Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ᠂ ᠲᠦᠷᠻ ᠤᠨ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ᠂ ᠰᠲ᠋ᠷᠠᠲ᠋ᠧᠭᠢ ᠢᠢᠨ ᠲᠦᠩᠰᠢᠯᠡᠯ ᠳᠥ ᠬᠦᠷᠭᠡᠯ᠎ᠡ

ᠪᠦᠭᠦᠳᠡ ᠨᠠᠢᠢᠷᠠᠮᠳᠠᠬᠤ ᠲᠦᠷᠻ ᠤᠯᠤᠰ ᠤᠨ ᠶᠡᠷᠦᠩᠬᠡᠢᠢᠯᠡᠭᠴᠢ ᠷᠧᠵᠧᠫ ᠲᠠᠢᠢᠫ ᠡᠷᠳᠣᠸᠠᠨ ᠤ ᠤᠷᠢᠯᠭ᠎ᠠ ᠪᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠲᠠᠯ᠎ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠵᠣᠷᠢᠯᠭ᠎ᠠ ᠪᠠᠷ ᠬᠣᠶᠠᠷ ᠤᠯᠤᠰ ᠪᠣᠯᠤᠨ ᠵᠠᠰᠠᠭ ᠤᠨ ᠭᠠᠵᠠᠷ᠂ ᠪᠠᠢᠢᠭᠤᠯᠤᠯᠭ᠎ᠠ ᠬᠣᠭᠤᠷᠤᠨᠳᠤ ᠢᠢᠨ ᠨᠡᠢᠢᠲᠡ 11 ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

• «ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠲᠦᠷᠻ ᠤᠯᠤᠰ ᠬᠣᠭᠤᠷᠤᠨᠳᠤ ᠰᠲ᠋ᠷᠠᠲ᠋ᠧᠭᠢ ᠢᠢᠨ ᠲᠦᠩᠰᠢᠯᠡᠯ ᠲᠣᠭᠲᠠᠭᠠᠭᠰᠠᠨ ᠲᠤᠬᠠᠶ ᠬᠠᠮᠲᠤᠷᠠᠭᠰᠠᠨ ᠲᠤᠩᠬᠠᠭᠯᠠᠯ» ᠳ᠋ᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠶᠡᠷᠦᠩᠬᠡᠢᠢᠯᠡᠭᠴᠢ ᠷᠧ᠊᠂ ᠲᠠᠢᠢ᠊᠂ ᠡᠷᠳᠣᠸᠠᠨ ᠨᠠᠷ ᠭᠠᠷ ᠤᠨ ᠦᠰᠦᠭ ᠵᠢᠷᠤᠯ᠎ᠠ᠃

ᠬᠣᠶᠠᠷ ᠤᠯᠤᠰ 2004 ᠣᠨ ᠠᠴᠠ ᠢᠵᠢ ᠪᠦᠷᠢᠨ ᠲᠦᠩᠰᠢᠯᠡᠯ ᠦᠨ ᠲᠥᠪᠰᠢᠨ ᠳᠥ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠨᠢᠡᠭᠦᠯᠵᠦ ᠢᠷᠡᠭᠰᠡᠨ ᠪᠥᠭᠡᠳ ᠲᠥᠷᠦ ᠢᠢᠨ ᠠᠢᠢᠯᠴᠢᠯᠠᠯ ᠤᠨ ᠦᠶ᠎ᠡ ᠪᠡᠷ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ᠂ ᠰᠲ᠋ᠷᠠᠲ᠋ᠧᠭᠢ ᠢᠢᠨ ᠲᠦᠩᠰᠢᠯᠡᠯ ᠳᠥ ᠬᠦᠷᠭᠡᠯ᠎ᠡ᠃ ᠢᠩ᠋ᠭᠢᠭ᠍ᠰᠡᠨ ᠢᠢᠡᠷ ᠮᠠᠨ ᠤ ᠤᠯᠤᠰ ᠶᠢᠰᠦᠨ ᠤᠯᠤᠰ ᠲᠠᠢ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠯ᠎ᠠ᠃

ᠮᠥᠨ:

• «ᠡᠷᠡᠭᠦᠯ ᠮᠡᠨᠳᠦ᠂ ᠠᠨᠠᠭᠠᠬᠤ ᠢᠢᠨ ᠰᠢᠨᠵᠢᠯᠡᠬᠦ ᠤᠬᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠡᠷᠡᠭᠦᠯ ᠮᠡᠨᠳᠦ ᠢᠢᠨ ᠰᠠᠢᠢᠳ ᠲᠣᠭᠲᠠᠮᠠᠯ ᠤᠨ ᠮᠥᠩᠬᠡᠰᠠᠢᠢᠬᠠᠨ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠡᠷᠡᠭᠦᠯ ᠮᠡᠨᠳᠦ ᠢᠢᠨ ᠰᠠᠢᠢᠳ ᠻᠧᠮᠠᠯ ᠮᠧᠮᠢᠱᠣᠭᠯᠦ᠋ ᠨᠠᠷ ᠭᠠᠷ ᠤᠨ ᠦᠰᠦᠭ ᠵᠢᠷᠤᠯ᠎ᠠ᠃

