ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠲᠦᠷᠻ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠶᠡᠷᠦᠩᠬᠡᠢᠢᠯᠡᠭᠴᠢ ᠤ᠂ ᠬᠦᠷᠡᠯᠰᠦ᠋ᠬᠡ᠂ ᠭᠡᠷᠭᠡᠶ ᠯᠤ᠊᠂ ᠪᠣᠯᠤᠷᠴᠡᠴᠡᠭ ᠪᠣᠯᠤᠨ ᠳᠠᠭᠠᠯᠳᠤᠨ ᠶᠠᠪᠤᠭ᠎ᠠ ᠲᠥᠯᠦᠭᠡᠯᠡᠭᠴᠢᠳ ᠦᠨ ᠬᠠᠮᠲᠤ « ᠠᠲ᠋ᠠᠲ᠋ᠦ᠋ᠷᠻ ᠦᠨ ᠪᠤᠩᠬᠤᠨ ᠴᠣᠭᠴᠠᠯᠠᠪᠤᠷᠢ» ᠳᠤ ᠴᠡᠴᠡᠭ ᠡᠷᠭᠦᠵᠦ᠂ ᠬᠦᠨᠳᠦᠳᠬᠡᠯ ᠦᠵᠡᠭᠦᠯᠦᠯ᠎ᠡ᠃
ᠡᠨᠡ ᠴᠣᠭᠴᠠᠯᠠᠪᠤᠷᠢ ᠳᠤ ᠪᠦᠭᠦᠳᠡ ᠨᠠᠢᠢᠷᠠᠮᠳᠠᠬᠤ ᠤᠯᠤᠰ ᠢ ᠦᠨᠳᠦᠰᠦᠯᠡᠭᠴᠢ᠂ ᠲᠤᠰᠠᠭᠠᠷ ᠲᠣᠭᠲᠠᠨᠢᠯ ᠤᠨ ᠲᠥᠯᠦᠭᠡᠬᠢ ᠳᠠᠢᠢᠨ ᠤ ᠤᠳᠤᠷᠢᠳᠤᠭᠴᠢ᠂ ᠠᠩᠬᠠᠨ ᠤ ᠶᠡᠷᠦᠩᠬᠡᠢᠢᠯᠡᠭᠴᠢ ᠮᠦᠰᠲ᠋ᠠᠹᠠ ᠻᠧᠮᠠᠯ ᠠᠲ᠋ᠠᠲ᠋ᠦ᠋ᠷᠻ ᠦᠨ ᠪᠤᠩᠬᠤᠨ ᠪᠠᠢᠢᠷᠢᠯᠠᠳᠠᠭ᠃
ᠲᠤᠰ ᠤᠯᠤᠰ ᠲᠤ ᠠᠢᠢᠯᠴᠢᠯᠠᠵᠤ ᠪᠤᠢ ᠭᠠᠳᠠᠭᠠᠳᠤ ᠢᠢᠨ ᠳᠡᠭᠡᠳᠦ᠂ ᠥᠨᠳᠦᠷ ᠲᠥᠪᠰᠢᠨ ᠦ ᠵᠣᠴᠢᠳ᠂ ᠲᠥᠯᠦᠭᠡᠯᠡᠭᠴᠢᠳ ᠪᠣᠯᠤᠨ ᠭᠠᠳᠠᠭᠠᠳᠤ ᠣᠷᠤᠨ ᠨᠤᠭᠤᠳ ᠠᠴᠠ ᠲᠣᠮᠢᠯᠠᠭᠳᠠᠭᠰᠠᠨ ᠡᠯᠴᠢᠨ ᠰᠠᠢᠢᠳ ᠨᠠᠷ ᠴᠣᠭᠴᠠᠯᠠᠪᠤᠷᠢ ᠳᠤ ᠴᠡᠴᠡᠭ ᠡᠷᠭᠦᠵᠦ᠂ ᠬᠦᠨᠳᠦᠳᠬᠡᠯ ᠦᠵᠡᠭᠦᠯᠳᠡᠭ ᠶᠤᠮ᠃
