬᠥᠭ᠍ᠵᠢᠯ ᠦᠨ ᠴᠢᠭᠯᠡᠯ ᠢᠢᠡᠷ ᠬᠢ ᠲᠥᠰᠦᠯ᠂ ᠬᠥᠲᠦᠯᠪᠦᠷᠢ ᠨᠦᠭᠦᠳ ᠢᠶᠡᠨ ᠬᠥᠷᠦᠩ᠋ᠭᠡ ᠣᠷᠤᠭᠤᠯᠤᠭᠴᠢᠳ ᠲᠤ ᠲᠠᠨᠢᠯᠴᠠᠭᠤᠯᠬᠤ᠂ ᠪᠦᠰᠡ ᠨᠤᠲᠤᠭ᠂ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠬᠦ᠂ ᠬᠠᠷᠢᠯᠴᠠᠨ ᠣᠢᠢᠯᠠᠭᠠᠯᠴᠠᠯ ᠢ ᠪᠡᠬᠢᠵᠢᠭᠦᠯᠬᠦ᠂ ᠪᠠᠢᠢᠭᠠᠯᠢ ᠣᠷᠴᠢᠨ᠂ ᠨᠣᠭᠤᠭᠠᠨ ᠬᠥᠭ᠍ᠵᠢᠯ ᠦᠨ ᠰᠠᠩᠬᠦᠵᠢᠯᠲᠡ ᠪᠡᠨ ᠨᠡᠮᠡᠭᠳᠡᠭᠦᠯᠬᠦ ᠲᠠᠯ᠎ᠠ ᠪᠠᠷ ᠲᠤᠷᠰᠢᠯᠭ᠎ᠠ ᠪᠠᠨ ᠬᠤᠪᠢᠶᠠᠯᠴᠠᠬᠤ᠂ ᠪᠣᠳᠤᠯᠭ᠎ᠠ᠂ ᠠᠷᠭ᠎ᠠ ᠬᠡᠮᠵᠢᠶ᠎ᠡ ᠪᠡᠨ ᠤᠶᠠᠯᠳᠤᠭᠤᠯᠬᠤ ᠳᠤ ᠴᠢᠭᠯᠡᠵᠦ ᠪᠠᠢᠢᠨ᠎ᠠ᠃
ᠶᠠᠭᠤᠨ ᠤ ᠡᠮᠦᠨ᠎ᠡ ᠮᠠᠨ ᠤ ᠤᠯᠤᠰ ᠤᠨ ᠬᠤᠪᠢ ᠳᠤ ᠨᠣᠭᠤᠭᠠᠨ ᠬᠥᠭ᠍ᠵᠢᠯ ᠢ ᠡᠷᠴᠢᠮᠵᠢᠭᠦᠯᠬᠦ ᠳᠥ ᠨᠡᠢᠢᠭᠡᠮ ᠦᠨ ᠪᠦᠬᠦ ᠪᠦᠯᠦᠭ ᠦᠳ ᠦᠨ ᠬᠣᠭᠤᠷᠤᠨᠳᠤ ᠢᠢᠨ ᠪᠣᠳᠤᠯᠭ᠎ᠠ ᠵᠣᠷᠢᠯᠲᠠ᠂ ᠮᠡᠳᠡᠭᠡ ᠮᠡᠳᠡᠭᠡᠯᠡᠯ᠂ ᠬᠠᠮᠲᠤ ᠢᠢᠨ ᠠᠵᠢᠯᠯᠠᠭ᠎ᠠ ᠵᠡᠷᠭᠡ ᠣᠯᠠᠨ ᠠᠰᠠᠭᠤᠳᠠᠯ ᠳᠡᠭᠡᠷ᠎ᠡ ᠨᠢᠭᠡ ᠵᠦᠭ ᠲᠥ᠂ ᠨᠢᠭᠡ ᠴᠣᠩᠬᠤ ᠪᠠᠷ ᠬᠠᠷᠠᠬᠤ ᠡᠭᠦᠳᠡᠨ ᠡᠴᠡ ᠦᠨᠳᠦᠰᠦᠨ ᠦ ᠵᠥᠪᠰᠢᠯᠴᠡᠯ ᠪᠤᠢ ᠪᠣᠯᠭᠠᠬᠤ ᠨᠢ ᠨᠡᠩ ᠴᠢᠬᠤᠯᠠ ᠪᠠᠢᠢᠨ᠎ᠠ᠃
ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠪᠠᠢᠢᠭᠠᠯᠢ ᠣᠷᠴᠢᠨ ᠢᠶᠠᠨ ᠬᠠᠮᠠᠭᠠᠯᠠᠬᠤ ᠨᠢ ᠵᠥᠪᠬᠡᠨ ᠨᠢᠭᠡ ᠶᠠᠮᠤᠨ᠂ ᠭᠠᠭᠴᠠ ᠨᠢᠭᠡ ᠪᠠᠢᠢᠭᠤᠯᠤᠯᠭ᠎ᠠ ᠢᠢᠨ ᠠᠵᠢᠯ ᠪᠢᠰᠢ ᠶᠤᠮ᠃
ᠡᠨᠡ ᠪᠦᠬᠦ ᠶᠠᠮᠤᠨ᠂ ᠢᠨ᠋ᠰᠲ᠋ᠢᠲ᠋ᠦ᠋ᠲ᠂ ᠠᠷᠠᠳ ᠢᠷᠭᠡᠳ᠂ ᠬᠤᠪᠢ ᠢᠢᠨ ᠬᠡᠪᠰᠢᠯ᠂ ᠢᠷᠭᠡᠨ ᠦ ᠨᠡᠢᠢᠭᠡᠮ ᠦᠨ ᠪᠠᠢᠢᠭᠤᠯᠤᠯᠭ᠎ᠠ ᠵᠡᠷᠭᠡ ᠨᠡᠢᠢᠭᠡᠮ ᠦᠨ ᠪᠦᠬᠦ ᠪᠦᠯᠦᠭ ᠦᠨ ᠬᠠᠮᠲᠤ ᠢᠢᠨ ᠠᠵᠢᠯᠯᠠᠭ᠎ᠠ᠂ ᠬᠠᠷᠢᠯᠴᠠᠨ ᠣᠢᠢᠯᠠᠭᠠᠯᠴᠠᠯ᠂ ᠡᠭᠦᠷᠭᠡ᠂ ᠬᠠᠷᠢᠭᠤᠴᠠᠯᠭ᠎ᠠ ᠭᠡᠳᠡᠭ ᠢ ᠲᠥᠷᠦ ᠢᠢᠨ ᠲᠡᠷᠢᠭᠦᠨ ᠣᠨᠴᠠᠯᠠᠨ ᠲᠡᠮᠳᠡᠭᠯᠡᠵᠦ ᠪᠠᠢᠢᠨ᠎ᠠ᠃
ᠰᠡᠭᠦᠯ ᠦᠨ ᠵᠢᠯ ᠦᠳ ᠲᠥ ᠮᠠᠨ ᠤ ᠬᠤᠪᠢ ᠢᠢᠨ ᠬᠡᠪᠰᠢᠯ ᠲᠡᠭᠦᠨ ᠳᠣᠲᠤᠷ᠎ᠠ ᠪᠠᠨ ᠪᠠᠩᠻᠢ᠂ ᠰᠠᠩᠬᠦᠦ ᠢᠢᠨ ᠪᠠᠢᠢᠭᠤᠯᠤᠯᠭ᠎ᠠ ᠨᠤᠭᠤᠳ ᠨᠣᠭᠤᠭᠠᠨ ᠬᠥᠭ᠍ᠵᠢᠯ ᠢ ᠡᠷᠴᠢᠮᠵᠢᠭᠦᠯᠬᠦ᠂ ᠨᠣᠭᠤᠭᠠᠨ ᠰᠠᠩᠬᠦᠵᠢᠯᠲᠡ ᠢᠢ ᠲᠠᠲᠠᠬᠤ ᠴᠢᠭᠯᠡᠯ ᠳᠥ ᠢᠳᠡᠪᠬᠢ ᠲᠡᠢ ᠠᠵᠢᠯᠯᠠᠵᠤ ᠪᠠᠢᠢᠭ᠎ᠠ ᠨᠢ ᠰᠠᠢᠢᠰᠢᠶᠠᠯ ᠲᠠᠢ᠃
ᠣᠳᠤ ᠭᠠᠭᠴᠠ ᠬᠦ ᠲᠥᠷᠦ ᠢᠢᠨ ᠵᠦᠭ ᠡᠴᠡ ᠱᠠᠭᠠᠷᠳᠠᠯᠭ᠎ᠠ ᠲᠠᠢ ᠳᠡᠳ᠋ ᠪᠦᠲᠦᠴᠡ᠂ ᠡᠷᠬᠡ ᠵᠦᠢ ᠢᠢᠨ ᠣᠷᠴᠢᠨ᠂ ᠲᠣᠳᠤᠷᠬᠠᠶ ᠪᠣᠳᠤᠯᠭ᠎ᠠ᠂ ᠵᠣᠷᠢᠯᠲᠠ ᠪᠠᠨ ᠣᠯᠠᠨ ᠨᠡᠢᠢᠲᠡ ᠳᠥ ᠳᠡᠯᠭᠡᠷᠡᠩ᠋ᠭᠦᠶ ᠲᠠᠢᠢᠯᠪᠤᠷᠢᠯᠠᠨ ᠲᠠᠨᠢᠭᠤᠯᠬᠤ᠂ ᠬᠤᠷᠳᠤᠨ ᠰᠢᠭᠤᠷᠬᠠᠶ ᠳᠡᠮᠵᠢᠨ ᠠᠵᠢᠯᠯᠠᠬᠤ ᠨᠢ ᠴᠢᠬᠤᠯᠠ ᠪᠠᠢᠢᠨ᠎ᠠ᠃
ᠲᠤᠬᠠᠢᠢᠯᠠᠪᠠᠯ᠂ ᠬᠦᠯᠡᠮᠵᠢ ᠢᠢᠨ ᠬᠡᠢ ᠢᠢ ᠪᠠᠭᠤᠷᠠᠭᠤᠯᠬᠤ ᠳᠤ ᠨᠡᠢᠢᠭᠡᠮ᠂ ᠡᠳ᠋ ᠦᠨ ᠵᠠᠰᠠᠭ ᠤᠨ ᠰᠠᠯᠪᠤᠷᠢ ᠪᠦᠷᠶ ᠢᠢᠨ ᠬᠤᠪᠢ ᠳᠤ ᠲᠣᠳᠤᠷᠬᠠᠶ ᠲᠣᠭᠠᠴᠠᠭ᠎ᠠ ᠦᠨᠳᠦᠰᠦᠯᠡᠯ ᠲᠡᠢ᠂ ᠰᠢᠨᠵᠢᠯᠠᠬᠦ ᠤᠬᠠᠭᠠᠨᠴᠢ ᠲᠣᠭ᠎ᠠ ᠪᠣᠯᠤᠨ ᠴᠢᠨᠠᠷ ᠤᠨ ᠵᠣᠷᠢᠯᠲᠠ ᠨᠤᠭᠤᠳ ᠢ ᠨᠠᠷᠢᠨ ᠪᠣᠯᠪᠠᠰᠤᠷᠠᠭᠤᠯᠵᠤ ᠠᠷᠠᠳ ᠢᠷᠭᠡᠳ᠂ ᠪᠠᠶᠠᠯᠢᠭ ᠪᠦᠲᠦᠭᠡᠭ᠍ᠴᠢᠳ ᠲᠥ ᠰᠠᠢᠢᠲᠤᠷ ᠣᠢᠢᠯᠠᠭᠠᠭᠤᠯᠤᠨ ᠲᠠᠨᠢᠭᠤᠯᠬᠤ ᠱᠠᠭᠠᠷᠳᠠᠯᠭ᠎ᠠ ᠲᠠᠢ ᠪᠠᠢᠢᠨ᠎ᠠ᠃
ᠨᠡᠩ ᠢᠯᠠᠩ᠋ᠭᠤᠶ᠎ᠠ ᠬᠥᠳᠡᠭᠡ ᠠᠵᠤ ᠠᠬᠤᠶ᠂ ᠪᠠᠷᠢᠯᠭ᠎ᠠ᠂ ᠡᠷᠴᠢᠮ ᠬᠦᠴᠦ ᠵᠡᠷᠭᠡ ᠰᠠᠯᠪᠤᠷᠢ ᠢᠢᠨ ᠬᠤᠪᠢ ᠳᠤ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ ᠨᠠᠷᠢᠪᠴᠢᠯᠠᠭᠰᠠᠨ ᠪᠣᠳᠤᠯᠭ᠎ᠠ᠂ ᠵᠣᠷᠢᠯᠲᠠ ᠪᠠᠨ ᠣᠯᠠᠨ ᠨᠡᠢᠢᠲᠡ ᠳᠥ ᠲᠠᠨᠢᠯᠴᠠᠭᠤᠯᠬᠤ ᠨᠢ ᠵᠦᠢ ᠲᠡᠢ᠃