ᠰᠡᠭᠦᠯ ᠦᠨ ᠵᠢᠯ ᠦᠳ ᠲᠥ ᠬᠣᠶᠠᠷ ᠤᠯᠤᠰ ᠤᠨ ᠬᠣᠭᠤᠷᠤᠨᠳᠤ ᠡᠷᠡᠭᠦᠯ ᠮᠡᠨᠳᠦ ᠢᠢᠨ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠭᠡᠵᠢᠵᠦ᠂ ᠮᠣᠩ᠋ᠭᠤᠯ ᠤᠯᠤᠰ ᠠᠴᠠ ᠲᠤᠰ ᠤᠯᠤᠰ ᠲᠤ ᠡᠮᠴᠢᠯᠡᠭᠡᠨ ᠦ ᠵᠣᠷᠢᠯᠭ᠎ᠠ ᠪᠠᠷ ᠵᠣᠷᠴᠢᠬᠤ ᠢᠷᠭᠡᠳ ᠦᠨ ᠲᠣᠭ᠎ᠠ ᠨᠡᠮᠡᠭᠳᠡᠭᠰᠡᠨ᠃ ᠡᠢᠢᠮᠦ ᠡᠴᠡ ᠡᠷᠡᠭᠦᠯ ᠮᠡᠨᠳᠦ ᠢᠢᠨ ᠪᠠᠢᠢᠭᠤᠯᠤᠯᠭ᠎ᠠ ᠬᠣᠭᠤᠷᠤᠨᠳᠤ ᠢᠢᠨ ᠬᠠᠷᠢᠯᠴᠠᠭ᠎ᠠ ᠢᠢ ᠣᠢᠢᠷᠠᠳᠤᠭᠤᠯᠤᠨ ᠪᠡᠬᠢᠵᠢᠭᠦᠯᠬᠦ᠂ ᠡᠮ᠂ ᠡᠮᠨᠡᠯᠭᠡ ᠢᠢᠨ ᠬᠡᠷᠡᠭᠰᠡᠯ ᠦᠨ ᠬᠠᠩ᠋ᠭᠠᠮᠵᠢ ᠢᠢ ᠨᠡᠮᠡᠭᠳᠡᠭᠦᠯᠬᠦ᠂ ᠡᠪᠡᠳᠴᠢᠨ ᠡᠮᠭᠡᠭ ᠦᠨ ᠬᠠᠮᠲᠤᠷᠠᠭᠰᠠᠨ ᠣᠨᠤᠰᠢᠯᠠᠭ᠎ᠠ ᠬᠢᠵᠦ᠂ ᠠᠨᠠᠭᠠᠬᠤ ᠤᠬᠠᠭᠠᠨ ᠤ ᠳᠡᠪᠰᠢᠯᠲᠡᠲᠦ ᠲ᠋ᠧᠭᠨᠣᠯᠤᠭᠢ ᠳᠤ ᠰᠠᠭᠤᠷᠢᠯᠠᠨ ᠠᠨᠠᠭᠠᠬᠤ ᠴᠢᠭᠯᠡᠯ ᠢᠢᠡᠷ ᠲᠤᠷᠰᠢᠯᠭ᠎ᠠ ᠰᠣᠯᠢᠯᠴᠠᠬᠤ᠂ ᠬᠠᠮᠲᠤᠷᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠴᠢᠭᠯᠡᠯ ᠢᠢᠡᠷ ᠬᠠᠮᠲᠤᠷᠠᠨ᠎ᠠ᠃

• «ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠪᠣᠯᠪᠠᠰᠤᠷᠠᠯ ᠤᠨ ᠰᠠᠢᠢᠳ ᠫᠦᠷᠪᠦᠰᠦ᠋ᠷᠦᠩ ᠦᠨ ᠨᠠᠷᠠᠨᠪᠠᠶᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠦᠨᠳᠦᠰᠦᠨ ᠦ ᠪᠣᠯᠪᠠᠰᠤᠷᠠᠯ ᠤᠨ ᠰᠠᠢᠢᠳ ᠶᠦᠰᠦ᠋ᠹ ᠲᠧᠻᠢᠨ ᠨᠠᠷ ᠭᠠᠷ ᠤᠨ ᠦᠰᠦᠭ ᠵᠢᠷᠤᠪᠠ᠃

ᠬᠣᠶᠠᠷ ᠤᠯᠤᠰ ᠪᠠᠭᠰᠢ᠂ ᠣᠶᠤᠲᠠᠨ ᠰᠣᠯᠢᠯᠴᠠᠬᠤ᠂ ᠪᠣᠯᠪᠠᠰᠤᠷᠠᠯ ᠤᠨ ᠰᠠᠯᠪᠤᠷᠢ ᠢᠢᠨ ᠮᠡᠳᠡᠯᠭᠡ᠂ ᠮᠡᠳᠡᠭᠡᠯᠡᠯ᠂ ᠲᠤᠷᠰᠢᠯᠭ᠎ᠠ ᠬᠤᠪᠢᠶᠠᠯᠴᠠᠬᠤ ᠪᠣᠯᠤᠨ ᠬᠠᠮᠲᠤᠷᠠᠭᠰᠠᠨ ᠲᠥᠰᠦᠯ᠂ ᠰᠤᠳᠤᠯᠭ᠎ᠠ ᠬᠢᠬᠦ᠂ ᠪᠠᠭᠰᠢ ᠨᠠᠷ ᠤᠨ ᠮᠡᠷᠭᠡᠵᠢᠯ ᠢ ᠳᠡᠭᠡᠭ᠍ᠰᠢᠯᠠᠭᠦᠯᠬᠦ ᠵᠡᠷᠭᠡ ᠪᠡᠷ ᠬᠠᠮᠲᠤᠷᠠᠨ ᠠᠵᠢᠯᠯᠠᠨ᠎ᠠ᠃