ᠶᠡᠷᠦᠩᠬᠡᠢᠢᠯᠡᠭᠴᠢ ᠮᠥᠨ ᠲᠤᠰ ᠴᠣᠭᠴᠠᠯᠠᠪᠤᠷᠢ ᠢᠢᠨ ᠬᠦᠨᠳᠦᠲᠦ ᠵᠣᠴᠢᠨ ᠤ ᠳᠡᠪᠲᠡᠷ ᠲᠥ «ᠤᠯᠤᠰ ᠡᠬᠡ ᠣᠷᠤᠨ ᠢᠢᠠᠨ ᠰᠡᠷᠭᠦᠭᠡᠨ ᠴᠣᠭᠴᠠᠯᠠᠭᠠᠵᠤ᠂ ᠣᠷᠴᠢᠨ ᠦᠶ᠎ᠡ ᠢᠢᠨ ᠬᠥᠭ᠍ᠵᠢᠯ ᠳᠡᠪᠰᠢᠯ ᠦᠨ ᠪᠠᠲᠤ ᠪᠡᠬᠢ ᠰᠠᠭᠤᠷᠢ ᠢᠢ ᠲᠠᠯᠪᠢᠵᠤ᠂ ᠠᠷᠠᠳ ᠢᠷᠭᠡᠳ ᠦᠨ ᠢᠢᠡᠨ ᠢᠲᠡᠭᠡᠯ ᠨᠠᠢᠢᠳᠠᠪᠤᠷᠢ᠂ ᠬᠠᠢᠢᠷ᠎ᠠ ᠬᠦᠨᠳᠦᠳᠬᠡᠯ ᠢ ᠬᠦᠯᠢᠶᠡᠭᠰᠡᠨ ᠪᠦᠭᠦᠳᠡ ᠨᠠᠢᠢᠷᠠᠮᠳᠠᠬᠤ ᠲᠦᠷᠻ ᠤᠯᠤᠰ ᠤᠨ ᠶᠡᠷᠦᠩᠬᠡᠢᠢᠯᠡᠭᠴᠢ᠂ ᠲᠤᠰᠠᠭᠠᠷ ᠲᠣᠭᠲᠠᠨᠢᠯ᠂ ᠡᠩᠬᠡ ᠲᠠᠢᠢᠪᠤᠩ᠂ ᠰᠢᠳᠤᠷᠭᠤ ᠶᠣᠰᠤᠨ ᠤ ᠲᠥᠯᠦᠭᠡ ᠲᠤᠭᠤᠰᠢᠲᠠᠢ ᠲᠡᠮᠡᠴᠡᠭᠴᠢ᠂ ᠠᠩᠬᠠᠨ ᠤ ᠶᠡᠷᠦᠩᠬᠡᠢᠢᠯᠡᠭᠴᠢ ᠮᠦᠰᠲ᠋ᠠᠹᠠ ᠻᠧᠮᠠᠯ ᠠᠲ᠋ᠠᠲ᠋ᠦ᠋ᠷᠻ ᠦᠨ ᠬᠢᠴᠢᠢᠡᠯ ᠵᠢᠳᠬᠦᠯ᠂ ᠠᠯᠳᠠᠷ ᠭᠠᠪᠢᠢᠠ᠂ ᠦᠯᠡᠳᠡᠭᠡᠭ᠍ᠰᠡᠨ ᠦᠨᠡᠲᠦ ᠥᠪ᠂ ᠦᠵᠡᠯ ᠰᠠᠨᠠᠭ᠎ᠠ ᠢᠢ ᠬᠦᠨᠳᠦᠳᠬᠡᠨ ᠪᠠᠬᠠᠷᠬᠠᠵᠤ ᠪᠠᠢᠢᠨ᠎ᠠ᠃
ᠮᠣᠩ᠋ᠭᠤᠯ᠂ ᠲᠦᠷᠻ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 55 ᠵᠢᠯ ᠦᠨ ᠣᠢ ᠢᠢᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠪᠦᠭᠦᠳᠡ ᠨᠠᠢᠢᠷᠠᠮᠳᠠᠬᠤ ᠲᠦᠷᠻ ᠤᠯᠤᠰ ᠲᠤ ᠲᠥᠷᠦ ᠢᠢᠨ ᠠᠢᠢᠯᠴᠢᠯᠠᠯ ᠬᠢᠵᠦ᠂ ᠮᠠᠨ ᠤ ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠲᠤᠩᠬᠠᠭᠯᠠᠨ ᠵᠠᠷᠯᠠᠵᠤ ᠪᠠᠢᠢᠭᠠᠳ ᠪᠠᠶᠠᠷ ᠲᠠᠢ ᠪᠠᠢᠢᠨ᠎ᠠ᠃
ᠮᠣᠩ᠋ᠭᠤᠯᠴᠤᠳ ᠪᠢᠳᠡᠨ ᠦ ᠡᠪᠦᠭᠡ ᠳᠡᠭᠡᠳᠦᠰ᠂ ᠶᠡᠬᠡ ᠡᠵᠡᠨ ᠴᠢᠩᠬᠢᠰ ᠬᠠᠭᠠᠨ ᠪᠣᠯᠤᠨ ᠲᠡᠭᠦᠨ ᠦ ᠵᠠᠯᠭᠠᠮᠵᠢᠯᠠᠭᠴᠢᠳ ᠮᠣᠩ᠋ᠭᠤᠯ ᠤᠨ ᠶᠡᠬᠡ ᠠᠮᠤᠷ ᠠᠮᠤᠭᠤᠯᠠᠩ ᠢ ᠳᠡᠯᠡᠬᠡᠶ ᠳᠠᠬᠢᠨ ᠳᠤ ᠲᠣᠭᠲᠠᠭᠠᠵᠤ ᠪᠠᠢᠢᠭᠰᠠᠨᠴᠢᠯᠠᠨ ᠳᠡᠯᠡᠬᠡᠢ ᠢᠢᠨ ᠤᠯᠤᠰ ᠣᠷᠤᠨ ᠨᠤᠭᠤᠳ ᠠᠮᠤᠷ ᠠᠮᠤᠭᠤᠯᠠᠩ᠂ ᠵᠡᠷᠭᠡᠴᠡᠨ ᠣᠷᠤᠰᠢᠵᠤ᠂ ᠮᠠᠨ ᠤ ᠬᠣᠶᠠᠷ ᠣᠷᠤᠨ ᠤ ᠠᠬ᠎ᠠ ᠳᠡᠭᠦᠰ ᠦᠨ ᠲᠡᠦᠬᠡᠨ ᠤᠯᠠᠮᠵᠢᠯᠠᠯᠲᠤ ᠬᠠᠷᠢᠯᠴᠠᠭ᠎ᠠ ᠥᠨᠢ ᠮᠥᠩᠬᠡ ᠮᠠᠨᠳᠤᠨ ᠪᠠᠳᠠᠷᠠᠬᠤ ᠪᠣᠯᠲᠤᠭᠠᠢ» ᠬᠡᠮᠡᠨ ᠤᠢᠢᠭᠤᠷᠵᠢᠨ ᠮᠣᠩ᠋ᠭᠤᠯ ᠪᠢᠴᠢᠭ᠌ ᠢᠢᠡᠷ ᠳᠤᠷᠠᠰᠬᠠᠯ ᠤᠨ ᠦᠭᠡ ᠪᠢᠴᠢᠵᠦ᠂ ᠭᠠᠷ ᠤᠨ ᠦᠰᠦᠭ ᠢᠢᠡᠨ ᠵᠢᠷᠤᠯ᠎ᠠ᠃
750 ᠮᠢᠩ᠋ᠭᠠᠨ ᠠᠮᠠ ᠳᠥᠷᠪᠡᠯᠵᠢᠨ ᠲᠠᠯᠠᠪᠠᠢ ᠲᠠᠢ ᠴᠣᠭᠴᠠᠯᠠᠪᠤᠷᠢ ᠢᠢ 1944 ᠣᠨ ᠠᠴᠠ ᠪᠠᠷᠢᠵᠤ 1953 ᠣᠨ ᠳᠤ ᠠᠰᠢᠭᠯᠠᠯᠲᠠ ᠳᠤ ᠣᠷᠤᠭᠤᠯᠠᠭᠰᠠᠨ ᠪᠠᠢᠢᠨ᠎ᠠ᠃ ᠴᠣᠭᠴᠠᠯᠠᠪᠤᠷᠢ ᠨᠢ ᠪᠤᠩᠬᠤᠨ ᠪᠦᠬᠦᠢ ᠦᠨᠳᠦᠰᠦᠨ ᠪᠠᠷᠢᠯᠭ᠎ᠠ᠂ ᠠᠲ᠋ᠠ᠋ᠲ᠋ᠦ᠋ᠷᠻ ᠪᠣᠯᠤᠨ ᠴᠢᠯᠦᠭᠡᠯᠡᠬᠦ ᠳᠠᠢᠢᠨ ᠤ ᠮᠦᠽᠧᠶ᠂ ᠨᠣᠮ ᠤᠨ ᠰᠠᠩ᠂ ᠶᠣᠰᠤᠯᠠᠯ ᠤᠨ ᠲᠠᠯᠠᠪᠠᠢ᠂ ᠠᠷᠰᠯᠠᠨ ᠲᠠᠢ ᠵᠠᠮ᠂ 104 ᠲᠥᠷᠦᠯ ᠦᠨ 50 ᠮᠢᠩ᠋ᠭ᠎ᠠ ᠭᠠᠷᠤᠶ ᠮᠣᠳᠤ᠂ ᠤᠷᠭᠤᠮᠠᠯ ᠲᠠᠢ ᠡᠩᠬᠡ ᠲᠠᠢᠢᠪᠤᠩ ᠤᠨ ᠴᠡᠴᠡᠷᠯᠢᠭ ᠡᠴᠡ ᠪᠦᠷᠢᠳᠳᠡᠭ᠃
ᠶᠣᠰᠤᠯᠠᠯ ᠤᠨ ᠲᠠᠯᠠᠪᠠᠢ ᠳᠤ ᠨᠢ ᠠᠷᠠᠳ ᠢᠷᠭᠡᠳ ᠦᠨᠳᠦᠰᠦᠨ ᠦ ᠪᠠᠶᠠᠷ ᠶᠣᠰᠤᠯᠠᠯ ᠤᠨ ᠡᠳᠦᠷ ᠦᠳ ᠢᠢᠡᠨ ᠲᠡᠮᠳᠡᠭᠯᠡᠳᠡᠭ ᠤᠯᠠᠮᠵᠢᠯᠠᠯ ᠲᠠᠢ ᠶᠤᠮ᠃
ᠲᠦᠷᠻ ᠤᠨ ᠬᠤᠪᠢᠰᠬᠠᠯ ᠤᠨ ᠡᠴᠢᠭᠡ ᠭᠡᠭ᠍ᠳᠡᠳᠡᠭ ᠮᠦᠰᠲ᠋ᠠᠹᠠ ᠻᠧᠮᠠᠯ ᠠᠲ᠋ᠠᠲ᠋ᠦ᠋ᠷᠻ ᠨᠢ ᠰᠢᠨ᠎ᠡ ᠦᠨᠳᠦᠰᠦᠨ ᠬᠠᠤᠯᠢ ᠢᠢ ᠪᠠᠲᠤᠯᠠᠭᠤᠯᠵᠤ᠂ ᠥᠷᠦᠨᠡᠳᠦ ᠢᠢᠨ ᠪᠣᠯᠤᠨ ᠧᠦ᠋ᠷᠣᠫᠠ ᠢᠢᠨ ᠵᠢᠱᠢᠭ ᠪᠦᠬᠦᠢ ᠬᠠᠤᠯᠢ ᠲᠣᠭᠲᠠᠭᠠᠮᠵᠢ ᠪᠣᠯᠪᠠᠰᠤᠷᠠᠭᠤᠯᠠᠭᠰᠠᠨ ᠠᠴᠠ ᠭᠠᠳᠠᠨ᠎ᠠ ᠱᠠᠰᠢᠨ᠂ ᠲᠥᠷᠦ ᠢᠢ ᠲᠤᠰᠠᠭᠠᠷᠯᠠᠵᠤ᠂ ᠡᠮᠡᠭᠲᠡᠢᠢᠴᠦᠳ ᠦᠨ ᠭᠢᠪᠯᠡᠭᠦᠷ ᠢ ᠬᠠᠯᠠᠬᠤ᠂ ᠠᠷᠠᠪ ᠪᠢᠴᠢᠭ᠌ ᠢ ᠯᠠᠲ᠋ᠢᠨ ᠦᠰᠦᠭ ᠢᠢᠡᠷ ᠣᠷᠤᠯᠠᠭᠤᠯᠬᠤ ᠵᠡᠷᠭᠡ ᠪᠡᠷ ᠡᠷᠡᠰ ᠰᠢᠨᠡᠴᠢᠯᠡᠯ ᠬᠢᠵᠡᠢ᠃