ᠡᠨᠡ ᠬᠦᠷᠢᠶᠡᠨ ᠳᠥ ᠠᠷᠠᠳ ᠢᠷᠭᠡᠳ᠂ ᠲᠥᠷᠦ᠂ ᠬᠤᠪᠢ ᠢᠢᠨ ᠬᠡᠪᠰᠢᠯ ᠬᠠᠮᠲᠤ ᠳᠤ ᠪᠠᠨ ᠬᠢᠵᠦ ᠬᠡᠷᠡᠭᠵᠢᠭᠦᠯᠬᠦ ᠠᠵᠢᠯ ᠤᠨ ᠲᠥᠯᠦᠪᠯᠡᠭᠡ ᠪᠡᠨ ᠨᠠᠷᠢᠪᠴᠢᠯᠠᠨ ᠪᠣᠯᠪᠠᠰᠤᠷᠠᠭᠤᠯᠵᠤ᠂ ᠬᠡᠷᠡᠭᠵᠢᠭᠦᠯᠬᠦ ᠳᠥ ᠣᠷᠤᠯᠴᠠᠭᠴᠢ ᠲᠠᠯ᠎ᠠ ᠨᠤᠭᠤᠳ ᠤᠨ ᠬᠠᠮᠲᠤ ᠢᠢᠨ ᠠᠵᠢᠯᠯᠠᠭ᠎ᠠ᠂ ᠱᠠᠭᠠᠷᠳᠠᠯᠭ᠎ᠠ ᠲᠠᠢ ᠵᠣᠬᠢᠴᠠᠭᠤᠯᠤᠯᠲᠠ᠂ ᠡᠷᠬᠡ ᠵᠦᠢ ᠢᠢᠨ ᠰᠢᠨᠡᠴᠢᠯᠡᠯ ᠦᠳ ᠢ ᠬᠢᠬᠦ ᠬᠡᠷᠡᠭ ᠲᠡᠢ᠃
ᠡᠭᠦᠨ ᠦ ᠵᠡᠷᠭᠡᠴᠡᠭᠡ ᠨᠣᠭᠤᠭᠠᠨ᠂ ᠲᠣᠭᠲᠠᠪᠤᠷᠢ ᠲᠠᠢ ᠰᠠᠩᠬᠦᠵᠢᠯᠲᠡ ᠢᠢᠨ ᠵᠠᠷᠴᠢᠮ᠂ ᠳᠡᠳ᠋ ᠪᠦᠲᠦᠴᠡ᠂ ᠠᠷᠭᠠᠴᠢᠯᠠᠯ ᠤᠳ ᠢ ᠣᠯᠠᠨ ᠤᠯᠤᠰ ᠤᠨ ᠵᠢᠱᠢᠭ ᠲᠥ ᠨᠡᠢᠢᠴᠡᠭᠦᠯᠦᠨ ᠰᠠᠢᠢᠵᠢᠷᠠᠭᠤᠯᠬᠤ᠂ ᠮᠥᠨ ᠨᠡᠭᠦᠷᠡᠰᠦᠲᠥᠷᠦᠭᠴᠢ ᠢᠢᠨ ᠲᠠᠲᠠᠪᠤᠷᠢ᠂ ᠨᠡᠭᠦᠷᠡᠰᠦᠲᠥᠷᠦᠭᠴᠢ ᠢᠢᠨ ᠵᠠᠬ᠎ᠠ ᠵᠡᠭᠡᠯᠢ ᠢᠢ ᠣᠨᠤᠪᠴᠢ ᠲᠠᠢ ᠠᠰᠢᠭᠯᠠᠬᠤ᠂ ᠬᠤᠯᠪᠤᠭᠳᠠᠬᠤ ᠡᠷᠬᠡ ᠵᠦᠢ ᠢᠢᠨ ᠣᠷᠴᠢᠨ ᠢ ᠪᠦᠷᠢᠳᠦᠭᠦᠯᠬᠦ ᠳᠥ ᠲᠥᠷᠦ ᠢᠢᠨ ᠵᠦᠭ ᠡᠴᠡ ᠣᠨᠴᠤᠭᠤᠶ ᠠᠩᠬᠠᠷᠴᠤ᠂ ᠬᠤᠷᠳᠤ ᠲᠠᠢ ᠠᠵᠢᠯᠯᠠᠬᠤ ᠱᠠᠭᠠᠷᠳᠠᠯᠭ᠎ᠠ ᠲᠠᠢ ᠪᠠᠢᠢᠨ᠎ᠠ᠃