• «ᠵᠠᠯᠠᠭᠤᠴᠤᠳ᠂ ᠰᠫᠣᠷᠲ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠴᠢᠩᠪᠠᠲᠤ ᠢᠢᠨ ᠨᠣᠮᠢᠨ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠵᠠᠯᠠᠭᠤᠴᠤᠳ᠂ ᠰᠫᠣᠷᠲ ᠤᠨ ᠰᠠᠢᠢᠳ ᠣᠰᠮᠠᠨ ᠠᠱᠻᠢᠨ ᠪᠠᠻ ᠨᠠᠷ ᠭᠠᠷ ᠤᠨ ᠦᠰᠦᠭ ᠵᠢᠷᠤᠯ᠎ᠠ᠃

ᠵᠠᠯᠠᠭᠤᠴᠤᠳ᠂ ᠪᠡᠶ᠎ᠡ ᠢᠢᠨ ᠲᠠᠮᠢᠷ᠂ ᠰᠫᠣᠷᠲ ᠤᠨ ᠪᠠᠢᠢᠭᠤᠯᠤᠯᠭ᠎ᠠ ᠢᠢᠨ ᠬᠠᠷᠢᠯᠴᠠᠭ᠎ᠠ ᠬᠣᠯᠪᠤᠭ᠎ᠠ ᠢᠢ ᠥᠷᠭᠡᠵᠢᠭᠦᠯᠬᠦ᠂ ᠵᠠᠯᠠᠭᠤᠴᠤᠳ᠂ ᠰᠫᠣᠷᠲ ᠤᠨ ᠰᠠᠯᠪᠤᠷᠢ ᠳᠤ ᠬᠠᠮᠲᠤᠷᠠᠬᠤ᠂ ᠵᠠᠯᠠᠭᠤᠴᠤᠳ ᠤᠨ ᠬᠤᠪᠢ ᠬᠦᠮᠦᠨ᠂ ᠨᠡᠢᠢᠭᠡᠮ᠂ ᠰᠣᠶᠤᠯ᠂ ᠤᠷᠠᠯᠢᠭ ᠤᠨ ᠬᠦᠮᠦᠵᠢᠯ ᠦᠨ ᠬᠥᠭ᠍ᠵᠢᠯ ᠢ ᠳᠡᠮᠵᠢᠬᠦ ᠪᠣᠳᠤᠯᠭ᠎ᠠ ᠪᠣᠯᠪᠠᠰᠤᠷᠠᠭᠤᠯᠬᠤ᠂ ᠰᠢᠨᠵᠢᠯᠡᠬᠦ ᠤᠬᠠᠭᠠᠨ᠂ ᠲ᠋ᠧᠭᠨᠣᠯᠤᠭᠢ ᠢᠢᠨ ᠰᠠᠯᠪᠤᠷᠢ ᠪᠣᠯᠤᠨ ᠢᠨ᠋᠊ᠨᠣᠸᠠᠼ ᠤᠨ ᠰᠠᠨᠠᠭᠠᠴᠢᠯᠠᠭ᠎ᠠ ᠨᠤᠭᠤᠳ ᠲᠤ ᠵᠠᠯᠠᠭᠤᠴᠤᠳ ᠤᠨ ᠣᠷᠤᠯᠴᠠᠭ᠎ᠠ ᠢᠢ ᠨᠡᠮᠡᠭᠳᠡᠭᠦᠯᠬᠦ᠂ ᠵᠠᠯᠠᠭᠤᠴᠤᠳ ᠤᠨ ᠬᠥᠳᠡᠯᠮᠦᠷᠢ ᠡᠷᠬᠢᠯᠡᠯᠲᠡ᠂ ᠮᠡᠷᠭᠡᠵᠢᠯ᠂ ᠰᠤᠷᠭᠠᠯᠲᠠ ᠦᠢᠯᠡᠳᠪᠦᠷᠢᠯᠡᠯ ᠦᠨ ᠬᠥᠲᠦᠯᠪᠦᠷᠢ ᠪᠣᠯᠪᠠᠰᠤᠷᠠᠭᠤᠯᠬᠤ ᠵᠡᠷᠭᠡ ᠴᠢᠭᠯᠡᠯ ᠢᠢᠡᠷ ᠠᠵᠢᠯᠯᠠᠨ᠎ᠠ᠃

• «ᠪᠠᠢᠢᠭᠠᠯᠢ ᠣᠷᠴᠢᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠰᠠᠯᠳ᠋ᠠᠨ ᠤ ᠣᠳᠤᠨᠲᠤᠶᠠᠭ᠎ᠠ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠪᠠᠢᠢᠭᠠᠯᠢ ᠣᠷᠴᠢᠨ᠂ ᠬᠣᠲᠠ ᠪᠠᠢᠢᠭᠤᠯᠤᠯᠲᠠ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠮᠦᠷᠠᠲ᠋ ᠻᠦᠷᠦ᠋ᠮ ᠨᠠᠷ ᠭᠠᠷ ᠤᠨ ᠦᠰᠦᠭ ᠵᠢᠷᠤᠪᠠ᠃

