ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠲᠦᠷᠻ ᠤᠯᠤᠰ ᠤᠨ ᠶᠡᠷᠦᠩᠬᠡᠢᠢᠯᠡᠭᠴᠢ ᠷᠧᠵᠧᠫ ᠲᠠᠶᠢᠫ ᠡᠷᠳᠣᠸᠠᠨ ᠤ ᠤᠷᠢᠯᠭ᠎ᠠ ᠪᠠᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠠᠨ᠋ᠻᠠᠷᠠ ᠬᠣᠲᠠᠨ᠎ᠠ ᠬᠦᠷᠦᠯᠴᠡᠨ ᠢᠷᠡᠯ᠎ᠡ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠷᠭᠡᠶ ᠯᠤᠪᠰᠠᠩᠳᠣᠷᠵᠢ ᠢᠢᠨ ᠪᠣᠯᠤᠷᠴᠡᠴᠡᠭ ᠪᠣᠯᠤᠨ ᠳᠠᠭᠠᠯᠳᠤᠨ ᠶᠠᠪᠤᠭ᠎ᠠ ᠲᠥᠯᠦᠭᠡᠯᠡᠭᠴᠢᠳ ᠢ ᠠᠨ᠋ᠻᠠᠷᠠ ᠬᠣᠲᠠ ᠢᠢᠨ «ᠧᠰᠧᠨ᠋ᠪᠣᠭᠠ» ᠣᠯᠠᠨ ᠤᠯᠤᠰ ᠤᠨ ᠨᠢᠰᠬᠦ ᠪᠠᠭᠤᠳᠠᠯ ᠳᠤ ᠪᠦᠭᠦᠳᠡ ᠨᠠᠢᠢᠷᠠᠮᠳᠠᠬᠤ ᠲᠦᠷᠻ ᠤᠯᠤᠰ ᠤᠨ ᠳᠣᠲᠤᠭᠠᠳᠤ ᠬᠡᠷᠡᠭ ᠦᠨ ᠰᠠᠢᠢᠳ ᠠᠯᠢ ᠶᠧᠷᠯᠢᠻᠠᠶ ᠠ᠂ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠲᠦᠷᠻ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭ᠂ ᠮᠥᠩᠬᠡᠪᠠᠶᠠᠷ ᠨᠠᠷ ᠤᠭᠲᠤᠯ᠎ᠠ᠃
ᠡᠨᠡ ᠤᠳᠠᠭ᠎ᠠ ᠢᠢᠨ ᠠᠢᠢᠯᠴᠢᠯᠠᠯ ᠨᠢ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠭ᠎ᠠ ᠪᠥᠭᠡᠳ ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠲᠦᠷᠻ ᠤᠯᠤᠰ ᠲᠤ 21 ᠵᠢᠯ ᠦᠨ ᠳᠠᠷᠠᠭ᠎ᠠ ᠠᠢᠢᠯᠴᠢᠯᠠᠵᠤ ᠪᠠᠢᠢᠨ᠎ᠠ᠃
ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠶᠡᠷᠦᠩᠬᠡᠢᠢᠯᠡᠭᠴᠢ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠨ᠎ᠡ᠃
ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ «ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ»᠂ «ᠵᠠᠯᠠᠭᠤᠴᠤᠳ᠂ ᠰᠫᠣᠷᠲ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ»᠂ «ᠡᠷᠡᠭᠦᠯ ᠮᠡᠨᠳᠦ᠂ ᠠᠨᠠᠭᠠᠬᠤ ᠢᠢᠨ ᠰᠢᠨᠵᠢᠯᠡᠬᠦ ᠤᠬᠠᠭᠠᠨ ᠤ ᠰᠠᠯᠪᠤᠷ ᠳᠤ ᠬᠠᠮᠲᠤᠷᠠᠨ ᠠᠵᠢᠯᠯᠠᠬᠤ ᠲᠤᠬᠠᠶ» ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠪᠣᠯᠤᠨ ᠪᠠᠢᠢᠭᠠᠯᠢ ᠣᠷᠴᠢᠨ᠂ ᠠᠭᠤᠯᠠ ᠠᠭᠤᠷᠬᠠᠶ᠂ ᠵᠠᠮ᠂ ᠲᠡᠭᠡᠭᠡᠪᠦᠷᠢ᠂ ᠳᠡᠳ᠋ ᠪᠦᠲᠦᠴᠡ᠂ ᠣᠢ ᠢᠢᠨ ᠠᠵᠤ ᠠᠬᠤᠶ᠂ ᠬᠠᠤᠯᠢ᠂ ᠡᠷᠬᠡ ᠵᠦᠢ ᠵᠡᠷᠭᠡ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ 10 ᠭᠠᠷᠤᠶ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃
ᠬᠣᠶᠠᠷ ᠤᠯᠤᠰ 1969 ᠣᠨ ᠤ 06 ᠳ᠋ᠤᠭᠠᠷ ᠰᠠᠷ᠎ᠠ ᠢᠢᠨ 24 ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠵᠤ᠂ 1996 ᠣᠨ ᠳᠤ ᠤᠯᠠᠭᠠᠨᠪᠠᠭᠠᠲᠤᠷ ᠬᠣᠲᠠ ᠳᠤ᠂ 1997 ᠣᠨ ᠳᠤ ᠠᠨ᠋ᠻᠠᠷᠠ ᠬᠣᠲᠠ ᠳᠤ ᠲᠤᠰ ᠲᠤᠰ ᠡᠯᠴᠢᠨ ᠰᠠᠢᠢᠳ ᠤᠨ ᠶᠠᠮᠤᠨ ᠢᠶᠠᠨ ᠨᠡᠭᠡᠭᠡᠭ᠍ᠰᠡᠨ᠃
ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠲᠦᠷᠻ ᠤᠯᠤᠰ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠲᠠᠢ ᠪᠥᠭᠡᠳ 1998᠂ 2004 ᠣᠨ ᠳᠤ ᠶᠡᠷᠦᠩᠬᠡᠢᠢᠯᠡᠭᠴᠢ ᠨᠠ᠊᠂ ᠪᠠᠭᠠᠪᠠᠨᠳᠢ ᠪᠦᠭᠦᠳᠡ ᠨᠠᠢᠢᠷᠠᠮᠳᠠᠬᠤ ᠲᠦᠷᠻ ᠤᠯᠤᠰ ᠲᠤ᠂ ᠲᠦᠷᠻ ᠤᠨ ᠲᠠᠯ᠎ᠠ ᠠᠴᠠ 1995 ᠣᠨ ᠳᠤ ᠶᠡᠷᠦᠩᠬᠡᠢᠢᠯᠡᠭᠴᠢ ᠰᠦ᠊᠂ ᠳ᠋ᠧᠮᠢᠷᠧᠯ᠂ 2002 ᠣᠨ ᠳᠤ ᠶᠡᠷᠦᠩᠬᠡᠢᠢᠯᠡᠭᠴᠢ ᠠ᠊᠂ ᠨᠧ᠊᠂ ᠰᠧᠽᠧᠷ ᠮᠣᠩ᠋ᠭᠤᠯ ᠤᠯᠤᠰ ᠲᠤ ᠠᠢᠢᠯᠴᠢᠯᠠᠵᠤ ᠪᠠᠢᠢᠵᠡᠢ᠃