ᠳᠡᠭᠡᠷ᠎ᠡ ᠳᠤᠷᠠᠳᠤᠭᠰᠠᠨ ᠣᠯᠠᠨ ᠲᠤᠯᠭᠠᠮᠳᠠᠭᠰᠠᠨ ᠠᠰᠠᠭᠤᠳᠠᠯ ᠤᠳ ᠤᠨ ᠲᠠᠯ᠎ᠠ ᠪᠠᠷ ᠥᠨᠦᠳᠦᠷ ᠦᠨ ᠡᠨᠡᠬᠦ ᠹᠣᠷᠦᠢᠮ ᠢᠶᠠᠷ ᠲᠠ ᠪᠦᠬᠦᠨ ᠢᠯᠡᠨ ᠳᠠᠯᠠᠨ ᠦᠭᠡᠢ ᠶᠠᠷᠢᠯᠴᠠᠵᠤ᠂ ᠠᠵᠢᠯ ᠬᠡᠷᠡᠭᠴᠢ ᠰᠠᠨᠠᠯ᠂ ᠰᠠᠨᠠᠭᠠᠴᠢᠯᠠᠭ᠎ᠠ ᠭᠠᠷᠭᠠᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃
ᠡᠷᠬᠢᠮ ᠵᠣᠴᠢᠳ᠂ ᠲᠥᠯᠦᠭᠡᠯᠡᠭᠴᠢᠳ ᠡ᠂
ᠬᠦᠮᠦᠨ ᠲᠥᠷᠦᠯᠬᠢᠲᠡᠨ ᠦ ᠰᠠᠢᠢᠨ ᠰᠠᠢᠢᠬᠠᠨ ᠠᠮᠢᠳᠤᠷᠠᠯ ᠢ ᠲᠡᠳᠬᠦᠬᠦ ᠡᠬᠢ ᠤᠨᠳᠤᠷᠭ᠎ᠠ ᠨᠢ ᠴᠡᠪᠡᠷ ᠠᠭᠠᠷ᠂ ᠴᠡᠩ᠋ᠭᠡᠭ ᠤᠰᠤ᠂ ᠠᠷᠢᠭᠤᠨ ᠳᠠᠭᠰᠢᠨ ᠬᠥᠷᠦᠰᠦ ᠰᠢᠷᠤᠶ ᠪᠢᠯᠡ᠃
ᠪᠠᠢᠢᠭᠠᠯᠢ ᠡᠬᠡ ᠪᠡᠨ ᠬᠠᠢᠢᠷᠠᠯᠠᠨ ᠬᠠᠮᠠᠭᠠᠯᠠᠬᠤ ᠠᠰᠠᠭᠤᠳᠠᠯ ᠪᠣᠯ ᠬᠦᠮᠦᠨ ᠲᠥᠷᠦᠯᠬᠢᠲᠡᠨ ᠦ ᠲᠣᠭᠲᠠᠪᠤᠷᠢ ᠲᠠᠢ ᠬᠥᠭ᠍ᠵᠢᠯ ᠦᠨ ᠦᠨᠳᠦᠰᠦ ᠰᠠᠭᠤᠷᠢ ᠶᠤᠮ᠃
ᠲᠡᠢᠢᠮᠦ ᠡᠴᠡ ᠡᠬᠡ ᠳᠡᠯᠡᠬᠡᠶ ᠪᠡᠨ ᠬᠠᠮᠠᠭᠠᠯᠠᠬᠤ ᠳᠤ ᠬᠦᠮᠦᠨ ᠲᠥᠷᠦᠯᠬᠢᠲᠡᠨ ᠴᠠᠭ ᠬᠤᠭᠤᠴᠠᠭ᠎ᠠ ᠠᠯᠳᠠᠬᠤ ᠡᠷᠬᠡ ᠦᠭᠡᠢ᠃