ᠪᠠᠢᠢᠭᠠᠯᠢ ᠣᠷᠴᠢᠨ ᠤ ᠮᠧᠨᠧᠵᠮᠧᠨ᠋ᠲ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠡᠪᠡᠷ ᠦᠢᠯᠡᠳᠪᠦᠷᠢᠯᠡᠯ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠪᠣᠯᠤᠨ ᠲᠤᠰᠬᠠᠶ ᠬᠠᠮᠠᠭᠠᠯᠠᠯᠲᠠ ᠲᠠᠢ ᠭᠠᠵᠠᠷ ᠨᠤᠲᠤᠭ᠂ ᠪᠠᠢᠢᠭᠠᠯᠢ ᠣᠷᠴᠢᠨ ᠤ ᠮᠡᠳᠡᠭᠡᠯᠡᠯ ᠦᠨ ᠰᠢᠰᠲ᠋ᠧᠮ᠂ ᠬᠦᠮᠦᠨ ᠦ ᠨᠥᠭᠡᠴᠡ ᠢᠢᠨ ᠴᠢᠳᠠᠪᠬᠢ ᠢᠢ ᠪᠡᠬᠢᠵᠢᠭᠦᠯᠬᠦ ᠵᠡᠷᠭᠡ ᠴᠢᠭᠯᠡᠯ ᠢᠢᠡᠷ ᠬᠠᠮᠲᠤᠷᠠᠨ ᠠᠵᠢᠯᠯᠠᠨ᠎ᠠ᠃

• «ᠣᠢ ᠢᠢᠨ ᠠᠵᠤ ᠠᠬᠤᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠰᠠᠯᠳ᠋ᠠᠨ ᠤᠨ ᠣᠳᠤᠨᠲᠤᠶᠠᠭ᠎ᠠ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠪᠠᠢᠢᠭᠠᠯᠢ ᠣᠷᠴᠢᠨ᠂ ᠬᠣᠲᠠ ᠪᠠᠢᠢᠭᠤᠯᠤᠯᠲᠠ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠮᠦᠷᠠᠲ᠋ ᠻᠦᠷᠦ᠋ᠮ ᠨᠠᠷ ᠭᠠᠷ ᠤᠨ ᠦᠰᠦᠭ ᠵᠢᠷᠤᠯ᠎ᠠ᠃

ᠴᠥᠯᠵᠢᠯᠲᠡ᠂ ᠭᠠᠵᠠᠷ ᠤᠨ ᠳᠣᠷᠤᠢᠢᠲᠠᠯ ᠲᠠᠢ ᠲᠡᠮᠡᠴᠡᠬᠦ᠂ ᠣᠢᠢᠵᠢᠭᠤᠯᠤᠯᠲᠠ᠂ ᠣᠢ ᠢᠢᠨ ᠨᠥᠬᠦᠨ ᠰᠡᠷᠭᠦᠭᠡᠯᠲᠡ᠂ ᠮᠣᠳᠤ ᠲᠠᠷᠢᠬᠤ᠂ ᠮᠣᠳᠤᠨ ᠤ ᠲᠠᠷᠢᠴᠠ᠂ ᠰᠠᠭᠤᠯᠭᠠᠴᠠ ᠦᠷᠡᠵᠢᠭᠦᠯᠬᠦ ᠴᠢᠭᠯᠡᠯ ᠢᠢᠡᠷ ᠬᠠᠮᠲᠤᠷᠠᠨ ᠠᠵᠢᠯᠯᠠᠨ᠎ᠠ᠃ ᠮᠥᠨ ᠬᠥᠨᠦᠭᠡᠯᠲᠦ ᠰᠢᠪᠠᠵᠢ᠂ ᠣᠢ᠂ ᠬᠡᠭᠡᠷ᠎ᠡ ᠢᠢᠨ ᠲᠦᠢᠮᠡᠷ ᠲᠡᠢ ᠲᠡᠮᠡᠴᠡᠵᠦ᠂ ᠱᠠᠭᠠᠷᠳᠠᠯᠭ᠎ᠠ ᠲᠠᠢ ᠮᠠᠲ᠋ᠧᠷᠢᠶᠠᠯ᠂ ᠲᠧᠭᠨᠢᠭ ᠬᠡᠷᠡᠭᠰᠡᠯ ᠢᠢᠡᠷ ᠬᠠᠩ᠋ᠭᠠᠵᠤ᠂ ᠬᠦᠮᠦᠨ ᠦ ᠨᠥᠭᠡᠴᠡ ᠢᠢᠨ ᠴᠢᠳᠠᠪᠬᠢ ᠢᠢ ᠳᠡᠭᠡᠭ᠍ᠰᠢᠯᠠᠭᠦᠯᠦᠨ᠎ᠡ᠃ ᠣᠢ ᠢᠢᠨ ᠲᠦᠢᠮᠡᠷ ᠡᠴᠡ ᠤᠷᠢᠳᠴᠢᠯᠠᠨ ᠰᠡᠷᠭᠡᠢᠢᠯᠡᠬᠦ ᠴᠢᠭᠯᠡᠯ ᠢᠢᠡᠷ ᠰᠢᠨᠵᠢᠯᠡᠬᠦ ᠤᠬᠠᠭᠠᠨ᠂ ᠪᠠᠢᠢᠭᠠᠯᠢ ᠣᠷᠴᠢᠨ ᠤ ᠰᠤᠳᠤᠯᠭᠠᠨ ᠳᠤ ᠲᠤᠯᠭᠠᠭᠤᠷᠢᠯᠠᠵᠤ ᠳᠡᠪᠰᠢᠯᠲᠡᠲᠦ ᠠᠷᠭ᠎ᠠ ᠪᠠᠷᠢᠯ ᠨᠡᠪᠲᠡᠷᠡᠭᠦᠯᠦᠭᠰᠡᠨ ᠪᠦᠭᠦᠳᠡ ᠨᠠᠢᠢᠷᠠᠮᠳᠠᠬᠤ ᠲᠦᠷᠻ ᠤᠯᠤᠰ ᠤᠨ ᠲᠤᠷᠰᠢᠯᠭ᠎ᠠ ᠢᠢ ᠮᠣᠩ᠋ᠭᠤᠯ ᠤᠯᠤᠰ ᠲᠤ ᠨᠡᠪᠲᠡᠷᠡᠭᠦᠯᠬᠦ ᠪᠡᠷ ᠲᠣᠬᠢᠷᠠᠯᠴᠠᠯ᠎ᠠ᠃

• «ᠮᠣᠩ᠋ᠭᠤᠯ ᠤᠯᠤᠰ ᠤᠨ ᠣᠷᠬᠤᠨ ᠤ ᠬᠥᠨᠳᠡᠢ ᠢᠢᠨ ᠪᠠᠢᠢᠭᠠᠯᠢ ᠢᠢᠨ ᠴᠣᠭᠴᠠᠯᠠᠪᠤᠷᠢ ᠳᠤ ᠭᠠᠵᠠᠷ ᠤᠨ ᠬᠠᠮᠠᠭᠠᠯᠠᠯᠲᠠ ᠢᠢᠨ ᠵᠠᠬᠢᠷᠭ᠎ᠠ ᠪᠣᠯᠤᠨ ᠪᠦᠭᠦᠳᠡ ᠨᠠᠢᠢᠷᠠᠮᠳᠠᠬᠤ ᠲᠦᠷᠻ ᠤᠯᠤᠰ ᠤᠨ ᠰᠠᠻᠠᠷᠢᠶ ᠠ ᠮᠧᠢᠢᠳᠠᠨ ᠮᠦᠾᠠᠷᠧᠪᠧᠱᠢ ᠦᠨᠳᠦᠰᠦᠨ ᠦ ᠴᠡᠴᠡᠷᠯᠢᠭ ᠲᠥ ᠬᠦᠷᠢᠢᠡᠯᠡᠩ ᠬᠣᠭᠤᠷᠤᠨᠳᠤ ᠡᠭᠡᠴᠢ ᠳᠡᠭᠦᠦ ᠴᠡᠴᠡᠷᠯᠢᠭ ᠲᠥ ᠬᠦᠷᠢᠢᠡᠯᠡᠩ ᠦᠨ ᠬᠠᠷᠢᠯᠴᠠᠭ᠎ᠠ ᠲᠣᠭᠲᠠᠭᠠᠬᠤ ᠲᠤᠬᠠᠶ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠰᠠᠯᠳ᠋ᠠᠨ ᠤ ᠣᠳᠤᠨᠲᠤᠶᠠᠭ᠎ᠠ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠪᠠᠢᠢᠭᠠᠯᠢ ᠣᠷᠴᠢᠨ᠂ ᠬᠣᠲᠠ ᠪᠠᠢᠢᠭᠤᠯᠤᠯᠲᠠ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠢᠢᠳ ᠮᠦᠷᠠᠲ᠋ ᠻᠦᠷᠦ᠋ᠮ ᠨᠠᠷ ᠭᠠᠷ ᠤᠨ ᠦᠰᠦᠭ ᠵᠢᠷᠤᠯ᠎ᠠ᠃