ᠪᠠᠢᠢᠭᠠᠯᠢ ᠡᠬᠡ ᠪᠡᠨ ᠬᠠᠢᠢᠷᠠᠯᠠᠨ ᠬᠠᠮᠠᠭᠠᠯᠠᠬᠤ ᠠᠰᠠᠭᠤᠳᠠᠯ ᠪᠣᠯ ᠰᠣᠩ᠋ᠭᠤᠯᠲᠠ ᠪᠢᠰᠢ᠂ ᠬᠠᠷᠢᠨ ᠬᠦᠮᠦᠨ ᠲᠥᠷᠦᠯᠬᠢᠲᠡᠨ ᠦ ᠡᠬᠡ ᠳᠡᠯᠡᠬᠡᠶ ᠢᠢᠨ ᠢᠢᠡᠨ ᠡᠮᠦᠨ᠎ᠡ ᠬᠦᠯᠢᠶᠡᠭᠰᠡᠨ ᠡᠭᠦᠷᠭᠡ᠂ ᠬᠠᠷᠢᠭᠤᠴᠠᠯᠭ᠎ᠠ ᠶᠤᠮ᠃
ᠪᠠᠢᠢᠭᠠᠯᠢ ᠣᠷᠴᠢᠨ᠂ ᠨᠣᠭᠤᠭᠠᠨ ᠬᠥᠭ᠍ᠵᠢᠯ ᠦᠨ ᠰᠠᠩᠬᠦᠵᠢᠯᠲᠡ ᠪᠣᠯ ᠶᠠᠮᠠᠷ ᠨᠢᠭᠡᠨ ᠲᠤᠰᠠᠯᠠᠮᠵᠢ ᠪᠢᠰᠢ᠂ ᠡᠨᠡ ᠪᠣᠯ ᠦᠷ᠎ᠡ ᠬᠣᠢᠢᠴᠢ ᠳᠤ ᠪᠠᠨ ᠲᠠ ᠪᠢᠳᠡᠨ ᠦ ᠬᠢᠵᠦ ᠪᠤᠢ ᠬᠠᠮᠤᠭ ᠤᠨ ᠴᠢᠬᠤᠯᠠ ᠬᠥᠷᠦᠩ᠋ᠭᠡ ᠣᠷᠤᠭᠤᠯᠤᠯᠲᠠ ᠶᠤᠮ᠃
ᠲᠡᠢᠢᠮᠦ ᠡᠴᠡ ᠨᠣᠭᠤᠭᠠᠨ ᠬᠥᠭ᠍ᠵᠢᠯ ᠦᠨ ᠲᠥᠯᠦᠭᠡ ᠮᠣᠩ᠋ᠭᠤᠯᠴᠤᠳ ᠪᠢᠳᠡ ᠨᠢᠭᠡ ᠵᠦᠭ ᠬᠠᠷᠠᠵᠤ᠂ ᠨᠢᠭᠡᠳᠦᠮᠡᠯ ᠰᠠᠨᠠᠭ᠎ᠠ ᠪᠣᠳᠤᠯ ᠲᠠᠢ ᠬᠠᠮᠲᠤᠷᠠᠨ ᠠᠵᠢᠯᠯᠠᠵᠤ᠂ ᠦᠷ᠎ᠡ ᠳ᠋ᠦᠩ ᠲᠡᠢ᠂ ᠵᠣᠷᠢᠮᠠᠭ ᠰᠢᠢᠳᠪᠦᠷᠢ ᠨᠦᠭᠦᠳ ᠢ ᠴᠠᠭ ᠠᠯᠳᠠᠯ ᠦᠭᠡᠢ ᠭᠠᠷᠭᠠᠨ ᠬᠡᠷᠡᠭᠵᠢᠭᠦᠯᠴᠡᠭᠡᠶ ᠡ᠃
ᠮᠥᠩᠬᠡ ᠬᠥᠬᠡ ᠲᠩᠷᠢ ᠬᠦᠮᠦᠨ ᠲᠥᠷᠦᠯᠬᠢᠲᠡᠨ ᠪᠢᠳᠡᠨ ᠢ ᠥᠨᠢ ᠮᠥᠩᠬᠡ ᠳᠥ ᠢᠪᠡᠭᠡᠵᠦ᠂ ᠳᠠᠶᠠᠩ ᠳᠡᠯᠡᠬᠡᠶ ᠠᠮᠤᠷ ᠠᠮᠤᠭᠤᠯᠠᠩ ᠪᠠᠢᠢᠬᠤ ᠪᠣᠯᠲᠤᠭᠠᠶ᠃
ᠹᠣᠷᠦᠢᠮ ᠤᠨ ᠦᠢᠯᠡ ᠠᠵᠢᠯᠯᠠᠭᠠᠨ ᠳᠤ ᠠᠮᠵᠢᠯᠲᠠ ᠬᠦᠰᠡᠶ ᠡ᠃