ᠲᠤᠰᠬᠠᠶ ᠬᠠᠮᠠᠭᠠᠯᠠᠯᠲᠠ ᠲᠠᠢ ᠭᠠᠵᠠᠷ ᠨᠤᠲᠤᠭ ᠤᠨ ᠮᠧᠨᠧᠵᠮᠧᠨ᠋ᠲ᠂ ᠪᠠᠢᠢᠭᠠᠯᠢ ᠢᠢᠨ ᠨᠥᠭᠡᠴᠡ ᠢᠢ ᠬᠠᠮᠠᠭᠠᠯᠠᠬᠤ᠂ ᠡᠻᠣᠯᠣᠭᠢ ᠢᠢᠨ ᠨᠥᠬᠦᠨ ᠰᠡᠷᠭᠦᠭᠡᠯᠲᠡ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠤᠷᠲᠤ ᠬᠤᠭᠤᠴᠠᠭᠠᠨ ᠤ ᠬᠠᠮᠲᠤᠷᠠᠭᠰᠠᠨ ᠰᠤᠳᠤᠯᠭ᠎ᠠ᠂ ᠮᠣᠨᠢᠲ᠋ᠤᠷᠢᠩ ᠬᠢᠬᠦ᠂ ᠡᠻᠣ ᠠᠶᠠᠯᠠᠯ ᠵᠢᠭᠤᠯᠴᠢᠯᠠᠯ᠂ ᠡᠻᠣᠯᠣᠭᠢ ᠢᠢᠨ ᠪᠣᠯᠪᠠᠰᠤᠷᠠᠯ ᠢ ᠳᠡᠮᠵᠢᠬᠦ᠂ ᠪᠠᠢᠢᠭᠠᠯᠢ ᠢᠢᠨ ᠴᠣᠭᠴᠠᠯᠠᠪᠤᠷᠢ ᠳᠤ ᠭᠠᠵᠠᠷ ᠤᠳ ᠤᠨ ᠮᠧᠨᠧᠵᠮᠧᠨ᠋ᠲ᠂ ᠦᠢᠯᠡ ᠠᠵᠢᠯᠯᠠᠭᠠᠨ ᠤ ᠬᠦᠷᠢᠶᠡᠨ ᠳᠥ ᠲᠤᠷᠰᠢᠯᠭ᠎ᠠ ᠬᠤᠪᠢᠶᠠᠯᠴᠠᠬᠤ᠂ ᠴᠢᠳᠠᠪᠬᠢ ᠢᠢ ᠨᠡᠮᠡᠭᠳᠡᠭᠦᠯᠬᠦ ᠴᠢᠭᠯᠡᠯ ᠢᠢᠡᠷ ᠬᠠᠮᠲᠤᠷᠠᠨ ᠠᠵᠢᠯᠯᠠᠨ᠎ᠠ᠃

• «ᠠᠭᠤᠯᠠ ᠠᠭᠤᠷᠬᠠᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠶᠠᠮᠤᠨ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠡᠷᠴᠢᠮ ᠬᠦᠴᠦ᠂ ᠪᠠᠢᠢᠭᠠᠯᠢ ᠢᠢᠨ ᠨᠥᠭᠡᠴᠡ ᠢᠢᠨ ᠶᠠᠮᠤᠨ ᠬᠣᠭᠤᠷᠤᠨᠳᠤ ᠢᠢᠨ ᠡᠷᠡᠮᠡᠯᠵᠡᠯ ᠦᠨ ᠪᠢᠴᠢᠭ᠌» ᠲ᠋ᠥ ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠡᠷᠴᠢᠮ ᠬᠦᠴᠦ᠂ ᠪᠠᠢᠢᠭᠠᠯᠢ ᠢᠢᠨ ᠨᠥᠭᠡᠴᠡ ᠢᠢᠨ ᠰᠠᠢᠢᠳ ᠠᠯᠫᠠᠷᠰᠯᠠᠨ ᠪᠠᠢᠢᠷᠠᠻᠲ᠋ᠠᠷ ᠨᠠᠷ ᠭᠠᠷ ᠤᠨ ᠦᠰᠦᠭ ᠵᠢᠷᠤᠯ᠎ᠠ᠃

ᠲᠠᠯ᠎ᠠ ᠨᠤᠭᠤᠳ ᠨᠡᠭᠦᠷᠡᠰᠦ ᠣᠯᠪᠤᠷᠢᠯᠠᠯᠲᠠ᠂ ᠴᠡᠪᠡᠷ ᠨᠡᠭᠦᠷᠡᠰᠦᠨ ᠦ ᠲ᠋ᠧᠭᠨᠣᠯᠤᠭᠢ᠂ ᠠᠭᠤᠷᠬᠠᠢ ᠢᠢᠨ ᠠᠶᠤᠯ ᠦᠭᠡᠢ ᠠᠵᠢᠯᠯᠠᠭ᠎ᠠ ᠵᠡᠷᠭᠡ ᠴᠢᠭᠯᠡᠯ ᠢᠢᠡᠷ ᠮᠡᠳᠡᠯᠭᠡ᠂ ᠲ᠋ᠧᠭᠨᠣᠯᠤᠭᠢ᠂ ᠲᠤᠷᠰᠢᠯᠭ᠎ᠠ ᠰᠣᠯᠢᠯᠴᠠᠨ᠂ ᠬᠠᠮᠲᠤᠷᠠᠭᠰᠠᠨ ᠲᠥᠰᠦᠯ᠂ ᠰᠠᠯᠪᠤᠷᠢ ᠢᠢᠨ ᠴᠢᠳᠠᠪᠬᠢ ᠢᠢ ᠪᠡᠬᠢᠵᠢᠭᠦᠯᠦᠨ᠎ᠡ᠃

• «ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠵᠠᠮ᠂ ᠲᠡᠭᠡᠭᠡᠪᠦᠷᠢ ᠢᠢᠨ ᠶᠠᠮᠤᠨ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠲᠡᠭᠡᠭᠡᠪᠦᠷᠢ᠂ ᠳᠡᠳ᠋ ᠪᠦᠲᠦᠴᠡ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠵᠠᠮ᠂ ᠲᠡᠭᠡᠭᠡᠪᠦᠷᠢ ᠢᠢᠨ ᠰᠠᠢᠢᠳ ᠪᠣᠷᠤᠬᠦ᠋ᠦ ᠢᠢᠨ ᠳᠡᠯᠬᠡᠷᠰᠠᠢᠢᠬᠠᠨ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠲᠡᠭᠡᠭᠡᠪᠦᠷᠢ᠂ ᠳᠡᠳ᠋ ᠪᠦᠲᠦᠴᠡ ᠢᠢᠨ ᠰᠠᠢᠢᠳ ᠠᠪᠳᠦ᠋ᠯᠾᠠᠳᠢᠷ ᠦᠷᠠᠯᠣᠭᠯᠦ᠋ ᠨᠠᠷ ᠭᠠᠷ ᠤᠨ ᠦᠰᠦᠭ ᠵᠢᠷᠤᠯ᠎ᠠ᠃

ᠲᠡᠮᠦᠷ ᠵᠠᠮ ᠤᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠧᠦ᠋ᠷᠣᠫᠠ ᠢᠢᠨ ᠣᠷᠤᠨ ᠨᠤᠭᠤᠳ ᠠᠴᠠ ᠪᠦᠭᠦᠳᠡ ᠨᠠᠢᠢᠷᠠᠮᠳᠠᠬᠤ ᠲᠦᠷᠻ ᠤᠯᠤᠰ ᠢᠢᠠᠷ ᠳᠠᠮᠵᠢᠨ ᠮᠣᠩ᠋ᠭᠤᠯ ᠤᠯᠤᠰ ᠤᠷᠤᠭᠤ ᠪᠣᠯᠤᠨ ᠡᠰᠡᠷᠭᠦ ᠴᠢᠭᠯᠡᠯ ᠳᠥ ᠲᠡᠮᠦᠷ ᠵᠠᠮ ᠤᠨ ᠠᠴᠢᠢ᠎ᠠ ᠲᠡᠭᠡᠭᠡᠪᠦᠷᠢ ᠢᠢᠨ ᠰᠢᠨ᠎ᠡ ᠤᠷᠤᠰᠬᠠᠯ ᠨᠡᠭᠡᠭᠡᠬᠦ ᠪᠣᠯᠤᠮᠵᠢ ᠢᠢ ᠰᠤᠳᠤᠯᠤᠨ᠎ᠠ᠃ ᠮᠥᠨ ᠮᠣᠩ᠋ᠭᠤᠯ ᠤᠯᠤᠰ ᠤᠨ ᠲᠡᠮᠦᠷ ᠵᠠᠮ ᠤᠨ ᠲᠡᠭᠡᠭᠡᠪᠦᠷᠢ ᠢᠢᠨ ᠰᠠᠯᠪᠤᠷᠢ ᠳᠤ ᠬᠡᠷᠡᠭᠵᠢᠵᠦ ᠪᠤᠢ ᠪᠣᠯᠤᠨ ᠬᠡᠷᠡᠭᠵᠢᠬᠦ ᠪᠦᠲᠦᠭᠡᠨ ᠪᠠᠢᠢᠭᠤᠯᠤᠯᠲᠠ ᠢᠢᠨ ᠲᠥᠰᠦᠯ ᠳᠥ ᠬᠠᠮᠲᠤᠷᠠᠬᠤ᠂ ᠲᠡᠮᠦᠷ ᠵᠠᠮ ᠤᠨ ᠣᠯᠠᠨ ᠤᠯᠤᠰ ᠤᠨ ᠻᠣᠷᠢᠳᠣᠷ ᠤᠳ ᠢ ᠬᠥᠭ᠍ᠵᠢᠭᠦᠯᠬᠦ ᠳᠥ ᠲᠤᠷᠰᠢᠯᠭ᠎ᠠ᠂ ᠮᠡᠳᠡᠭᠡᠯᠡᠯ ᠰᠣᠯᠢᠯᠴᠠᠬᠤ ᠪᠣᠯᠤᠮᠵᠢ ᠪᠦᠷᠢᠳᠦᠨ᠎ᠡ᠃

• «ᠥᠷᠢᠰᠦᠯᠳᠦᠭᠡᠨ ᠦ ᠪᠣᠳᠤᠯᠭ᠎ᠠ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠮᠣᠨᠤᠹᠣᠯᠢ ᠢᠢᠨ ᠡᠰᠡᠷᠭᠦ ᠭᠠᠵᠠᠷ ᠪᠣᠯᠤᠨ ᠪᠦᠭᠦᠳᠡ ᠨᠠᠢᠢᠷᠠᠮᠳᠠᠬᠤ ᠲᠦᠷᠻ ᠤᠯᠤᠰ ᠤᠨ ᠥᠷᠢᠰᠦᠯᠳᠦᠭᠡᠨ ᠦ ᠪᠠᠢᠢᠭᠤᠯᠤᠯᠭ᠎ᠠ ᠬᠣᠭᠤᠷᠤᠨᠳᠤ ᠢᠢᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠲᠦᠷᠻ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠣᠮᠪᠤᠰᠦ᠋ᠷᠦᠩ ᠦᠨ ᠮᠥᠩᠬᠡᠪᠠᠶᠠᠷ᠂ ᠪᠦᠭᠦᠳᠡ ᠨᠠᠢᠢᠷᠠᠮᠳᠠᠬᠤ ᠲᠦᠷᠻ ᠤᠯᠤᠰ ᠤᠨ ᠥᠷᠢᠰᠦᠯᠳᠦᠭᠡᠨ ᠦ ᠪᠠᠢᠢᠭᠤᠯᠤᠯᠭ᠎ᠠ ᠢᠢᠨ ᠶᠡᠷᠦᠩᠬᠡᠢᠢᠯᠡᠭᠴᠢ ᠪᠢᠷᠣᠯ ᠻᠦᠯᠧ ᠨᠠᠷ ᠭᠠᠷ ᠤᠨ ᠦᠰᠦᠭ ᠵᠢᠷᠤᠯ᠎ᠠ᠃

ᠥᠷᠢᠰᠦᠯᠳᠦᠭᠡᠨ ᠦ ᠴᠢᠭᠯᠡᠯ ᠢᠢᠡᠷ ᠬᠢ ᠬᠠᠤᠯᠢ ᠲᠣᠭᠲᠠᠭᠠᠮᠵᠢ ᠢᠢᠨ ᠬᠦᠷᠢᠶᠡᠨ ᠳᠥ ᠲᠤᠷᠰᠢᠯᠭ᠎ᠠ᠂ ᠮᠡᠳᠡᠭᠡᠯᠡᠯ ᠰᠣᠯᠢᠯᠴᠠᠵᠤ᠂ ᠠᠯᠪᠠᠨ ᠬᠠᠭᠠᠭᠴᠢᠳ ᠢ ᠴᠢᠳᠠᠪᠬᠢᠵᠢᠭᠤᠯᠤᠨ᠂ ᠬᠠᠷᠢᠯᠴᠠᠨ ᠮᠡᠷᠭᠡᠵᠢᠯᠲᠡᠨ ᠰᠣᠯᠢᠯᠴᠠᠨ᠎ᠠ᠃

• «ᠮᠣᠩ᠋ᠭᠤᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠪᠣᠯᠤᠨ ᠲᠦᠷᠻ ᠤᠨ ᠷᠠᠳᠢᠣ᠋᠂ ᠲᠧᠯᠧᠸᠢᠽ ᠦᠨ ᠻᠣᠷᠫᠤᠷᠠᠼᠢ ᠬᠣᠭᠤᠷᠤᠨᠳᠤ ᠢᠢᠨ ᠷᠠᠳᠢᠣ᠋᠂ ᠲᠧᠯᠧᠸᠢᠽ ᠦᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠲᠤᠬᠠᠶ ᠫᠷᠣᠲ᠋ᠤᠻᠤᠯ» ᠳ᠋ᠤ ᠮᠣᠩ᠋ᠭᠤᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠦᠨ ᠶᠡᠷᠦᠩᠬᠡᠶ ᠵᠠᠬᠢᠷᠤᠯ ᠭᠠᠩᠬᠤᠶᠠᠭ ᠤᠨ ᠭᠡᠷᠡᠯ᠂ ᠲᠦᠷᠻ ᠤᠨ ᠷᠠᠳᠢᠣ᠋᠂ ᠲᠧᠯᠧᠸᠢᠽ ᠦᠨ ᠻᠣᠷᠫᠤᠷᠠᠼᠢ ᠢᠢᠨ ᠵᠠᠬᠢᠷᠤᠯ ᠮᠸᠾᠮᠸᠳ᠋ ᠽᠠᠾᠢᠳ᠋ ᠰᠣᠪᠠᠼᠢ ᠨᠠᠷ ᠭᠠᠷ ᠤᠨ ᠦᠰᠦᠭ ᠵᠢᠷᠤᠯ᠎ᠠ᠃

ᠲᠠᠯ᠎ᠠ ᠨᠤᠭᠤᠳ ᠬᠠᠷᠢᠯᠴᠠᠨ ᠨᠡᠪᠲᠡᠷᠡᠭᠦᠯᠭᠡ᠂ ᠰᠠᠢᠢᠨ ᠲᠤᠷᠰᠢᠯᠭ᠎ᠠ ᠰᠣᠯᠢᠯᠴᠠᠬᠤ᠂ ᠤᠷᠠᠨ ᠪᠦᠲᠦᠭᠡᠯ ᠬᠠᠮᠲᠤᠷᠠᠨ ᠲᠤᠭᠤᠷᠪᠢᠬᠤ᠂ ᠬᠣᠶᠠᠷ ᠤᠯᠤᠰ ᠤᠨ ᠲᠠᠯᠠᠭᠠᠷᠬᠢ ᠮᠡᠳᠡᠯᠭᠡ ᠢᠢ ᠨᠡᠮᠡᠭᠳᠡᠭᠦᠯᠵᠦ᠂ ᠰᠣᠶᠣᠨ ᠭᠡᠭᠡᠷᠡᠭᠦᠯᠬᠦ ᠴᠢᠭᠯᠡᠯ ᠢᠢᠡᠷ ᠬᠠᠮᠲᠤᠷᠠᠨ ᠠᠵᠢᠯᠯᠠᠨ᠎ᠠ᠃ ᠮᠥᠨ ᠤᠯᠤᠰ ᠣᠷᠤᠨ ᠤ ᠲᠡᠦᠬᠡᠨ ᠦᠢᠯᠡ ᠶᠠᠪᠤᠳᠠᠯ ᠤᠨ ᠪᠠᠷᠢᠮᠲᠠ᠂ ᠠᠷᠬᠢᠧ ᠢᠢ ᠰᠡᠷᠭᠦᠭᠡᠵᠦ᠂ ᠣᠯᠠᠨ ᠨᠡᠢᠢᠲᠡ ᠢᠢᠨ ᠬᠦᠷᠲᠡᠭᠡᠯ ᠪᠣᠯᠭᠠᠨ᠎ᠠ᠃